ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 60 ᠳ᠋ᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠠᠮᠠᠷᠠᠯᠲᠠ ᠶᠢᠨ ᠡᠳᠦᠷ ᠤᠨ ᠲᠠᠶᠢᠯᠤᠮᠵᠢ ᠡᠷᠬᠢᠯᠡᠵᠠᠢ
ᠨᠡᠶᠢᠲᠡᠯᠡᠭᠰᠡᠨ ᠴᠠᠭ᠄
2015/9/14
     9 ᠳ᠋ᠣᠭᠡᠷ ᠰᠠᠷ᠎ᠠ ᠶᠢᠨ 12᠎ ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ 60 ᠳ᠋ᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠠᠮᠠᠷᠠᠯᠲᠠ ᠶᠢᠨ ᠡᠳᠦᠷ ᠤᠨ ᠲᠠᠶᠢᠯᠤᠮᠵᠢ ᠡᠷᠬᠢᠯᠡᠪᠡ᠃ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠰᠤᠳᠤᠯᠬᠤ ᠭᠠᠵᠠᠷ ᠤᠨ ᠬᠦᠭᠵᠢᠯᠲᠡ ᠶᠢ ᠰᠤᠳᠤᠯᠬᠤ ᠬᠡᠯᠳᠡᠰ ᠤᠨ ᠡᠷᠬᠢᠯᠡᠭᠴᠢ ᠰᠢᠨ ᠰᠢᠶᠠᠩ ᠶᠠᠩ ᠫᠷᠦᠹᠧᠰᠰᠤᠷ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭᠠᠨ ᠤ ᠠᠭᠤᠯᠬᠤᠨ  ᠢ ᠬᠡᠷᠬᠢᠨ ᠭᠦᠨᠵᠡᠭᠡᠢ ᠤᠢᠢᠯᠠᠭᠠᠬᠤ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠵᠠᠢ᠃      ᠲᠡᠷᠡ ᠮᠠᠨ ᠤ ᠤᠷᠤᠨ  ᠤ ᠲᠦᠮᠡᠨ ᠺᠠᠳ᠋ᠷ ᠦᠨᠳᠦᠰᠦᠨ ᠱᠠᠲᠤᠨ ᠳᠤ ᠪᠠᠭᠤᠵᠤ ᠲᠤᠰᠬᠤᠨ ᠳᠤ ᠰᠠᠭᠤᠬᠤ᠂ ︽ᠲᠦᠷᠪᠡᠨ ᠪᠦᠬᠦ ᠲᠠᠯ᠎ᠠ︾᠎ ᠶᠢ ᠠᠬᠢᠭᠤᠯᠵᠤ ᠭᠤᠤᠯᠳᠠᠯᠭ᠎ᠠ ᠲᠠᠢ ᠠᠵᠢᠯ ᠢ ᠴᠢᠩᠭᠠᠳᠬᠠᠠ ᠨᠠᠶᠢᠳᠠᠪᠤᠷᠢᠵᠢᠭᠤᠯᠵᠤ ᠪᠠᠶᠢᠬᠤ ᠵᠡᠷᠬᠡ ᠶᠡᠭᠡ ᠲᠠᠯ᠎ᠠ ᠶᠢᠨ ᠪᠠᠶᠢᠳᠠᠯ ᠠᠴᠠ ᠭᠠᠷᠳᠠᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠲᠠ ᠶᠢᠨ ᠲᠤᠲᠤᠭᠠᠳᠤ ᠯᠤᠭᠢᠭ᠂ ᠬᠠᠨᠳᠤᠰᠢ ᠴᠢᠭᠯᠡᠯ᠂ ᠠᠷᠭ᠎ᠠ ᠶᠢᠨ ᠤᠨᠤᠯ  ᠤᠨ ᠠᠴᠢ ᠬᠤᠯᠪᠤᠭᠳᠠᠯ ᠶᠢᠨ ᠲᠠᠯ᠎ᠠ ᠪᠠᠷ ᠨᠠᠷᠢᠠ ᠤᠨᠤᠪᠴᠢᠲᠠᠢ ᠲᠠᠶᠢᠯᠪᠤᠷᠢᠯᠠᠨ ᠦᠭᠦᠯᠡᠵᠡᠢ᠃      ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ᠂ ᠬᠡᠰᠡᠭ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠶᠢᠨ ᠲᠢᠩᠬᠢᠮ ᠤᠨ ᠲᠡᠰ ᠤᠨ ᠪᠠ ᠭᠠᠵᠠᠷ ᠤᠨ ᠲᠡᠰ ᠤᠨ ᠺᠠᠳ᠋ᠷᠴᠤᠳ ᠵᠢᠴᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ 29 ᠳ᠋ᠤᠭᠡᠷ ᠬᠤᠭᠤᠴᠠᠭᠠᠨ ᠤ ᠵᠠᠯᠠᠭᠤ ᠢᠳᠡᠷ ᠺᠠᠳ᠋ᠷᠴᠤᠳ  ᠤᠨ ᠪᠤᠯᠪᠠᠰᠤᠷᠠᠯ ᠤᠨ ᠠᠩᠭᠢ ᠶᠢᠨ ᠪᠦᠬᠦ ᠭᠡᠰᠢᠭᠦᠳ ᠳᠠᠶᠢᠯᠤᠮᠵᠢ ᠶᠢ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号