| ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ | ᠵᠠᠯᠠᠶᠢᠳ ᠬᠤᠰᠢᠭᠤ ᠶᠢᠨ ᠪᠠᠶᠠᠨ ᠵᠢᠯᠠᠭ᠎ᠠ ᠭᠠᠴᠠᠭ᠎ᠠ ᠶᠢᠨ ᠳᠣᠯᠣᠭᠠᠨ ᠭᠡᠷ ᠲᠣᠰᠬᠤᠨ ᠳᠤ ᠬᠦᠷᠴᠦ ᠲᠤᠰᠬᠤᠨ ᠤ | ᠠᠷᠠᠳ ᠸᠠᠩ ᠱᠠᠨ ᠬᠤᠤ ᠯᠤᠭ᠎ᠠ ᠲᠤᠲᠤᠨᠤᠰᠤᠭ ᠶᠠᠷᠢᠯᠴᠠᠵᠤ ᠪᠠᠶᠢᠭ᠎ᠠ ᠨᠢ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠪᠠᠶᠠᠨᠭᠤᠤᠯ ᠪᠠᠯᠭᠠᠰᠤ ᠶᠢᠨ | ᠵᠢᠤᠢ ᠯᠢ ᠾᠧ ᠲᠣᠰᠬᠤᠨ ᠤ ᠪᠠᠭ᠎ᠠ ᠰᠤᠷᠭᠠᠭᠤᠯᠢ ᠶᠢᠨ ᠴᠡᠴᠡᠷᠯᠢᠭ ᠲᠤ ᠬᠦᠷᠴᠦ ᠬᠡᠦᠬᠡᠳ ᠤᠨ ᠴᠡᠴᠡᠷᠯᠢᠭ ᠤᠨ | ᠵᠠᠬᠢᠷᠤᠯ ᠸᠠᠩ ᠲᠤᠶᠠᠭ᠎ᠠ ᠠᠴᠠ ᠴᠡᠴᠡᠷᠯᠢᠭ ᠤᠨ ᠪᠡᠯᠡ ᠮᠥᠩᠭᠦᠨ ᠤ ᠡᠷᠭᠢᠯᠲᠡ᠂ ᠰᠤᠷᠤᠭᠴᠢᠳ ᠤᠨ ᠴᠡᠴᠡᠷᠯᠢᠭ ᠲᠤ | ᠤᠷᠤᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠠᠰᠠᠭᠤᠵᠤ ᠯᠠᠪᠯᠤᠵᠤ ᠪᠠᠶᠢᠭ᠎ᠠ ᠨᠢ᠃ | | ᠵᠢᠤᠢ ᠯᠢ ᠾᠧ ᠲᠣᠰᠬᠤᠨ ᠤ ᠠᠷᠠᠳ ᠤᠳ ᠰᠣᠶᠣᠯ ᠤᠨ ᠠᠵᠢᠯᠯᠠᠭᠠᠨ ᠤ ᠭᠡᠷ ᠲᠤ ᠮᠣᠩᠭᠤᠯ | ᠦᠨᠳᠦᠰᠦᠲᠡᠨ ᠤ ᠤᠯᠠᠮᠵᠢᠯᠠᠯᠲᠤ ᠳᠠᠭᠤᠤ ᠬᠥᠭᠵᠢᠮ ᠬᠥᠭᠵᠢᠮᠳᠡᠵᠦ ᠪᠠᠶᠢᠭ᠎ᠠ ᠨᠢ᠃ | 9 ᠳ᠋ᠤᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠸᠠᠩ ᠵᠢᠶᠦ᠋ᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠦᠵᠡᠬᠦ ᠳᠤᠭᠤᠶᠢᠯᠠᠩ ᠢ | ᠳᠠᠭᠠᠭᠤᠯᠵᠤ ᠬᠢᠩᠭᠠᠨ ᠠᠶᠢᠮᠠᠭ ᠤᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠬᠡᠷᠡᠭᠵᠢᠬᠦᠯᠦᠨ | ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | ᠬᠢᠩᠭᠠᠨ ᠠᠶᠢᠮᠠᠭ ᠤᠨ ᠶᠠᠳᠠᠭᠤ ᠬᠦᠴᠢᠷᠳᠡᠯ ᠤᠨ ᠬᠡᠮᠵᠢᠶ᠎ᠡ ᠨᠢ ᠶᠡᠭᠡ᠂ ᠠᠵᠤ ᠠᠬᠤᠶ ᠶᠢᠨ ᠪᠣᠳᠠᠲᠤ ᠬᠦᠴᠦᠨ | ᠪᠠᠭᠤᠷᠠᠶ ᠪᠠᠶᠢᠭ᠎ᠠ ᠪᠤᠯ᠂ ᠡᠷᠲᠡ ᠴᠢᠯᠦᠭᠡᠯᠡᠭᠳᠡᠭᠰᠡᠨ ᠴᠦᠭᠡᠨ ᠲᠤᠭᠠᠲᠤ ᠦᠨᠳᠦᠰᠦᠲᠡᠨ ᠤ ᠬᠢᠯᠢ ᠬᠢᠵᠠᠭᠠᠷ ᠤᠨ | ᠶᠠᠳᠠᠭᠤ ᠬᠦᠴᠢᠷᠳᠡᠯᠲᠠᠢ ᠭᠠᠵᠠᠷ ᠣᠷᠣᠨ ᠤ ᠨᠡᠶᠢᠲᠡᠯᠢᠭ ᠵᠢᠱᠢᠶ᠎ᠡ ᠪᠣᠯᠤᠨ᠎ᠠ᠃ ᠪᠦᠬᠦ ᠠᠶᠢᠮᠠᠭ ᠤᠨ 5 ᠬᠤᠰᠢᠭᠤ | ᠰᠢᠶᠠᠨ ᠬᠤᠲᠠ ᠶᠢᠨ 6 ᠨᠢ ᠤᠯᠤᠰ ᠤᠨ ᠶᠠᠳᠠᠭᠤ ᠰᠢᠶᠠᠨ᠂ 1 ᠨᠢ ᠣᠷᠣᠨ ᠤ ᠶᠠᠳᠠᠭᠤ ᠰᠢᠶᠠᠨ᠂ ᠮᠠᠯᠴᠢᠨ | ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠪᠦᠬᠦ ᠣᠷᠣᠨ ᠤ ᠬᠠᠮᠤᠭ ᠡᠴᠦᠰ ᠲᠤ ᠪᠠᠶᠢᠵᠤ᠂ | ᠶᠠᠳᠠᠭᠤ ᠬᠦᠴᠢᠷᠳᠡᠯ ᠤᠨ ᠬᠡᠪᠴᠢᠶ᠎ᠡ ᠨᠢ ᠦᠷᠭᠡᠨ᠂ ᠲᠡᠦᠬᠡ ᠶᠢᠨ ᠦᠭᠴᠡᠭᠡ ᠨᠢ ᠳᠠᠩᠴᠢ ᠶᠡᠭᠡ ᠶᠤᠮ᠃ ᠪᠦᠬᠦ | ᠠᠶᠢᠮᠠᠭ ᠤᠨ 33 ᠲᠦᠮᠡᠨ ᠲᠠᠷᠢᠶᠠᠴᠢᠨ ᠡᠷᠦᠬᠡ ᠶᠢᠨ ᠳᠣᠲᠣᠷ᠎ᠠ 16 ᠲᠦᠮᠡᠨ ᠡᠷᠦᠬᠡ ᠨᠢ ᠨᠤᠷᠠᠬᠤ ᠠᠶᠤᠯᠲᠠᠶ ᠭᠡᠷ | ᠪᠠᠶᠢᠰᠢᠩ ᠳᠤ ᠰᠠᠭᠤᠵᠤ᠂ ᠤᠷᠤᠨ ᠰᠠᠭᠤᠴᠠ ᠬᠦᠴᠢᠷ᠂ ᠭᠠᠳᠠᠭᠰᠢ ᠭᠠᠷᠬᠤ ᠳᠤ ᠬᠦᠴᠢᠷ᠂ ᠡᠪᠡᠳᠴᠢᠨ | ᠦᠵᠡᠭᠦᠯᠬᠦ ᠳᠤ ᠬᠦᠴᠢᠷ ᠪᠤᠯᠬᠤᠷ᠂ ︽ᠠᠷᠪᠠ ᠪᠠᠷ ᠪᠦᠬᠦᠨ ᠢ ᠬᠠᠮᠤᠷᠬᠤ︾ ᠡᠭᠦᠷᠭᠡ ᠨᠢ ᠬᠢᠩᠭᠠᠨ ᠠᠶᠢᠮᠠᠭ ᠲᠤ | ᠠᠪᠴᠤ ᠬᠡᠯᠡᠪᠡᠯ᠂ ᠨᠡᠩ ᠴᠢᠬᠤᠯᠠ ᠪᠥᠭᠡᠳ ᠲᠤᠶᠢᠯ ᠤᠨ ᠲᠤᠯᠭᠠᠮ᠎ᠠ ᠶᠠᠪᠤᠳᠠᠯ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ | ᠬᠡᠷᠡᠭᠵᠢᠭᠦᠯᠦᠭᠰᠡᠨ ᠠᠴᠠ ᠨᠠᠰᠢ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ︽ᠠᠷᠪᠠ ᠪᠠᠷ ᠪᠦᠬᠦᠨ ᠢ | ᠬᠠᠮᠤᠷᠬᠤ︾ ᠢᠨᠵᠧᠨᠧᠷᠢᠩ ᠢ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠲᠦᠯᠬᠢᠨ ᠠᠬᠢᠭᠤᠯᠬᠤ ᠶᠡᠷᠦᠩᠬᠡᠶ | ᠭᠠᠷᠳᠠᠴᠠ ᠪᠤᠯᠭᠠᠨ᠂ ᠭᠤᠷᠪᠠᠨ ᠵᠢᠯ ᠳᠤ 60 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ | ᠠᠶᠢᠮᠠᠭ ᠤᠨ 847 ᠭᠠᠴᠠᠭ᠎ᠠ ᠲᠤᠰᠬᠤᠨ ᠳᠤ ︽ᠠᠷᠪᠠ ᠪᠠᠷ ᠪᠦᠬᠦᠨ ᠢ ᠬᠠᠮᠤᠷᠬᠤ︾ ᠶᠢ ᠬᠡᠷᠡᠭᠵᠢᠬᠦᠯᠬᠦ ᠪᠠᠷ | ᠲᠦᠯᠦᠪᠯᠡᠵᠤ ᠪᠤᠢ᠃ ᠨᠢᠳᠤᠨᠤᠨ 18.8 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ 289 ᠭᠠᠴᠠᠭ᠎ᠠ | ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠤ ᠰᠠᠭᠤᠷᠢᠨ ᠳᠡᠭᠡᠷ᠎ᠡ᠂ ᠡᠨᠡ ᠵᠢᠯ 29 | ᠳ᠋ᠦᠩᠰᠢᠭᠤᠷ ᠲᠥᠭᠦᠷᠢᠭ ᠲᠤᠬᠢᠷᠠᠭᠤᠯᠤᠨ 350 ᠭᠠᠴᠠᠭ᠎ᠠ ᠲᠤᠰᠬᠤᠨ ᠳᠤ ᠪᠦᠬᠦᠨ ᠢ ᠬᠠᠮᠤᠷᠠᠭᠤᠯᠪᠠ᠃ | ᠤᠳᠤᠬᠠᠨ ᠳᠤ᠂ ᠪᠡᠯᠡ ᠣᠷᠣᠭᠤᠯᠤᠯᠲᠠ ᠶᠢ ᠨᠢᠭᠡᠨᠲᠡ 26.5 ᠳ᠋ᠦᠡᠭᠰᠢᠭᠤᠷ ᠲᠥᠭᠦᠷᠢᠭ ᠪᠡᠶᠡᠯᠡᠭᠦᠯᠵᠤ᠂ ᠡᠯ᠎ᠡ | ᠵᠦᠢᠯ ᠤᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠤ᠂ ᠵᠡᠷᠭᠡᠴᠡᠪᠡᠷ ᠪᠦᠲᠦᠭᠡᠨ ᠪᠠᠶᠢᠭᠤᠯᠪᠠ᠃ ᠡᠨᠡ ᠵᠢᠯ ᠤᠨ | ᠰᠡᠭᠦᠯᠴᠢ ᠪᠠᠷ᠂ ᠪᠦᠬᠦ ᠠᠶᠢᠮᠠᠭ ᠤᠨ 75% ᠭᠠᠴᠠᠭ᠎ᠠ ᠲᠤᠰᠬᠤᠨ ᠳᠤ ︽ᠠᠷᠪᠠ ᠪᠠᠷ ᠪᠦᠬᠦᠨ ᠢ ᠬᠠᠮᠤᠷᠬᠤ︾ ᠶᠢ | ᠪᠡᠶᠡᠯᠡᠭᠦᠯᠬᠦ ᠪᠠᠷ ᠵᠢᠱᠢᠵᠤ ᠪᠠᠶᠢᠨ᠎ᠠ᠃ |