ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠤᠶᠤᠨ ᠤ ᠬᠦᠮᠦᠷᠭᠡ ᠶᠢᠨ ᠬᠠᠮᠳᠤᠷᠠᠯᠴᠠᠭᠠᠨ ᠤ ᠬᠤᠯᠪᠤᠭ᠎ᠠ ᠪᠠᠶᠢᠭᠤᠯᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2015/9/15
     9 ᠳ᠋ᠤᠭᠡᠷ ᠰᠠᠷ᠎ᠠ ᠶᠢᠨ 14᠎ ᠤ ᠦᠳᠡ ᠶᠢᠨ ᠬᠤᠶᠢᠨᠠᠬᠢ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠭᠰᠠᠨ ᠢᠶᠠᠷ᠂ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠤᠶᠤᠨ ᠤ ᠬᠦᠮᠦᠷᠭᠡ ᠶᠢᠨ ᠬᠠᠮᠳᠤᠷᠠᠯᠴᠠᠭᠠᠨ ᠤ ᠬᠤᠯᠪᠤᠭ᠎ᠠ ᠪᠠᠶᠢᠭᠤᠯᠤᠭᠳᠠᠬᠤ ᠶᠤᠰᠤᠯᠠᠯ ᠵᠢᠴᠢ ᠠᠩᠬᠠᠳᠤᠭᠠᠷ ᠬᠤᠭᠤᠴᠠᠭᠠᠨ ᠤ ᠭᠤᠷᠪᠠᠨ ᠲᠠᠯ᠎ᠠ ᠶᠢᠨ ᠤᠶᠤᠨ ᠤ ᠬᠦᠮᠦᠷᠭᠡ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ 9 ᠰᠠᠷ᠎ᠠ ᠶᠢᠨ 17 — 20᠎ ᠤ ᠡᠳᠦᠷ ᠪᠤᠯᠳᠠᠯ᠎ᠠ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠳᠤ ᠶᠠᠪᠤᠭᠳᠠᠨ᠎ᠠ᠃      ᠲᠤᠮᠳᠠᠳᠤ ᠤᠷᠤᠰ ᠮᠤᠩᠭᠤᠯ ᠪᠤᠯ ᠴᠢᠬᠤᠯᠠ ᠪᠦᠬᠦᠢ ᠬᠦᠷᠰᠢ ᠤᠯᠤᠰ ᠪᠠᠶᠢᠵᠤ᠂ ᠭᠤᠷᠪᠠᠨ ᠤᠯᠤᠰ ᠤᠨ ᠠᠵᠤ ᠠᠬᠤᠢ ᠶᠢᠨ ᠤᠷᠳᠤ ᠬᠤᠩᠬᠢᠯ ᠢ ᠪᠠᠶᠢᠭᠤᠯᠬᠤ ᠲᠤᠭᠤᠷᠢᠨ ᠳᠤ ᠦᠨᠡᠨ ᠪᠤᠳᠠᠳᠠᠢ ᠬᠠᠮᠳᠤᠷᠠᠯᠴᠠᠬᠤ ᠲᠠᠯ᠎ᠠ ᠪᠠᠷ ᠭᠤᠷᠪᠠᠨ ᠤᠯᠤᠰ ᠬᠠᠮᠳᠤ ᠶᠢᠨ ᠲᠠᠨᠢᠯᠳᠠ ᠲᠠᠢ ᠪᠤᠯᠵᠠᠢ᠃ ᠤᠳᠤᠬᠠᠨ ᠤᠶᠤᠨ ᠤ ᠬᠦᠮᠦᠷᠭᠡ ᠶᠢᠨ ᠬᠠᠮᠳᠤᠷᠠᠯᠴᠠᠭᠠᠨ ᠤ ᠬᠤᠯᠪᠤᠭ᠎ᠠ ᠳᠤ ᠤᠷᠤᠯᠴᠠᠬᠤ ᠪᠠᠷ ᠪᠠᠶᠢᠭ᠎ᠠ ᠪᠠᠶᠢᠭᠤᠯᠤᠮᠵᠢ ᠭᠤᠴᠢᠭᠠᠳ ᠪᠤᠢ᠃ ᠬᠤᠯᠪᠤᠭ᠎ᠠ ᠨᠢ ᠲᠡᠰ ᠲᠠᠪᠬᠤᠷᠭ᠎ᠠ ᠦᠨᠳᠦᠷ᠂ ᠬᠦᠷᠢᠶ᠎ᠡ  ᠬᠡᠪᠴᠢᠶ᠎ᠡ ᠦᠷᠭᠡᠨ᠂ ᠤᠷᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠯᠤᠰ ᠲᠤᠷᠤᠨᠠᠳᠤ ᠶᠢᠨ ᠰᠤᠳᠤᠯᠬᠤ ᠭᠠᠵᠠᠷ᠂ ᠲᠤᠷᠤᠨᠠᠳᠠᠬᠢᠨ ᠤ ᠰᠤᠳᠤᠯᠬᠤ ᠭᠠᠵᠠᠷ ᠪᠠ ᠰᠢᠪᠧᠷᠢᠶ᠎ᠡ ᠶᠢᠨ ᠬᠤᠪᠢᠶᠠᠷᠢ ᠬᠦᠷᠢᠶᠡᠯᠡᠩ᠂ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠ ᠤᠯᠤᠰ ᠤᠨ ᠶᠡᠭᠡ ᠰᠤᠷᠭᠠᠭᠤᠯᠢ᠂ ᠲᠤᠮᠳᠠᠳᠤ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠦᠭᠵᠢᠯᠳᠡ ᠶᠢ ᠰᠤᠳᠤᠯᠬᠤ ᠲᠦᠪ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠵᠢᠴᠢ ᠦᠪᠦᠷ ᠮᠤᠩᠭᠤᠯ᠂ ᠰᠢᠨᠵᠢᠶᠡᠩ ᠂ ᠯᠢᠶᠤᠤᠨᠢᠩ᠂ ᠬᠢᠷᠢᠨ᠂ ᠬᠠᠷᠠᠮᠦ᠋ᠷᠡᠨ᠂ ᠱᠠᠩᠬᠠᠢ ᠵᠡᠷᠭᠡ ᠮᠤᠵᠢ ᠬᠤᠳᠠ ᠤᠷᠤᠨ ᠤ ᠤᠶᠤᠨ ᠤ ᠬᠦᠮᠦᠷᠭᠡ ᠶᠢᠨ ᠪᠠᠶᠢᠭᠤᠯᠤᠮᠵᠢ ᠶᠢ ᠪᠠᠭᠳᠠᠭᠠᠵᠤ ᠪᠤᠢ᠃      ᠤᠶᠤᠨ ᠤ ᠬᠦᠮᠦᠷᠭᠡ ᠶᠢᠨ ᠬᠠᠮᠳᠤᠷᠠᠯᠴᠠᠭ᠎ᠠ ᠨᠢ ᠤᠯᠤᠰ ᠤᠨ ᠲᠡᠰ ᠤᠨ᠂ ᠤᠯᠠᠨ ᠤᠯᠤᠰ ᠤᠨ ᠴᠢᠨᠠᠷᠳᠠᠢ ᠰᠤᠶᠤᠯ᠂ ᠡᠷᠳᠡᠮ ᠰᠢᠨᠵᠢᠯᠡᠭᠡᠨ ᠤ ᠰᠤᠯᠢᠯᠴᠠᠭᠠᠨ ᠤ ᠠᠵᠢᠯᠯᠠᠭ᠎ᠠ ᠦᠷᠨᠢᠬᠦᠯᠬᠦ ᠪᠠᠷ ᠲᠠᠮᠵᠢᠵᠤ᠂ ᠵᠠᠰᠠᠭ ᠤᠨ ᠤᠷᠳᠤᠨ ᠪᠠ ᠠᠷᠠᠳ ᠤᠯᠠᠨ ᠤ ᠤᠢᠢᠯᠠᠭᠠᠯᠴᠠᠭ᠎ᠠ᠂ ᠢᠳᠡᠭᠡᠯ ᠨᠠᠶᠢᠳᠠᠪᠤᠷᠢ ᠶᠢ ᠨᠡᠮᠡᠭᠳᠡᠬᠦᠯᠵᠦ᠂ ᠲᠦᠷᠦ ᠶᠢᠨ ᠪᠤᠳᠤᠯᠭ᠎ᠠ ᠶᠢᠨ ᠤᠢᠢᠯᠠᠭᠠᠯᠴᠠᠭ᠎ᠠ᠂ ᠦᠵᠡᠯ ᠰᠠᠨᠠᠭᠠᠨ ᠤ ᠰᠤᠯᠢᠯᠴᠠᠭ᠎ᠠ ᠶᠢ ᠠᠬᠢᠭᠤᠯᠵᠤ᠂ ︽ᠠᠵᠤ ᠠᠬᠤᠢ᠂ ᠨᠡᠶᠢᠭᠡᠮ᠂ ᠰᠤᠶᠤᠯ ᠢᠷᠭᠡᠨᠰᠢᠯ᠂ ᠤᠷᠴᠢᠨ ᠲᠤᠭᠤᠷᠢᠨ ᠤ ᠬᠠᠮᠠᠭᠠᠯᠠᠯᠳᠠ᠂ ᠠᠮᠢ ᠠᠬᠤᠢ︾ ᠵᠡᠷᠭᠡ ᠬᠡᠪᠴᠢᠶᠡᠨ ᠤ ᠦᠨᠡᠨ ᠪᠤᠳᠠᠳᠠᠢ ᠬᠠᠮᠳᠤᠷᠠᠯᠴᠠᠭ᠎ᠠ ᠶᠢ ᠠᠬᠢᠭᠤᠯᠤᠨ᠎ᠠ᠃ ᠬᠤᠷᠠᠯ ᠤᠨ ᠬᠤᠭᠤᠴᠠᠭᠠᠨ ᠳᠤ᠂ ᠠᠩᠬᠠᠳᠤᠭᠠᠷ ᠬᠤᠭᠤᠴᠠᠭᠠᠨ ᠤ ᠲᠤᠮᠳᠠᠳᠤ ᠤᠷᠤᠰ ᠮᠤᠩᠭᠤᠯ ᠭᠤᠷᠪᠠᠨ ᠲᠠᠯ᠎ᠠ ᠶᠢᠨ ᠤᠶᠤᠨ ᠤ ᠬᠦᠮᠦᠷᠭᠡ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠢ ᠶᠠᠪᠤᠭᠳᠠᠭᠤᠯᠤᠨ᠎ᠠ᠃ ᠭᠤᠷᠪᠠᠨ ᠲᠠᠯ᠎ᠠ ᠶᠢᠨ 100 ᠭᠠᠷᠤᠢ ᠡᠷᠳᠡᠮᠳᠡᠳ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠤᠷᠳᠤ ᠬᠤᠩᠬᠢᠯ ᠤᠨ ᠪᠦᠳᠦᠭᠡᠨ ᠪᠠᠶᠢᠭᠤᠯᠤᠯᠳᠠ ᠶᠢᠨ ᠲᠤᠭᠤᠷᠢᠨ ᠳᠤ ᠬᠢᠯᠢ ᠠᠯᠤᠰᠯᠠᠭᠰᠠᠨ ᠵᠠᠮ ᠲᠡᠭᠡᠭᠡᠪᠦᠷᠢ᠂ ᠪᠠᠶᠢᠭᠠᠯᠢ ᠶᠢᠨ ᠰᠢᠳᠠᠮᠠᠬᠠᠢ ᠬᠡᠢ᠂ ᠴᠠᠬᠢᠯᠭᠠᠨ ᠬᠦᠴᠦ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠢᠴᠢ ᠬᠦᠳᠡᠭᠡ ᠠᠵᠤ ᠠᠬᠤᠢ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ᠂ ᠰᠤᠶᠤᠯ ᠵᠤᠭᠠᠴᠠᠯ᠂ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠶᠠᠷᠢᠯᠴᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号