9 ᠳ᠋ᠤᠭᠡᠷ ᠰᠠᠷ᠎ᠠ ᠶᠢᠨ 1 ᠤ ᠦᠲᠡ ᠶᠢᠨ ᠬᠤᠶᠢᠨ᠎ᠡ᠂ ᠦᠪᠦᠷ ᠮᠤᠩᠭᠤᠯ ᠤᠨ ᠲᠠᠮᠢᠷ ᠤᠨ ᠤᠷᠳᠤᠨ ᠳᠤ ᠠᠶ᠎ᠠ | ᠲᠠᠭᠤᠤ ᠬᠠᠩᠬᠢᠨᠠᠨ᠂ ᠤᠯᠠᠨ ᠲᠦᠮᠡᠨ ᠤ ᠤᠷᠮ᠎ᠠ ᠵᠤᠷᠢᠭ ᠬᠦᠭᠵᠢᠨ ᠪᠠᠲᠠᠷᠠᠨᠠ᠃ ᠦᠪᠡᠷᠲᠡᠭᠡᠨ ᠵᠠᠰᠬᠠᠤ ᠤᠷᠤᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠤᠯᠤᠰ | ᠲᠦᠷᠦ ᠶᠢᠨ ᠬᠡᠯᠲᠡᠰ ᠠᠴᠠ ᠬᠠᠮᠲᠤᠷᠠᠨ ᠡᠷᠬᠢᠯᠡᠭᠰᠡᠨ ︽ᠤᠯᠤᠰ ᠤᠨ ᠢᠴᠢᠬᠦᠷᠢ ᠶᠢ ᠦᠯᠦ ᠮᠠᠷᠲᠠᠨ · ᠲᠤᠮᠲᠠᠲᠤ ᠶᠢᠨ | ᠵᠡᠭᠦᠲᠦ ᠪᠠᠨ ᠲᠡᠷᠭᠡᠯᠰᠢᠭᠦᠯᠬᠦ — ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠲᠤᠮᠲᠠᠲᠤ ᠤᠯᠤᠰ ᠤᠨ | ᠠᠷᠠᠳ ᠲᠦᠮᠡᠨ ᠤ ᠶᠠᠫᠤᠨ ᠢ ᠡᠰᠡᠷᠬᠦᠴᠡᠭᠰᠡᠨ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠭᠰᠡᠨ ᠲᠠᠶᠢᠨ | ᠢᠯᠠᠯᠲᠠ ᠤᠯᠤᠬᠰᠠᠨ 70 ᠵᠢᠯ ᠤᠨ ᠤᠢ ᠶᠢ ᠲᠤᠷᠠᠰᠬᠠᠬᠤ ᠤᠯᠠᠨ ᠲᠦᠮᠡᠨ ᠤ ᠨᠠᠶᠢᠷᠠᠯ ᠲᠠᠭᠤᠤ︾ ᠶᠢᠨ | ᠠᠵᠢᠯᠯᠠᠭ᠎ᠠ ᠦᠪᠡᠳᠡᠭᠰᠢ ᠶᠡᠬᠡᠪᠡᠷ ᠶᠠᠪᠤᠬᠲᠠᠪᠠ᠃ | ᠦᠪᠡᠷᠲᠡᠭᠡᠨ ᠵᠠᠰᠬᠠᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠷᠧᠨ ᠶᠠ ᠫᠢᠩ᠂ ᠯᠢ ᠵᠢᠶᠠ᠂ | ᠤᠯᠠᠭᠠᠨ᠂ ᠦ᠋ ᠲᠤᠸᠠᠨ ᠶᠢᠩ᠂ ᠯᠢᠦ ᠰᠢᠨ ᠯᠧ᠂ ᠶᠠᠩ ᠴᠧᠩ ᠸᠠᠩ᠂ ᠭᠤᠤ ᠬᠤᠩ ᠭᠤᠸᠠᠩ᠂ ᠬᠤ᠋ ᠢ ᠹᠧᠩ᠂ | ᠮᠠ ᠶᠦᠩ ᠱᠧᠩ᠂ ᠮᠠ ᠵᠢᠶᠠᠨ ᠬᠠᠢ ᠠᠵᠢᠯᠯᠠᠭ᠎ᠠ ᠳᠤ ᠤᠷᠤᠯᠴᠠᠵᠦ᠂ ᠯᠢ ᠵᠢᠶᠠ ᠶᠠᠷᠢᠶ᠎ᠠ ᠲᠠᠯᠪᠢᠨ᠂ ᠤᠯᠠᠭᠠᠨ | ᠡᠷᠬᠢᠯᠡᠵᠡᠢ᠃ | | ᠲᠤᠬᠠᠢ ᠶᠢᠨ ᠲᠠᠯᠠᠪᠠᠢ | | ᠲᠤᠬᠠᠢ ᠶᠢᠨ ᠲᠠᠯᠠᠪᠠᠢ | | ᠲᠤᠬᠠᠢ ᠶᠢᠨ ᠲᠠᠯᠠᠪᠠᠢ | | ᠲᠤᠬᠠᠢ ᠶᠢᠨ ᠲᠠᠯᠠᠪᠠᠢ | ᠯᠢ ᠵᠢᠶᠠ ᠶᠠᠷᠢᠶᠠᠨ ᠳᠠᠭᠠᠨ᠂ ᠲᠡᠯᠡᠬᠡᠢ ᠶᠢᠨ ᠡᠩᠭᠡ ᠲᠠᠶᠢᠪᠤᠩ ᠢ ᠬᠠᠮᠠᠭᠠᠯᠠᠨ᠂ ᠤᠯᠤᠰ ᠦᠨᠳᠦᠰᠦᠲᠡᠨ ᠤ | ᠲᠤᠰᠠᠭᠠᠷ ᠲᠤᠬᠲᠠᠨᠢᠯ ᠪᠤᠯᠤᠨ ᠨᠠᠷᠠ ᠬᠦᠨᠲᠦ ᠶᠢ ᠬᠠᠮᠠᠭᠠᠯᠠᠬᠰᠠᠨ ᠪᠦᠬᠦ ᠤᠷᠤᠨ ᠤ ᠶᠠᠫᠤᠨ ᠢ ᠡᠰᠡᠷᠬᠦᠴᠡᠭᠰᠡᠨ | ᠠᠬᠠᠮᠠᠳ ᠴᠡᠷᠢᠭ ᠪᠤᠯᠤᠨ ᠶᠠᠫᠤᠨ ᠢ ᠡᠰᠡᠷᠬᠦᠴᠡᠭᠰᠡᠨ ᠲᠠᠶᠢᠨ ᠢ ᠲᠡᠮᠵᠢᠭᠰᠡᠨ ᠪᠦᠬᠦ ᠤᠷᠤᠨ ᠤ ᠡᠯ᠎ᠡ ᠦᠨᠳᠦᠰᠦᠲᠡᠨ | ᠡᠯ᠎ᠡ ᠡᠲᠡᠭᠡᠳ ᠤᠨ ᠬᠦᠪᠡᠬᠦᠳ ᠦᠬᠢᠳ ᠲᠤ ᠡᠷᠬᠢᠮ ᠲᠡᠭᠡᠲᠦ ᠬᠦᠨᠳᠦᠳᠬᠡᠯ ᠢᠶᠠᠨ ᠲᠡᠪᠰᠢᠭᠦᠯᠵᠤ ᠪᠠᠶᠢᠨ᠎ᠠ ᠬᠡᠵᠠᠢ᠃ | ᠯᠢ ᠵᠢᠶᠠ ᠵᠢᠭᠠᠵᠦ ᠭᠠᠷᠭᠠᠬᠰᠠᠨ ᠨᠢ᠂ ᠦᠪᠦᠷ ᠮᠤᠩᠭᠤᠯ ᠤᠷᠤᠨ ᠤ ᠶᠠᠫᠤᠨ ᠢ ᠡᠰᠷᠬᠦᠴᠡᠭᠰᠡᠨ ᠲᠡᠮᠡᠴᠡᠯ ᠨᠢ ᠪᠦᠬᠦ | ᠤᠯᠤᠰ ᠤᠨ ᠶᠠᠫᠤᠨ ᠢ ᠡᠰᠷᠬᠦᠴᠡᠭᠰᠡᠨ ᠲᠠᠶᠢᠨ ᠤ ᠲᠤᠮᠲᠠ ᠴᠢᠬᠤᠯᠠ ᠪᠠᠶᠢᠷᠢ ᠰᠠᠭᠤᠷᠢ ᠲᠠᠢ ᠪᠠᠶᠢᠵᠦ᠂ 14 ᠵᠢᠯ ᠤᠨ | ᠤᠷᠳᠤ ᠬᠤᠭᠤᠴᠠᠭᠠᠨ ᠤ ᠶᠠᠫᠤᠨ ᠢ ᠡᠰᠡᠷᠬᠦᠴᠡᠭᠰᠡᠨ ᠲᠡᠮᠡᠴᠡᠯ ᠤᠨ ᠳᠤᠮᠳᠡ᠂ ᠡᠯ᠎ᠡ ᠦᠨᠳᠦᠰᠦᠲᠡᠨ ᠤ ᠠᠷᠠᠳ | ᠲᠦᠮᠡᠨ ᠰᠡᠳᠬᠢᠯ ᠨᠢᠬᠡᠳᠦᠨ ᠪᠦᠯᠬᠦᠮᠲᠡᠵᠤ᠂ ᠠᠷᠢᠭᠤᠨ ᠴᠢᠰᠤ ᠪᠠᠨ ᠤᠷᠤᠰᠬᠠᠠ᠂ ᠪᠦᠬᠦ ᠤᠯᠤᠰ ᠤᠨ ᠶᠠᠫᠤᠨ ᠢ | ᠡᠰᠡᠷᠬᠦᠴᠡᠭᠰᠡᠨ ᠳᠠᠶᠢᠨ ᠤ ᠢᠯᠠᠯᠲᠠ ᠤᠯᠬᠤ ᠳᠤ ᠯᠤᠳᠤ ᠶᠡᠭᠡ ᠦᠷᠡᠭᠲᠡᠯ ᠪᠤᠯᠤᠨ ᠪᠠᠯᠠᠷᠠᠰᠢ ᠦᠭᠡᠢ ᠬᠤᠪᠢ ᠨᠡᠮᠡᠷᠢ | ᠦᠵᠡᠭᠦᠯᠵᠡᠢ᠃ ᠲᠤᠰ ᠤᠳᠠᠭᠠᠨ ᠤ ᠤᠯᠠᠨ ᠲᠦᠮᠡᠨ ᠤ ᠨᠠᠶᠢᠷᠠᠯ ᠲᠠᠭᠤᠤ ᠬᠠᠩᠬᠢᠨᠠᠮ᠎ᠠ ᠠᠶ᠎ᠠ ᠲᠠᠭᠤᠤ ᠪᠠᠷ ᠶᠠᠫᠤᠨ ᠢ | ᠡᠰᠡᠷᠬᠦᠴᠡᠭᠰᠡᠨ ᠲᠠᠶᠢᠨ ᠤ ᠬᠦᠴᠢᠷ ᠪᠡᠷᠭᠡᠰᠢᠶᠡᠯᠲᠡᠢ ᠴᠠᠬ ᠦᠶ᠎ᠡ ᠶᠢ ᠳᠤᠷᠠᠰᠤᠨ ᠰᠠᠨᠠᠭᠠᠯᠵᠠᠵᠦ᠂ ᠲᠠᠯ᠎ᠠ ᠨᠤᠳᠤᠭ ᠤᠨ | ᠬᠦᠪᠡᠭᠦᠳ ᠦᠬᠢᠳ ᠤᠨ ᠡᠩᠬᠡ ᠲᠠᠶᠢᠪᠤᠩ ᠢ ᠬᠠᠶᠢᠷᠠᠯᠠᠨ᠂ ᠡᠬᠡ ᠤᠯᠤᠰ ᠢᠶᠠᠨ ᠬᠠᠶᠢᠷᠠᠯᠠᠬᠤ ᠴᠤᠬ ᠵᠢᠪᠬᠤᠭ᠎ᠠ ᠶᠢ | ᠢᠯᠡᠷᠡᠭᠦᠯᠵᠦ᠂ ᠯᠠᠪᠲᠠᠶᠢᠶ᠎ᠠ ᠪᠦᠬᠦ ᠤᠷᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠬᠦᠴᠦᠷᠭᠡᠭ ᠶᠡᠭᠡ ᠤᠶᠤᠨ ᠰᠠᠨᠠᠭᠠᠨ ᠤ ᠬᠦᠴᠦᠨ ᠢ ᠨᠢᠬᠲᠠᠷᠠᠭᠤᠯᠵᠦ ᠴᠢᠲᠠᠨ᠎ᠠ ᠬᠡᠵᠡᠢ᠃ | ᠯᠢ ᠵᠢᠶᠠ ᠴᠢᠬᠤᠯᠠᠴᠢᠯᠠᠬᠰᠠᠨ ᠨᠢ᠂ ᠲᠠᠶᠢᠨ ᠢ ᠦᠯᠦ ᠮᠠᠷᠳᠠᠬᠤ ᠨᠢ ᠡᠩᠬᠡ ᠲᠠᠶᠢᠪᠤᠩ ᠢ ᠨᠡᠩ ᠰᠠᠶᠢᠨ | ᠬᠠᠮᠠᠭᠠᠯᠠᠬᠤ ᠶᠢᠨ ᠲᠦᠯᠦᠭᠡ︔ ᠲᠡᠦᠬᠡ ᠶᠢ ᠦᠯᠦ ᠮᠠᠷᠳᠠᠬᠤ ᠨᠢ ᠢᠷᠡᠭᠡᠲᠦᠢ ᠪᠠᠨ ᠨᠡᠩ ᠰᠠᠶᠢᠨ ᠪᠠᠷᠠᠯᠠᠬᠤ ᠶᠢᠨ | ᠲᠦᠯᠦᠭᠡ ᠪᠤᠯᠤᠨ᠎ᠠ᠃ ᠪᠢᠲᠡ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ | ᠬᠤᠷᠢᠶ᠎ᠠ ᠶᠢᠨ ᠲᠤᠭᠤᠷᠢᠨ ᠳᠤ ᠨᠢᠬᠲᠠ ᠪᠦᠯᠬᠦᠮᠲᠡᠵᠦ᠂ ᠶᠠᠫᠤᠨ ᠢ ᠡᠰᠡᠷᠬᠦᠴᠡᠭᠰᠡᠡ ᠠᠭᠤᠤ ᠶᠡᠭᠡ ᠵᠤᠷᠢᠭ ᠰᠠᠨᠠᠭ᠎ᠠ ᠶᠢ | ᠪᠠᠲᠠᠷᠠᠭᠤᠯᠤᠨ᠂ ᠰᠡᠳᠬᠢᠯ ᠰᠠᠨᠠᠭ᠎ᠠ ᠪᠠᠨ ᠨᠢᠭᠡᠳᠬᠡᠨ᠂ ᠪᠦᠯᠬᠦᠮᠲᠡᠨ ᠲᠡᠮᠡᠴᠡᠵᠦ᠂ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢ ᠵᠤᠬᠢᠴᠠᠭᠤᠯᠤᠨ ᠠᠬᠢᠭᠤᠯᠵᠦ᠂ ᠡᠬᠡ ᠤᠯᠤᠰ ᠤᠨ ᠤᠮᠠᠷᠠᠲᠦ ᠶᠢᠨ ᠦᠵᠡᠮᠵᠢ ᠶᠢᠨ | ᠤᠷᠤᠨ ᠢ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠲᠦᠭᠡᠨ ᠪᠠᠶᠢᠭᠤᠯᠵᠦ᠂ ︽ᠬᠤᠤᠰ ᠵᠠᠭᠤᠨ ᠵᠢᠯ︾ ᠤᠨ | ᠲᠡᠮᠡᠴᠡᠯ ᠤᠨ ᠬᠠᠷᠠᠯᠲᠠ ᠪᠤᠯᠤᠨ ᠲᠤᠮᠲᠠᠲᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠲᠤᠯᠲᠠ ᠶᠢᠨ | ᠲᠤᠮᠲᠠᠲᠤ ᠶᠢᠨ ᠵᠡᠭᠦᠲᠦ ᠶᠢ ᠳᠡᠷᠬᠡᠯᠰᠢᠬᠦᠯᠬᠦ ᠪᠠᠷ ᠴᠢᠷᠮᠠᠶᠢᠨ ᠲᠡᠮᠡᠴᠡᠬᠦ ᠬᠡᠷᠡᠭᠲᠡᠢ ᠬᠡᠵᠡᠢ᠃ | ᠤᠯᠠᠭᠠᠨ ᠵᠢᠭᠠᠵᠤ ᠭᠠᠷᠭᠠᠭᠰᠠᠨ ᠨᠢ᠂ ᠶᠠᠫᠤᠨ ᠢ ᠡᠰᠡᠷᠬᠦᠴᠡᠭᠦ ᠲᠠᠶᠢᠨ ᠤ ᠰᠤᠩᠭᠤᠲᠠᠬ ᠲᠠᠭᠤᠤ ᠶᠠᠫᠤᠨ ᠢ | ᠡᠰᠡᠷᠬᠦᠴᠡᠬᠦ ᠲᠠᠶᠢᠨ ᠤ ᠠᠭᠤᠤ ᠶᠡᠭᠡ ᠵᠤᠷᠢᠭ ᠰᠠᠨᠠᠭ᠎ᠠ ᠶᠢ ᠪᠠᠲᠠᠷᠠᠭᠤᠯᠤᠨ᠂ ᠡᠬᠡ ᠤᠷᠤᠨᠴᠢ ᠦᠵᠡᠯ ᠤᠨ ᠬᠦᠮᠦᠵᠢᠯ | ᠪᠤᠯᠤᠨ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠶᠢ ᠦᠢᠯᠡᠲᠦᠯᠭᠡᠵᠢᠭᠦᠯᠬᠦ ᠴᠢᠬᠤᠯᠠ | ᠠᠴᠢᠶᠠᠯᠠᠪᠤᠷᠢ ᠪᠠᠶᠢᠵᠦ᠂ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠤ ᠲᠤᠮᠲᠠ ᠬᠦᠨ ᠵᠤᠵᠠᠭᠠᠨ ᠤᠯᠠᠮᠵᠢᠯᠠᠨ | ᠲᠠᠭᠤᠯᠠᠬᠰᠠᠨ ᠰᠠᠭᠤᠷᠢ ᠪᠤᠯᠤᠨ ᠬᠦᠮᠦᠰ ᠢ ᠴᠢᠷᠮᠠᠶᠢᠨ ᠲᠡᠮᠡᠴᠡᠭᠦᠯᠬᠦ ᠵᠤᠷᠢᠭ ᠰᠠᠨᠠᠭᠠᠨ ᠤ ᠬᠦᠴᠦᠨ ᠴᠢᠲᠠᠯ ᠲᠠᠢ | ᠪᠠᠶᠢᠲᠠᠭ᠃ ᠲᠤᠰ ᠤᠳᠠᠭᠠᠨ ᠤ ᠠᠵᠢᠯᠯᠠᠭ᠎ᠠ ᠶᠢ ᠬᠦᠢᠴᠡᠳ ᠠᠰᠢᠬᠯᠠᠨ ᠶᠠᠫᠥᠨ ᠢ ᠡᠰᠡᠷᠬᠦᠴᠡᠭᠰᠡᠨ ᠲᠠᠶᠢᠨ ᠤ | ᠲᠠᠭᠤᠤ ᠶᠢ ᠢᠯᠡᠭᠦᠭᠡᠨ ᠤᠯᠠᠮᠵᠢᠯᠠᠨ ᠲᠠᠭᠤᠯᠠᠵᠦ᠂ ᠶᠠᠫᠤᠨ ᠢ ᠡᠰᠡᠷᠬᠦᠴᠡᠭᠰᠡᠨ ᠲᠠᠶᠢᠨ ᠤ ᠴᠠᠬ ᠦᠶ᠎ᠡ ᠶᠢ | ᠰᠠᠨᠠᠭᠠᠯᠵᠠᠵᠦ᠂ ᠲᠤᠮᠲᠠᠲᠤ ᠤᠯᠤᠰ ᠤᠨ ᠶᠠᠫᠥᠨ ᠢ ᠡᠰᠡᠷᠬᠦᠴᠡᠭᠰᠡᠡ ᠲᠠᠶᠢᠨ ᠤ ᠠᠮᠵᠢᠯᠲᠠ ᠶᠢ ᠶᠡᠬᠡᠪᠡᠷ ᠤᠬᠠᠭᠤᠯᠵᠦ᠂ | ᠬᠦᠴᠦᠷᠭᠡᠭ ᠶᠡᠭᠡ ᠤᠶᠤᠨ ᠰᠠᠨᠠᠭᠠᠨ ᠤ ᠬᠦᠲᠡᠯᠭᠡᠭᠦ ᠬᠦᠴᠦᠨ ᠢ ᠨᠢᠬᠲᠠᠷᠠᠭᠤᠯᠤᠨ᠂ ᠲᠤᠬᠠᠢᠢᠯᠠᠬᠰᠠᠨ ᠠᠵᠢᠯ ᠤᠨ | ᠪᠠᠶᠢᠷᠢ ᠲᠡᠭᠡᠷ᠎ᠠ ᠪᠠᠨ ᠭᠠᠪᠢᠶ᠎ᠠ ᠪᠠᠶᠢᠭᠤᠯᠤᠨ ᠦᠢᠯᠡᠰ ᠪᠤᠰᠬᠠᠵᠦ᠂ ᠬᠠᠷᠢᠭᠤᠴᠠᠯᠭ᠎ᠠ ᠪᠠᠨ ᠬᠦᠢᠴᠡᠳᠭᠡᠨ ᠵᠡᠭᠦᠲᠦ ᠪᠠᠨ | ᠲᠡᠷᠭᠡᠯᠰᠢᠭᠦᠯᠬᠦ ᠬᠡᠷᠡᠭᠲᠡᠢ ᠬᠡᠵᠡᠢ᠃ | ᠬᠦᠬᠡᠬᠤᠲᠠ ᠤᠷᠤᠨ ᠪᠤᠯᠤᠨ ᠪᠤᠭᠤᠲᠦ ᠬᠤᠲᠠ ᠶᠢᠨ ᠠᠵᠦ ᠠᠬᠤᠢᠢᠯᠠᠯ ᠤᠨ ᠠᠵᠢᠯᠲᠠᠳ᠂ ᠮᠠᠯᠴᠢᠨ | ᠲᠠᠷᠢᠶᠠᠴᠢᠳ᠂ ᠶᠡᠭᠡ ᠲᠡᠭᠡᠲᠦ ᠰᠤᠷᠭᠠᠭᠤᠯᠢ ᠶᠢᠨ ᠰᠤᠷᠤᠬᠴᠢᠳ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ᠂ | ᠠᠵᠢᠯ ᠠᠴᠠ ᠪᠠᠨ ᠲᠠᠷᠬᠠᠯᠠᠬᠲᠠᠬᠰᠠᠨ ᠠᠵᠢᠯ ᠠᠴᠠ ᠪᠠᠨ ᠠᠮᠠᠷᠠᠬᠰᠠᠨ ᠨᠦᠬᠦᠳ ᠪᠤᠯᠤᠨ ᠪᠠᠶᠢᠭᠤᠯᠭ᠎ᠠ ᠶᠢᠨ | ᠺᠠᠳ᠋ᠷᠴᠤᠳ ᠢᠶᠠᠷ ᠪᠦᠷᠢᠯᠲᠦᠭᠰᠡᠨ 15 ᠨᠠᠶᠢᠷᠠᠯ ᠲᠠᠭᠤᠤ ᠶᠢᠨ ᠡᠩᠨᠡᠭᠡ ᠤᠷᠬᠢᠯᠤᠮ᠎ᠠ ᠬᠠᠯᠠᠭᠤᠨ ᠰᠡᠳᠬᠢᠯᠭᠡ ᠪᠠᠷ ︽ | ᠰᠤᠩᠭᠠᠷᠠᠢ ᠮᠦᠷᠡᠨ ᠲᠡᠭᠡᠷ᠎ᠡ︾᠂ ︽ᠬᠠᠲᠤᠨ ᠭᠤᠤᠯ ᠢᠶᠠᠨ ᠬᠠᠮᠠᠭᠠᠯᠠᠶ᠎ᠠ︾᠂ ︽ᠺᠠᠴᠢᠤᠱᠠ︾ ︽ᠬᠤᠪᠢᠰᠲᠦ | ᠬᠤᠭᠤᠷ ᠢᠶᠠᠨ ᠠᠳᠬᠤᠵᠦ ᠠᠭᠤᠤ ᠨᠠᠮ ᠢᠶᠠᠨ ᠲᠠᠭᠤᠯᠠᠶ᠎ᠠ︾ ᠵᠡᠷᠭᠡ ᠲᠠᠭᠤᠤ ᠶᠢ ᠲᠠᠭᠤᠯᠠᠵᠠᠢ᠃ ᠡᠴᠦᠰ ᠲᠤ᠂ ᠪᠦᠬᠦ | ᠲᠠᠯᠠᠪᠠᠢ ᠳᠠᠶᠠᠭᠠᠷ ᠤᠨ 5000 ᠰᠢᠬᠠᠮ ᠬᠦᠮᠦᠰ ᠤᠨ ᠬᠠᠮᠳᠤᠪᠡᠷ ᠲᠠᠭᠤᠯᠠᠬᠰᠠᠨ ︽ᠡᠬᠡ ᠤᠯᠤᠰ ᠢᠶᠠᠨ ᠮᠠᠬᠲᠠᠨ | ᠲᠠᠭᠤᠯᠠᠶ᠎ᠠ︾ ᠬᠡᠬᠦ ᠲᠠᠭᠤᠨ ᠤ ᠲᠤᠮᠲᠠ ᠳᠤᠰ ᠤᠳᠠᠭᠠᠨ ᠤ ᠠᠵᠢᠯᠯᠠᠭ᠎ᠠ ᠳᠡᠬᠦᠰ ᠠᠮᠵᠢᠯᠲᠠ ᠲᠠᠢ ᠦᠨᠳᠦᠷᠯᠡᠪᠡ᠃ |