2015 ᠣᠨ ᠤ ᠳᠤᠮᠳᠠᠳᠤ ᠤᠯᠤᠰ· ᠪᠡᠳᠭᠡᠷ ᠵᠣᠣ ᠶᠢᠨ ᠰᠤᠶᠤᠯ ᠤᠨ ᠲᠡᠷᠢᠭᠦᠨᠴᠦᠳ ᠤᠨ ᠶᠠᠷᠢᠶᠠᠨ ᠤ ᠲᠠᠪᠴᠠᠩ ᠪᠣᠭᠤᠲᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2015/9/14
     2015 ᠣᠨ ᠤ ᠳᠤᠮᠳᠠᠳᠤ ᠤᠯᠤᠰ· ᠪᠡᠳᠭᠡᠷ ᠵᠣᠣ ᠶᠢᠨ ᠰᠤᠶᠤᠯ ᠤᠨ ᠲᠡᠷᠢᠭᠦᠨᠴᠦᠳ ᠤᠨ ᠶᠠᠷᠢᠶᠠᠨ ᠤ ᠲᠠᠪᠴᠠᠩ 12᠎ ᠤ ᠡᠳᠦᠷ ᠪᠣᠭᠤᠳᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠲᠤ ᠡᠬᠢᠯᠡᠪᠡ᠃ ᠬᠤᠶᠠᠷ ᠡᠳᠦᠷ ᠤᠨ ᠬᠤᠭᠤᠴᠠᠭ᠎ᠠ ᠲᠠᠢ ᠶᠠᠷᠢᠶᠠᠨ ᠤ ᠲᠠᠪᠴᠠᠩ ᠤᠨ ᠬᠤᠭᠤᠴᠠᠭᠠᠨ ᠳᠤ᠂  ᠤᠯᠤᠰ ᠤᠨ ᠲᠤᠳᠤᠭᠠᠳᠤ ᠶᠢᠨ ᠰᠤᠶᠣᠯ ᠤᠨ ᠵᠢᠭᠤᠯᠴᠢᠯᠠᠯ ᠤᠨ ᠠᠵᠢᠯ ᠲᠥᠷᠥᠯ ᠤᠨ 60 ᠭᠠᠷᠤᠢ ᠲᠤᠰᠬᠠᠢ ᠮᠡᠷᠭᠡᠵᠢᠯᠲᠡᠳ᠂ ᠰᠤᠳᠤᠯᠭᠠᠴᠢᠳ᠂ ᠤᠯᠤᠰ ᠤᠨ ᠲᠤᠳᠤᠭᠠᠳᠤ ᠶᠢᠨ ᠨᠡᠷ᠎ᠡ ᠠᠯᠳᠠᠷᠲᠤ 24 ᠵᠢᠭᠤᠯᠴᠢᠯᠠᠯ ᠤᠨ ᠦᠵᠡᠮᠵᠢᠲᠦ ᠲᠣᠭᠤᠷᠢᠭ ᠤᠨ ᠬᠠᠷᠢᠭᠤᠴᠠᠯᠭᠠᠲᠠᠳ ᠵᠢᠴᠢ ᠠᠯᠢ ᠣᠯᠠᠨ ᠵᠢᠭᠤᠯᠴᠢᠯᠠᠯ ᠤᠨ ᠠᠵᠤ ᠠᠬᠤᠶᠢᠯᠠᠯ ᠤᠨ ᠲᠦᠯᠦᠭᠡᠯᠡᠭᠴᠢᠳ ᠴᠤᠭᠯᠠᠷᠠᠨ᠂ ᠪᠡᠳᠭᠡᠷ ᠵᠣᠣ ᠶᠢᠨ ᠰᠤᠶᠤᠯ ᠵᠢᠭᠤᠯᠴᠢᠯᠠᠯ ᠢ ᠤᠶᠠᠯᠳᠤᠭᠤᠯᠤᠨ ᠬᠥᠭᠵᠢᠬᠦ᠂ ᠰᠢᠭᠤᠶᠢᠲᠤ ᠲᠣᠭᠤᠷᠢᠭ ᠤᠨ ᠠᠵᠤ ᠦᠢᠯᠡᠰ ᠤᠨ ᠠᠵᠤ ᠠᠬᠤᠢ ᠶᠢᠨ ᠨᠡᠶᠢᠭᠡᠮ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠳᠤ ᠠᠷᠭ᠎ᠠ ᠤᠬᠠᠭᠠᠨ ᠡᠷᠭᠦᠪᠡ᠃
     ᠲᠤᠰ ᠤᠳᠠᠭᠠᠨ ᠤ ᠶᠠᠷᠢᠶᠠᠨ ᠤ ᠲᠠᠪᠴᠠᠩ ᠨᠢ ︽ᠨᠢᠭᠡ ᠪᠦᠰᠡ ᠨᠢᠭᠡ ᠵᠠᠮ︾᠎ ᠤᠨ ᠣᠷᠴᠢᠨ ᠪᠠᠶᠢᠳᠠᠯ ᠳᠠᠬᠢ ᠪᠡᠳᠭᠡᠷ ᠵᠣᠣ ᠶᠢᠨ ᠰᠤᠶᠤᠯ ᠤᠨ ᠬᠦᠴᠦᠨ ᠴᠢᠳᠠᠯ ᠢ ᠲᠠᠶᠢᠯᠪᠤᠷᠢᠯᠠᠬᠤ ᠪᠠᠷ ᠭᠤᠤᠯ ᠰᠡᠳᠦᠪ ᠢᠶᠠᠨ᠂ ᠭᠤᠣᠯ ᠰᠡᠳᠦᠪᠲᠦ ᠶᠠᠷᠢᠶ᠎ᠠ ᠢᠯᠡᠳᠬᠡᠯ ᠬᠢᠭᠡᠳ ᠶᠡᠷᠦᠳᠡ ᠶᠢᠨ ᠶᠠᠷᠢᠶᠠᠨ ᠤ ᠲᠠᠪᠴᠠᠩ ᠭᠡᠵᠦ ᠬᠤᠶᠠᠷ ᠬᠤᠪᠢᠶᠠᠨ᠂ ᠪᠡᠳᠭᠡᠷ ᠵᠣᠣ ᠶᠢᠨ ᠵᠢᠭᠤᠯᠴᠢᠯᠠᠯ ᠤᠨ ᠬᠥᠭᠵᠢᠯᠲᠡ ᠶᠢᠨ ᠲᠡᠦᠭᠡ᠂ ᠲᠡᠦᠭᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ᠂ 5A ᠳᠡᠰ ᠤᠨ ᠪᠤᠷᠬᠠᠨ ᠱᠠᠰᠢᠨ ᠤ ᠦᠵᠡᠮᠵᠢ ᠶᠢᠨ ᠣᠷᠣᠨ ᠢ ᠨᠡᠭᠡᠭᠡᠨ ᠬᠦᠭᠵᠢᠭᠦᠯᠬᠦ ᠪᠦᠲᠦᠭᠡᠨ ᠪᠠᠶᠢᠭᠤᠯᠤᠯᠲᠠ᠂ ᠰᠤᠶᠤᠯ ᠤᠨ ᠠᠵᠤ ᠦᠢᠯᠡᠰ ᠤᠨ ᠰᠤᠳᠤᠯᠤᠯ᠂  ᠤᠬᠠᠭᠠᠯᠠᠯ᠂ ᠤᠬᠠᠭᠤᠯᠭ᠎ᠠ᠂ ᠡᠵᠡᠩᠨᠡᠨ ᠪᠤᠷᠤᠯᠠᠭᠤᠯᠬᠤ ᠰᠤᠳᠤᠯᠤᠯ ᠵᠡᠷᠭᠡ ᠣᠯᠠᠨ ᠶᠠᠷᠢᠯᠴᠠᠭᠠᠨ ᠤ ᠰᠡᠳᠦᠪ ᠢᠶᠠᠷ ᠡᠷᠳᠡᠮ ᠰᠢᠨᠵᠢᠯᠡᠭᠡᠨ ᠤ ᠰᠤᠯᠢᠯᠴᠠᠭ᠎ᠠ ᠦᠷᠨᠢᠭᠦᠯᠪᠡ᠃ ᠶᠠᠷᠢᠶᠠᠨ ᠤ ᠲᠠᠪᠴᠠᠩ ᠨᠢ ᠡᠷᠳᠡᠮ ᠰᠢᠨᠵᠢᠯᠡᠭᠡᠨ ᠤ ᠰᠤᠳᠤᠯᠤᠯ ᠤᠨ ᠲᠠᠯ᠎ᠠ᠂ ᠲᠡᠷᠡᠴᠢᠯᠡᠨ ᠰᠤᠶᠣᠯ ᠢ ᠤᠯᠠᠮᠵᠢᠯᠠᠨ ᠳᠡᠯᠭᠡᠷᠡᠭᠦᠯᠬᠦ ᠶᠢ ᠡᠷᠢᠯᠬᠢᠯᠡᠬᠦ ᠦᠢᠯᠡᠳᠦᠯᠭᠡ ᠶᠢᠨ ᠲᠠᠯ᠎ᠠ ᠠᠴᠠ ᠪᠡᠳᠭᠡᠷ ᠵᠣᠣ ᠶᠢᠨ ᠰᠤᠶᠤᠯ ᠤᠨ ᠵᠢᠭᠤᠯᠴᠢᠯᠠᠯ ᠤᠨ ᠠᠭᠤᠯᠤᠭᠳᠠᠬᠤᠨ ᠢ ᠠᠭᠤᠳᠠᠯᠵᠤ᠂ ᠪᠡᠳᠬᠡᠷ ᠵᠣᠣ ᠶᠢᠨ ᠮᠠᠨᠢ ᠶᠢᠨ ᠨᠠᠮᠠᠨᠴᠢᠯᠠᠯ᠂ ᠪᠦᠬᠦ ᠤᠯᠤᠰ ᠤᠨ ᠭᠡᠷᠡᠯ ᠵᠢᠷᠤᠭ ᠤᠨ ᠤᠷᠤᠯᠳᠤᠭᠠᠨ᠂ ᠤᠷᠠᠨ ᠰᠠᠶᠢᠬᠠᠨ ᠤ ᠲᠣᠭᠯᠠᠯᠲᠠ᠂ ᠭᠡᠷ᠎ᠡ ᠲᠣᠭᠲᠠᠨ ᠫᠠᠶᠢᠰᠠ ᠡᠯᠭᠦᠬᠦ ᠵᠡᠷᠭᠡ ᠡᠯ᠎ᠡ ᠵᠦᠢᠯ ᠤᠨ ᠰᠤᠶᠤᠯ ᠤᠨ ᠵᠢᠭᠤᠯᠴᠢᠯᠠᠯ ᠤᠨ ᠠᠵᠢᠯᠯᠠᠭ᠎ᠠ ᠶᠢ ᠲᠥᠪᠯᠡᠷᠡᠭᠦᠯᠦᠨ ᠡᠷᠬᠢᠯᠡᠵᠦ᠂ ᠪᠡᠳᠬᠡᠷ ᠵᠣᠣ ᠶᠢᠨ ᠲᠡᠦᠭᠡ ᠰᠣᠶᠣᠯ ᠵᠢᠭᠤᠯᠴᠢᠯᠠᠯ ᠤᠨ ᠣᠨᠴᠠᠯᠢᠭ ᠢ ᠲᠥᠪᠯᠡᠷᠡᠭᠦᠯᠦᠨ ᠳᠡᠯᠭᠡᠨ ᠦᠵᠡᠭᠦᠯᠪᠡ᠃      ᠡᠬᠢᠯᠡᠯᠲᠡ ᠶᠢᠨ ᠶᠤᠰᠤᠯᠠᠯ ᠳᠤ ᠪᠠᠰᠠ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠵᠢᠭᠤᠯᠴᠢᠯᠠᠯ ᠤᠨ ᠬᠤᠯᠪᠣᠭ᠎ᠠ ᠶᠢᠨ ︽ᠳᠤᠮᠳᠠᠳᠤ ᠤᠯᠤᠰ· ᠪᠡᠳᠭᠡᠷ ᠵᠣᠣ ᠶᠢᠨ ᠪᠢᠰᠢᠯᠭᠠᠯ ᠵᠢᠭᠤᠯᠴᠢᠯᠠᠯ ᠤᠨ ᠵᠣᠷᠢᠯᠭᠠᠲᠤ ᠭᠠᠵᠠᠷ︾᠎ ᠤᠨ ᠫᠠᠶᠢᠰᠠ ᠣᠯᠭᠤᠬᠤ ᠶᠤᠰᠤᠯᠠᠯ︔ ᠤᠯᠤᠰ ᠤᠨ ᠰᠤᠶᠤᠯ ᠤᠨ ᠠᠵᠤ ᠦᠢᠯᠡᠰ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠤᠯ ᠤᠨ ᠬᠦᠷᠢᠶᠡᠯᠡᠩ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠵᠢᠭᠤᠯᠴᠢᠯᠠᠯ ᠤᠨ ᠬᠤᠯᠪᠣᠭ᠎ᠠ᠂ ᠳᠤᠮᠳᠠᠳᠤ ᠤᠯᠤᠰ ᠤᠨ ᠬᠤᠷᠰᠢᠯᠴᠠᠭ᠎ᠠ ᠶᠢᠨ ᠠᠵᠤ ᠠᠬᠤᠢ ᠶᠢᠨ ᠨᠡᠶᠢᠭᠡᠮᠯᠢᠭ ᠤᠨ ᠵᠢᠭᠤᠯᠴᠢᠯᠠᠯ ᠤᠨ ᠬᠤᠷᠰᠢᠯᠴᠠᠭ᠎ᠠ ᠶᠢᠨ ᠲᠤᠰᠬᠠᠢ ᠮᠡᠷᠭᠡᠵᠢᠯ ᠤᠨ ᠺᠣᠮᠢᠰ ᠪᠣᠯᠣᠨ ᠪᠣᠭᠤᠳᠤ ᠬᠤᠲᠠ ᠶᠢᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠲᠤᠪᠡᠷ ᠪᠠᠶᠢᠭᠤᠯᠤᠭᠰᠠᠨ ︽ᠪᠤᠷᠬᠠᠨ ᠱᠠᠰᠢᠨ ᠤ ᠦᠵᠡᠮᠵᠢᠲᠦ ᠣᠷᠣᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠬᠢᠭᠡᠳ ᠬᠡᠷᠡᠭᠯᠡᠭᠡ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠲᠥᠪ︾᠎ ᠤᠨ ᠫᠠᠶᠢᠰᠠ ᠡᠯᠭᠦᠬᠦ ᠶᠤᠰᠤᠯᠠᠯ︔ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ᠂ ᠳᠤᠮᠳᠠ ᠮᠡᠷᠭᠡᠵᠢᠯ ᠤᠨ ᠰᠤᠷᠭᠠᠭᠤᠯᠢ  ᠨᠤᠭᠤᠳ ᠪᠣᠭᠤᠳᠤ ᠬᠤᠲᠠ ᠶᠢᠨ ᠪᠡᠳᠬᠡᠷ ᠵᠣᠣ ᠶᠢᠨ ᠦᠵᠡᠮᠵᠢᠲᠦ ᠣᠷᠣᠨ ᠤ ᠬᠠᠮᠢᠶᠠᠷᠤᠯᠲᠠ ᠶᠢᠨ ᠵᠥᠪᠯᠡᠯ ᠯᠦᠭᠡ ︽ᠥᠪᠥᠷ ᠮᠣᠩᠭᠤᠯ ᠤᠨ ᠪᠡᠳᠬᠡᠷ ᠵᠣᠣ ᠶᠢᠨ ᠰᠤᠶᠤᠯ ᠵᠢᠭᠤᠯᠴᠢᠯᠠᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ︾ ᠪᠠᠶᠢᠭᠤᠯᠬᠤ ᠵᠥᠪᠯᠡᠯᠴᠡᠭᠡᠷ ᠲᠣᠭᠲᠠᠪᠠ︔ ᠳᠤᠮᠳᠠᠳᠤ ᠤᠯᠤᠰ ᠤᠨ ᠭᠤᠸᠠᠨ ᠸᠠᠩ ᠠᠴᠠ ᠪᠡᠯᠡ ᠣᠷᠣᠭᠤᠯᠤᠭᠰᠠᠨ ᠺᠢᠨᠤ᠋ ᠦᠯᠢᠭᠡᠷᠲᠦ ᠺᠢᠨᠤ᠋ ︽ᠪᠤᠷᠬᠠᠨ ᠤ ᠱᠠᠪᠢ ᠶᠢᠨ ᠳᠣᠮᠤᠭ︾᠎ ᠤᠨ ᠭᠡᠷ᠎ᠡ ᠲᠣᠭᠲᠠᠬᠤ ᠶᠣᠰᠤᠯᠠᠯ ᠶᠠᠪᠤᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号