ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶᠠᠨ ᠤ ᠳᠡᠳ᠋ ᠳᠠᠷᠤᠭ᠎ᠠ ᠯᠢᠦ ᠢᠦᠢ ᠲᠢᠩ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2015/9/16
   
     9 ᠳ᠋ᠦ᠋ᠭᠡᠷ ᠰᠠᠷ᠎ᠠ ᠶᠢᠨ10᠎ ᠤ ᠡᠳᠦᠷ᠂ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠳᠠᠷᠤᠭ᠎ᠠ ᠯᠢᠦ ᠢᠦᠢ ᠲᠢᠩ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠬᠤᠳᠠᠯᠳᠤᠭᠠᠨ ᠤ ᠶᠠᠪᠤᠳᠠᠯ ᠤᠨ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠠᠯ᠎ᠠ ᠪᠠᠷ ᠪᠠᠶᠢᠴᠠᠭᠠᠨ ᠰᠣᠳᠣᠯᠣᠯᠲᠠ ᠬᠢᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠠ ᠵᠢᠶᠦ᠋ᠨ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠸᠠᠩ ᠮᠤᠤ ᠴᠢᠩ ᠪᠠᠷ᠎ᠠ ᠪᠣᠯᠪᠠ᠃      ᠯᠢᠦ ᠢᠦᠢ ᠲᠢᠩ ᠨᠠᠷ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠢᠯᠡᠴᠢᠯᠡᠭᠡᠨ ᠤ ᠭᠠᠵᠠᠷ ᠪᠣᠯᠣᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠦᠢᠯᠡᠴᠢᠯᠡᠭᠡᠨ ᠤ ᠭᠠᠵᠠᠷ ᠲᠤ᠂ ᠠᠯᠠᠱᠠ ᠠᠶᠢᠮᠠᠭ ᠤᠨ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠬᠤ ᠦᠨᠳᠦᠰᠦᠨ ᠪᠠᠶᠢᠳᠠᠯ ᠢ ᠨᠠᠷᠢᠨ ᠠᠰᠠᠭᠤᠨ ᠣᠶᠢᠯᠭᠠᠵᠤ᠂ ︽ᠭᠤᠷᠪᠠᠨ ᠦᠨᠡᠮᠯᠡᠯ ᠤᠨ ᠨᠢᠭᠡᠳᠬᠡᠬᠦ︾ ᠳᠠᠩᠰᠠᠯᠠᠯ ᠤᠨ ᠠᠵᠢᠯ ᠤᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢ ᠦᠵᠡᠭᠰᠡᠨ ᠤ ᠬᠠᠮᠲᠤ ᠬᠤᠳᠠᠯᠳᠤᠭᠠᠨ ᠤ ᠶᠠᠪᠤᠳᠠᠯ ᠢ ᠳᠠᠩᠰᠠᠯᠠᠬᠤ ᠳᠦᠷᠢᠮ ᠢ ᠥᠭᠡᠷᠡᠴᠢᠯᠡᠭᠰᠡᠨ ᠤ ᠳᠠᠷᠠᠭ᠎ᠠ᠂ ᠦᠢᠯᠡᠴᠢᠯᠡᠭᠡᠨ ᠤ ᠭᠠᠵᠠᠷ ︽ᠭᠤᠷᠪᠠᠨ ᠦᠨᠡᠮᠯᠡᠯ ᠤᠨ ᠨᠢᠭᠡᠳᠬᠡᠬᠦ︾ ᠳᠠᠩᠰᠠᠯᠠᠯ ᠠᠵᠢᠯ ᠤᠨ ᠴᠤᠪᠤᠷᠠᠯ᠂ ᠳᠠᠩᠰᠠᠯᠠᠬᠤ ᠵᠥᠭᠡᠯᠡᠨ ᠲᠣᠨᠤᠭ ᠢ ᠨᠡᠭᠡᠭᠡᠨ ᠠᠰᠢᠭᠯᠠᠬᠤ᠂ ᠡᠵᠡᠩᠨᠡᠬᠦ ᠭᠤᠣᠯ ᠴᠣᠭᠴᠠ ᠶᠢᠨ ᠨᠡᠮᠡᠭᠳᠡᠯ ᠤᠨ ᠪᠠᠶᠢᠳᠠᠯ ᠵᠢᠴᠢ ︽ᠨᠢᠭᠡ ᠦᠨᠡᠮᠯᠡᠯ ᠨᠢᠭᠡ ᠨᠣᠮᠧᠷ︾᠎ ᠢ ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠤᠳ ᠤᠨ ᠲᠤᠬᠠᠢ ᠦᠢᠯᠡᠴᠢᠯᠡᠭᠡᠨ ᠤ ᠭᠠᠵᠠᠷ ᠤᠨ ᠠᠵᠢᠯᠲᠠᠨ ᠎ ᠯᠤᠭ᠎ᠠ ᠰᠣᠯᠢᠯᠴᠠᠭ᠎ᠠ ᠬᠢᠪᠡ᠃      ᠯᠢᠦ ᠲᠢᠩ ᠵᠢᠭᠠᠵᠤ ᠭᠠᠷᠭᠠᠭᠰᠠᠨ ᠨᠢ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠪᠤᠶ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠲᠤ ᠶᠢᠨ ᠡᠭᠦᠷᠭᠡ ᠬᠠᠷᠢᠭᠤᠴᠠᠯᠭ᠎ᠠ ᠮᠥᠨ᠃ ᠵᠠᠰᠠᠭ ᠤᠨ ᠣᠷᠳᠣᠨ ᠤ ᠦᠢᠯᠡᠴᠢᠯᠡᠭᠡᠨ ᠤ ᠳᠤᠮᠳᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤ ᠪᠠ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠬᠤ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠬᠦ ᠪᠠ ᠲᠡᠭᠦᠯᠳᠡᠷᠵᠢᠭᠦᠯᠵᠦ᠂ ︽ᠨᠢᠭᠡ ᠦᠨᠡᠮᠯᠡᠯ ᠨᠢᠭᠡ ᠨᠣᠮᠧᠷ︾᠎ ᠤᠨ ᠳᠠᠩᠰᠠᠯᠠᠭᠤᠯᠬᠤ ᠬᠡᠯᠪᠡᠷᠢ ᠶᠢ ᠳᠠᠷᠤᠶᠢᠬᠠᠨ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠤᠨ ᠳᠦᠷᠢᠮ ᠤᠨ ᠥᠭᠡᠷᠡᠴᠢᠯᠡᠯᠲᠡ ᠳᠠᠬᠢ ᠨᠡᠶᠢᠭᠡᠮ ᠤᠨ ᠨᠢᠭᠡᠳᠦᠯᠲᠡᠶ ᠢᠲᠡᠭᠡᠮᠵᠢ ᠶᠢᠨ ᠣᠷᠣᠯᠠᠯ ᠨᠣᠮᠧᠷ ᠤᠨ ᠪᠦᠲᠦᠮᠵᠢᠲᠦ ᠦᠢᠯᠡᠳᠦᠯ ᠢ ᠪᠠᠳᠠᠷᠠᠭᠤᠯᠵᠤ᠂ ᠪᠦᠷᠢᠳᠬᠡᠨ ᠳᠠᠩᠰᠠᠯᠠᠭᠤᠯᠬᠤ ᠶᠢᠨ ᠳᠥᠭᠦᠮᠴᠢᠯᠡᠯᠲᠡ ᠶᠢ ᠳᠥᠯᠭᠢᠨ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠡᠷᠬᠡ ᠲᠡᠭᠰᠢ ᠪᠠᠷ ᠵᠠᠬ᠎ᠠ ᠳᠡᠯᠭᠡᠭᠦᠷ ᠲᠤ ᠣᠷᠣᠬᠤ ᠲᠣᠭᠲᠠᠴᠠ ᠶᠢᠨ ᠪᠦᠷᠢᠯᠳᠦᠯ ᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号