ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠲᠦᠷ ᠴᠠᠭ ᠠᠪᠤᠷᠠᠨ ᠲᠤᠰᠠᠯᠠᠬᠤ | ᠠᠵᠢᠯ ᠢ ᠨᠡᠩ ᠰᠠᠶᠢᠨ ᠠᠬᠢᠭᠤᠯᠵᠤ᠂ ᠡᠪᠡᠳᠴᠢᠯᠡᠭᠰᠡᠨ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ | ᠵᠠᠷᠤᠯᠭ᠎ᠠ ᠶᠢᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠡᠭᠭᠡᠷᠡᠭᠦᠯᠦᠨ᠂ ᠬᠦᠴᠢᠷᠳᠡᠯᠲᠡᠶ ᠣᠯᠠᠨ ᠲᠦᠮᠡᠨ ᠤ | ᠭᠡᠨᠡᠳᠲᠡ ᠶᠢᠨ ᠴᠢᠨᠠᠷ ᠲᠠᠢ᠂ ᠪᠠᠴᠢᠮ ᠲᠤᠯᠭᠠᠮ᠎ᠠ ᠴᠢᠨᠠᠷ ᠲᠠᠢ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠨᠢ | ᠪᠥᠲᠥᠮᠵᠢᠲᠡᠢ ᠰᠢᠢᠳᠪᠦᠷᠢᠯᠡᠬᠦ ᠶᠢᠨ ᠲᠥᠯᠦᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠬᠤᠲᠠ ᠬᠥᠳᠡᠭᠡ ᠶᠢᠨ ᠡᠮ ᠡᠮᠨᠡᠯᠭᠡ ᠶᠢᠨ | ᠠᠪᠤᠷᠠᠨ ᠲᠤᠰᠠᠯᠠᠬᠤ ᠨᠥᠬᠦᠪᠥᠷᠢ ᠮᠥᠩᠭᠦ 10397 ᠲᠥᠮᠡᠨ ᠲᠥᠭᠦᠷᠢᠭ᠂ ᠲᠦᠷ ᠴᠠᠭ ᠤᠨ ᠠᠪᠤᠷᠠᠨ ᠲᠤᠰᠠᠯᠠᠬᠤ | ᠨᠥᠬᠦᠪᠥᠷᠢ ᠮᠥᠩᠭᠦ 6508 ᠲᠥᠮᠡᠨ ᠲᠥᠭᠦᠷᠢᠭ ᠪᠠᠭᠤᠯᠭᠠᠪᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ | ᠣᠷᠣᠨ ᠳᠤ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠮᠥᠩᠭᠦ ᠶᠢ ᠲᠣᠭᠲᠠᠭᠠᠯ ᠶᠣᠰᠣᠭᠠᠷ ᠨᠢᠭᠡᠳᠦᠯᠲᠡᠶ | ᠲᠣᠬᠢᠷᠠᠭᠤᠯᠤᠨ ᠬᠡᠷᠡᠭᠯᠡᠵᠦ᠂ ᠲᠤᠰᠬᠠᠶ ᠵᠣᠭᠤᠰ ᠢ ᠲᠤᠰᠬᠠᠢ ᠬᠡᠷᠡᠭᠯᠡᠵᠦ᠂ ᠠᠪᠤᠷᠠᠨ ᠲᠤᠰᠠᠯᠠᠬᠤ ᠬᠡᠪᠴᠢᠶ᠎ᠡ ᠪᠠᠨ | ᠲᠤᠳᠤᠷᠬᠠᠶᠢᠯᠠᠨ᠂ ᠠᠪᠤᠷᠠᠨ ᠲᠤᠰᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ | ᠦᠷ᠎ᠡ ᠠᠰᠢᠭ ᠢ ᠤᠯᠠᠮ ᠢᠯᠡᠭᠦᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ 2015 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ | ᠨᠥᠬᠦᠪᠥᠷᠢ ᠮᠥᠩᠭᠦ ᠨᠡᠶᠢᠲᠡ49644 ᠲᠥᠮᠡᠨ ᠲᠥᠭᠦᠷᠢᠭ ᠪᠠᠭᠤᠯᠭᠠᠵᠤ᠂ ᠪᠥᠬᠦ ᠣᠷᠣᠨ ᠤ ᠬᠤᠲᠠ ᠬᠥᠳᠡᠭᠡ ᠶᠢᠨ | ᠡᠮ ᠡᠮᠨᠡᠯᠭᠡ ᠶᠢᠨ ᠠᠪᠤᠷᠠᠨ ᠲᠤᠰᠠᠯᠠᠭᠤᠯᠤᠭᠴᠢᠳ 95.9 ᠲᠥᠮᠡᠨ ᠬᠥᠮᠦᠨ ᠤᠳᠠᠭ᠎ᠠ ᠳᠤ ᠬᠥᠷᠪᠡ︔ ᠲᠦᠷ | ᠴᠠᠭ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠨᠡᠶᠢᠲᠡ 16448 ᠲᠥᠭᠦᠷᠢᠭ ᠪᠠᠭᠤᠯᠭᠠᠵᠤ᠂ ᠪᠦᠬᠦ ᠣᠷᠣᠨ ᠤ | ᠲᠦᠷ ᠴᠠᠭ ᠤᠨ ᠠᠪᠤᠷᠠᠨ ᠲᠤᠰᠠᠯᠠᠭᠤᠯᠤᠭᠴᠢᠳ 6.1 ᠲᠥᠮᠡᠨ ᠡᠷᠥᠭᠡ ᠳᠤ ᠬᠦᠷᠴᠦ᠂ ᠬᠤᠲᠠ ᠬᠥᠳᠡᠭᠡ ᠶᠢᠨ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ | ᠡᠪᠡᠳᠴᠢᠨ ᠦᠵᠡᠭᠦᠯᠬᠦ ᠳᠠᠷᠤᠭᠠᠰᠤ ᠶᠢ ᠬᠥᠡᠭᠭᠡᠯᠡᠬᠦ ᠳᠤ ᠪᠡᠯᠡ ᠮᠥᠩᠭᠦᠨ ᠤ ᠳᠡᠮᠵᠢᠯᠭᠡ ᠬᠠᠨᠭ᠍ᠭᠠᠵᠤ᠂ ᠲᠤᠰᠠᠯᠠᠮᠵᠢ | ᠭᠤᠶᠤᠴᠢᠯᠠᠬᠤ ᠭᠠᠵᠠᠷ ᠲᠠᠢ᠂ ᠴᠠᠭ ᠲᠤᠬᠠᠢ ᠳᠤᠨᠢ ᠲᠤᠰᠠᠯᠠᠮᠵᠢ ᠬᠥᠷᠲᠡᠭᠡᠳᠡᠭ ᠡᠮ ᠡᠮᠨᠡᠯᠭᠡ ᠶᠢᠨ ᠪᠠᠲᠤᠯᠠᠭ᠎ᠠ ᠶᠢᠨ | ᠠᠮᠤᠷ ᠲᠦᠪᠰᠢᠨ ᠰᠦᠯᠵᠢᠶ᠎ᠡ ᠶᠢ ᠪᠠᠶᠢᠭᠤᠯᠬᠤ ᠪᠠᠷ ᠳᠠᠮᠵᠢᠭᠤᠯᠤᠨ᠂ ᠡᠪᠡᠳᠴᠢᠯᠡᠭᠰᠡᠨ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠢ ᠨᠡᠩ ᠰᠠᠶᠢᠲᠤᠷ ᠪᠠᠲᠤᠯᠠᠭᠰᠠᠨ ᠪᠠᠶᠢᠨ᠎ᠠ᠃ |