ᠦᠪᠡᠷᠲᠡᠭᠡᠨ ᠵᠠᠰᠠᠬᠤ ᠤᠷᠤᠨ ᠤ ᠡᠯ᠎ᠠ ᠠᠷᠠᠳᠴᠢᠯᠠᠭᠰᠠᠨ ᠨᠠᠮ ᠪᠦᠯᠦᠭ ᠶᠠᠷᠢᠯᠴᠠᠬᠤ ᠬᠤᠷᠠᠯ ᠬᠤᠷᠠᠯᠳᠤᠭᠤᠯᠵᠦ ᠶᠠᠫᠤᠨ ᠢ ᠡᠰᠡᠷᠬᠦᠴᠡᠭᠰᠡᠨ ᠲᠠᠶᠢᠨ ᠢᠯᠠᠯᠳᠠ ᠤᠯᠤᠭᠰᠠᠨ 70 ᠵᠢᠯ ᠤᠨ ᠤᠢ ᠶᠢ ᠳᠤᠷᠠᠰᠬᠠᠪᠡ  ᠪᠦ᠋ ᠰᠢᠶᠤᠤ ᠯᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2015/9/2
     9 ᠳ᠋ᠦ᠋ᠭᠡᠷ ᠰᠠᠷ᠎ᠠ ᠶᠢᠨ 1᠎ ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠡᠯ᠎ᠠ ᠠᠷᠠᠳᠴᠢᠯᠠᠭᠰᠠᠨ ᠨᠠᠮ ᠪᠦᠯᠦᠭ ᠤᠨ ᠬᠢᠨ ᠶᠠᠷᠢᠯᠴᠠᠬᠤ ᠬᠤᠷᠠᠯ ᠬᠤᠷᠠᠯᠳᠤᠭᠤᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠭᠰᠡᠨ ᠲᠠᠶᠢᠨ ᠵᠢᠴᠢ ᠳᠡᠯᠡᠭᠡᠢ ᠶᠢᠨ ᠹᠠᠱᠢᠰ ᠢ ᠡᠰᠡᠷᠬᠦᠴᠡᠭᠰᠡᠨ ᠲᠠᠶᠢᠨ ᠢᠯᠠᠯᠳᠠ ᠤᠯᠤᠭᠰᠠᠨ 70 ᠵᠢᠯ ᠤᠨ ᠤᠢ ᠶᠢ ᠳᠤᠷᠠᠰᠬᠠᠪᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠤᠨᠲ ᠎ ᠤᠨ ᠭᠡᠯᠳᠡᠰ ᠤᠨ ᠳᠠᠷᠤᠭ᠎ᠠ ᠹᠦ᠋ ᠰᠢᠶᠤᠤ ᠯᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠦᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠬᠡᠰᠢᠬᠦᠨ ᠳ᠋ᠦᠩ ᠾᠧᠩ ᠢᠤᠢ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠠᠷᠢᠬᠦᠯᠡᠭᠴᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠵᠦᠪᠯᠡᠯ ᠤᠨ ᠥᠪᠦᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠬᠡᠰᠢᠬᠦᠨ ᠵᠧᠩ ᠹᠦ᠋ ᠲᠢᠶᠠᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠠᠷᠢᠬᠦᠯᠡᠭᠴᠢ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠦᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠬᠡᠰᠢᠬᠦᠨ ᠨᠢᠦ ᠭᠤᠸᠠᠩ ᠮᠢᠩ ᠬᠤᠷᠠᠯ ᠳᠤ ᠤᠷᠤᠯᠴᠠᠪᠠ᠃ ᠦᠪᠡᠷᠲᠡᠭᠡᠨ ᠵᠠᠰᠠᠬᠤ ᠤᠷᠤᠨ ᠤ ᠨᠢᠭᠡᠳᠦᠮᠡᠯ ᠹᠷᠤᠨᠲ ᠤᠨ ᠬᠡᠯᠲᠡᠰ᠂ ᠡᠯ᠎ᠠ ᠠᠷᠠᠳᠴᠢᠯᠠᠭᠰᠠᠨ ᠨᠠᠮ ᠪᠦᠯᠦᠭ ᠤᠨ ᠬᠦᠬᠡᠬᠤᠳᠠ ᠳᠤ ᠪᠠᠶᠢᠭ᠎ᠠ ᠳᠡᠳ᠋ ᠡᠷᠬᠢᠯᠡᠭᠴᠢ ᠬᠡᠰᠢᠬᠦᠨ ᠵᠢᠴᠢ ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠪᠠᠶᠢᠭᠤᠯᠤᠯᠭ᠎ᠠ ᠶᠢᠨ ᠬᠤᠯᠪᠤᠭᠳᠠᠯ ᠪᠦᠬᠦᠢ ᠨᠦᠬᠦᠳ ᠬᠤᠷᠠᠯ ᠳᠤ ᠤᠷᠤᠯᠴᠠᠵᠠᠢ᠃      ᠪᠦ᠋ ᠰᠢᠶᠤᠤ ᠯᠢᠨ ᠵᠢᠭᠠᠵᠦ ᠭᠠᠷᠭᠠᠬᠰᠠᠠ ᠨᠢ᠂ ᠲᠦᠷᠦ ᠶᠢᠨ ᠶᠠᠪᠤᠳᠠᠯ ᠳᠤ ᠤᠷᠤᠯᠴᠠᠬᠤ ᠨᠠᠮ ᠪᠤᠯᠬᠤ ᠡᠯ᠎ᠠ ᠠᠷᠠᠳᠴᠢᠯᠠᠭᠰᠠᠨ ᠨᠠᠮ ᠪᠦᠯᠦᠭ ᠤᠨ ᠬᠢᠨ ᠤᠯᠤᠰ ᠢᠶᠠᠨ ᠬᠠᠶᠢᠷᠠᠯᠠᠬᠤ᠂ ᠠᠷᠠᠳᠴᠢᠯᠠᠯ᠂ ᠪᠤᠳᠠᠳᠠᠢ ᠶᠢ ᠡᠷᠬᠢᠮᠯᠡᠬᠦ ᠰᠢᠯᠢᠳᠡᠭ ᠤᠯᠠᠮᠵᠢᠯᠠᠯ ᠢ ᠦᠷᠬᠦᠯᠵᠢᠯᠡᠨ ᠵᠠᠯᠭᠠᠮᠵᠢᠯᠠᠠ ᠪᠠᠳᠠᠷᠠᠭᠤᠯᠵᠦ᠂ ᠳᠤᠰ ᠪᠡᠶ᠎ᠠ ᠶᠢᠨ ᠪᠠᠶᠢᠭᠤᠯᠤᠯᠳᠠ ᠪᠠᠨ ᠴᠢᠨᠠᠭᠰᠢᠳᠠ ᠴᠢᠩᠭᠠᠳᠬᠠᠵᠦ᠂ ᠪᠦᠬᠦᠯᠢ ᠴᠤᠭᠴᠠ ᠶᠢᠨ ᠬᠡᠪ ᠪᠤᠯᠪᠠᠰᠤᠷᠠᠯ ᠢᠶᠠᠨ ᠦᠨᠡᠨᠬᠦ ᠳᠡᠭᠡᠭᠰᠢᠯᠡᠬᠦᠯᠵᠦ᠂ ᠲᠦᠷᠦ ᠶᠢᠨ ᠶᠠᠪᠤᠳᠠᠯ ᠲᠤ ᠤᠷᠤᠯᠴᠠᠵᠦ ᠲᠦᠷᠦ ᠶᠢᠨ ᠶᠠᠪᠤᠳᠠᠯ ᠢ ᠵᠦᠪᠯᠡᠬᠦ᠂ ᠠᠷᠠᠳᠴᠢᠯᠠᠯ ᠢᠶᠠᠷ ᠬᠢᠨᠠᠯᠳᠠ ᠳᠠᠯᠪᠢᠬᠤ ᠬᠡᠷᠡᠭᠴᠡᠭᠡᠡ ᠳᠤ ᠵᠤᠬᠢᠴᠠᠠ᠂ ᠤᠯᠤᠰ ᠪᠤᠯᠤᠨ ᠠᠷᠠᠳ ᠲᠦᠮᠡᠡ ᠳᠤ ᠦᠢᠯᠡᠴᠢᠯᠡᠬᠦ ᠪᠠᠷ ᠡᠬᠦᠷᠭᠡ ᠬᠠᠷᠢᠭᠤᠴᠠᠯᠭ᠎ᠠ ᠪᠠᠨ ᠪᠤᠯᠭᠠᠵᠦ᠂ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ᠂ ︽ᠬᠤᠤᠰ ᠵᠠᠭᠤᠨ ᠵᠢᠯ︾ ᠪᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠲᠡᠦᠭᠡ ᠶᠢᠨ ᠬᠦᠨᠳᠦ ᠡᠬᠦᠷᠭᠡ ᠶᠢ ᠡᠬᠦᠷᠭᠡᠯᠡᠵᠦ᠂ ᠦᠷᠡᠭᠳᠡᠭᠰᠡᠨ ᠪᠠᠭᠠᠳᠤᠷᠴᠤᠳ ᠤᠨ ᠬᠠᠯᠠᠭᠤᠨ ᠴᠢᠰᠤ ᠪᠠ ᠠᠮᠢ ᠨᠠᠰᠤ ᠪᠠᠷ ᠢᠶᠠᠨ ᠰᠤᠯᠢᠵᠦ ᠠᠪᠴᠢᠷᠠᠭᠰᠠᠨ ᠰᠢᠨ᠎ᠠ ᠳᠤᠮᠳᠠᠳᠤ ᠤᠯᠤᠰ ᠢ ᠨᠡᠩ ᠪᠠᠶᠠᠨ ᠬᠦᠴᠦᠷᠭᠡᠭ ᠬᠦᠭᠵᠢᠯ ᠪᠠᠳᠠᠷᠠᠯ ᠲᠠᠢ᠂ ᠡᠶ᠎ᠡ ᠵᠤᠬᠢᠴᠠᠩᠭᠤᠢ ᠪᠤᠯᠭᠠᠨ ᠪᠦᠲᠦᠭᠡᠡ ᠪᠠᠶᠢᠭᠤᠯᠬᠤ ᠭᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号