ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ᠄ ᠪᠦᠬᠦ ᠣᠷᠣᠨ ᠤ ᠬᠥᠮᠦᠨ ᠠᠮᠠ ᠴᠥᠭᠡᠪᠲᠦᠷ ᠦᠨᠳᠦᠰᠦᠲᠡᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠥᠲᠦᠭᠡᠬᠦ ᠶᠢ ᠴᠢᠷᠮᠠᠶᠢᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2015/9/2
    8 ᠳ᠋ᠤᠭᠠᠷ ᠰᠠᠷ᠎ᠠ ᠶᠢᠨ 31᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠲᠤᠰᠬᠠᠶ ᠰᠡᠳᠦᠪ ᠢᠶᠠᠷ ᠵᠦᠪᠳᠡᠯᠴᠡᠨ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠨ ᠤ ᠣᠷᠣᠨ ᠤ ᠬᠥᠮᠦᠨ ᠠᠮᠠ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠳᠡᠳᠬᠦᠬᠦ ︽12.5︾᠎ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠤᠴᠢᠷ ᠢ ᠵᠦᠪᠳᠡᠯᠴᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠢᠦᠢ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠵᠦᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ ᠬᠠᠷᠢᠭᠤᠴᠠᠵᠤ ᠪᠥᠬᠦᠢ ᠨᠥᠬᠦᠳ ᠪᠣᠯᠣᠨ ᠬᠡᠰᠡᠭ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠶᠠᠷᠢᠯᠴᠠᠨ ᠵᠦᠪᠳᠡᠯᠴᠡᠬᠦ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠵᠦᠪᠳᠡᠯᠴᠡᠬᠦ ᠳᠡᠭᠡᠨ᠂ ᠬᠥᠮᠦᠨ ᠠᠮᠠ ᠴᠥᠭᠡᠪᠲᠦᠷ ᠦᠨᠳᠦᠰᠦᠲᠡᠨ ᠤ ᠦᠳᠲᠡᠷ ᠲᠦᠷᠭᠡᠨ ᠬᠥᠭᠵᠢᠬᠦ ᠶᠢ ᠬᠦᠴᠦᠨ ᠢᠶᠠᠨ ᠲᠥᠪᠯᠡᠷᠡᠭᠦᠯᠦᠨ ᠳᠡᠳᠬᠦᠬᠦ ᠪᠣᠯ ᠤᠯᠤᠰ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠬᠤ ᠪᠥᠭᠡᠳ ᠮᠥᠨ ᠴᠦ ᠮᠠᠨ ᠤ ᠣᠷᠣᠨ ᠤ ᠡᠯ᠎ᠡ ᠦᠨᠳᠦᠰᠦᠲᠡᠨ ︽ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾᠎ ᠶᠢ ᠪᠠᠷᠢᠮᠲᠠᠯᠠᠬᠤ ᠴᠢᠬᠤᠯᠠ ᠶᠡᠭᠡ ᠠᠷᠭ᠎ᠠ ᠠᠪᠴᠢᠯ ᠪᠣᠯᠣᠨ᠎ᠠ ᠭᠡᠵᠦ ᠦᠵᠡᠴᠡᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ 18 ᠵᠦᠪᠯᠡᠯ ᠠᠯᠪᠠᠨ ᠭᠡᠷ ᠲᠢᠩᠬᠢᠮ ᠲᠣᠪᠴᠢᠶ᠎ᠠ ᠳᠤ ᠳᠠᠭᠠᠭᠠᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠳᠡᠳᠬᠦᠬᠦ ︿12.5﹀᠎ ᠶᠢᠨ ᠲᠥᠯᠥᠪᠵᠢᠭᠦᠯᠭᠡ︾᠎ ᠶᠢ ᠲᠣᠭᠲᠠᠭᠠᠨ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠭᠤᠣᠯ ᠪᠣᠯᠭᠠᠨ ᠲᠦᠯᠬᠢᠨ ᠠᠬᠢᠭᠤᠯᠬᠤ᠂ ᠪᠥᠬᠦᠶᠢᠯᠡ ᠲᠣᠰᠬᠤᠨ ᠢᠶᠠᠷ ᠨᠢ ᠲᠦᠯᠬᠢᠨ ᠠᠬᠢᠭᠤᠯᠬᠤ ᠪᠠᠷ ᠰᠠᠭᠤᠷᠢ ᠠᠷᠭ᠎ᠠ ᠮᠠᠶ᠋ᠢᠭ ᠪᠣᠯᠭᠠᠭᠰᠠᠨ᠂ ᠬᠥᠮᠦᠨ ᠠᠮᠠ ᠴᠥᠭᠡᠪᠲᠦᠷ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠴᠠᠭ᠎ᠠ ᠲᠣᠰᠬᠤᠨ ᠢᠶᠠᠷ ᠦᠨᠳᠦᠰᠦᠨ ᠬᠡᠷᠡᠭᠵᠢᠭᠦᠯᠬᠦ ᠬᠡᠪᠴᠢᠶ᠎ᠡ ᠪᠣᠯᠭᠠᠭᠰᠠᠨ ᠦᠨᠳᠦᠰᠦᠨ ᠠᠵᠢᠯᠯᠠᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ ᠦᠢᠯᠡᠳᠪᠦᠷᠢᠯᠡᠯ ᠭᠥᠭᠵᠢᠵᠦ᠂ ᠠᠮᠢᠳᠤᠷᠠᠯ ᠳᠡᠭᠡᠭᠰᠢᠯᠡᠨ᠂ ᠠᠮᠢ ᠠᠬᠤᠶ ᠰᠠᠶᠢᠵᠢᠷᠠᠵᠤ᠂ ᠦᠨᠳᠦᠰᠦᠲᠡᠨ ᠪᠥᠯᠬᠦᠮᠳᠡᠭᠰᠡᠨ᠂ ᠨᠡᠶᠢᠭᠡᠮ ᠡᠶ᠎ᠡ ᠵᠣᠬᠢᠴᠠᠯ ᠲᠠᠢ ᠪᠣᠯᠣᠭᠰᠠᠨ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠣᠯᠠᠨ ᠢᠶᠠᠷ ᠢᠶᠠᠨ ᠵᠦᠪᠳᠡᠯᠴᠡᠬᠦ ᠳᠤᠮᠳᠠ ᠪᠠᠰᠠ ᠵᠠᠷᠢᠮ ᠪᠣᠲᠠᠲᠠᠢ ᠬᠦᠴᠢᠷᠳᠡᠯ ᠪᠣᠯᠣᠨ ᠠᠰᠠᠭᠤᠳᠠᠯ᠂ ᠵᠢᠱᠢᠶᠡᠯᠡᠪᠡᠯ ᠣᠷᠣᠨ ᠨᠤᠲᠤᠭ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢᠨ ᠠᠰᠠᠭᠤᠳᠠᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠢᠭᠤᠯᠤᠯᠲᠠ ᠶᠢᠨ ᠠᠰᠠᠭᠤᠳᠠᠯ᠂ ᠳᠠᠪᠠᠭᠤᠯᠢᠭ ᠪᠦᠬᠦᠢ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠵᠡᠷᠭᠡ ᠳᠤ ᠬᠠᠨᠳᠤᠭᠤᠯᠤᠨ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠬᠥᠮᠦᠨ ᠠᠮᠠ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠳᠡᠳᠬᠦᠬᠦ ᠠᠰᠠᠭᠤᠳᠠᠯ ᠳᠤ ᠬᠠᠨᠳᠤᠭᠤᠯᠤᠨ᠂ ᠦᠵᠡᠯ ᠰᠠᠨᠠᠭᠠᠨ ᠤ ᠲᠠᠯ᠎ᠠ ᠢᠶᠠᠷ ᠴᠢᠬᠤᠯᠠᠴᠢᠯᠠᠨ᠂ ᠦᠢᠯᠡ ᠠᠵᠢᠯᠯᠠᠭ᠎ᠠ ᠶᠢᠨ ᠲᠠᠯ᠎ᠠ ᠢᠶᠠᠷ ᠮᠡᠳᠡᠷᠡᠵᠦ᠂ ︽12.5︾᠎ ᠶᠢᠨ ᠲᠥᠯᠥᠪᠵᠢᠭᠦᠯᠭᠡ ᠤᠨ ᠠᠵᠢᠯ ᠤᠨ ᠳ᠋ᠦᠩᠨᠡᠯᠲᠡ ᠪᠣᠯᠣᠨ ︽13.5︾᠎ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠤᠨ᠂ ᠳᠡᠳᠬᠦᠬᠦ ᠠᠵᠢᠯ ᠢ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠬᠦ ᠯᠦᠭᠡ ᠤᠶᠠᠯᠳᠤᠭᠤᠯᠤᠨ᠂ ᠬᠥᠮᠦᠨ ᠠᠮᠠ ᠴᠥᠭᠡᠪᠲᠦᠷ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠣᠷᠣᠨ ᠤ ᠬᠥᠭᠵᠢᠯᠲᠡ ᠶᠢᠨ ᠶᠡᠷᠦᠩᠬᠡᠶ ᠣᠷᠣᠭᠤᠯᠤᠯᠲᠠ ᠶᠢ ᠨᠡᠮᠡᠭᠳᠡᠭᠦᠯᠵᠦ᠂ ᠣᠷᠣᠨ ᠨᠤᠲᠤᠭ ᠤᠨ ᠳᠠᠪᠠᠭᠤᠯᠢᠭ ᠣᠨᠴᠠᠯᠢᠭ ᠪᠦᠬᠦᠢ ᠲᠤᠯᠭᠠᠭᠤᠷᠢ ᠠᠵᠤ ᠦᠢᠯᠡᠰ ᠢ ᠲᠦᠷᠭᠡᠬᠡᠨ ᠪᠤᠶ ᠪᠣᠯᠭᠠᠵᠤ᠂ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠬᠥᠮᠦᠨ ᠠᠮᠠ ᠴᠥᠭᠡᠪᠲᠦᠷ ᠦᠨᠳᠦᠰᠦᠲᠡᠨ ᠤ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠤᠭᠠᠷ ᠪᠦᠬᠦ ᠲᠠᠯ᠎ᠠ ᠪᠠᠷ ᠪᠠᠶᠢᠭᠤᠯᠤᠨ ᠪᠥᠲᠦᠭᠡᠬᠦ ᠶᠢ ᠠᠬᠢᠭᠤᠯᠬᠤ ᠬᠡᠷᠡᠭᠲᠡᠢ ᠭᠡᠵᠦ ᠬᠤᠷᠠᠯ ᠳᠤ ᠣᠷᠣᠯᠴᠠᠭᠰᠠᠳ ᠦᠵᠡᠴᠡᠭᠡᠪᠡ᠃      ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠣᠰᠣᠭᠠᠷ᠂ ᠮᠠᠨ ᠤ ᠣᠷᠣᠨ ᠤ ᠳᠠᠭᠤᠷ᠂ ᠡᠸᠡᠩᠬᠢ᠂ ᠣᠷᠴᠣᠨ ᠪᠣᠯᠣᠨ ᠣᠷᠣᠰ ᠦᠨᠳᠦᠰᠦᠲᠡᠨ ᠬᠥᠮᠦᠨ ᠠᠮᠠ ᠴᠥᠭᠡᠪᠲᠦᠷ ᠦᠨᠳᠦᠰᠦᠲᠡᠨ ᠢ ᠳᠡᠳᠬᠦᠬᠦ ᠬᠡᠪᠴᠢᠶᠡᠨ ᠳᠤ ᠵᠢᠭᠰᠠᠭᠠᠭᠳᠠᠨ ᠣᠷᠣᠪᠠ᠃ 4 ᠦᠨᠳᠦᠰᠦᠲᠡᠨ ᠤ ᠬᠥᠮᠦᠨ ᠠᠮᠠ ᠪᠠᠷᠤᠭ 13.8 ᠲᠥᠮᠡ ᠪᠠᠶᠢᠵᠤ᠂ ᠭᠤᠣᠯᠳᠠᠭᠤ ᠬᠥᠯᠥᠨ ᠪᠤᠶᠢᠷ ᠬᠤᠲᠠ ᠶᠢᠨ 9 ᠬᠤᠰᠢᠭᠤ ᠰᠢᠶᠠᠨ ᠬᠤᠲᠠ᠂ 48 ᠰᠣᠮᠣ ᠰᠢᠶᠠᠩ ᠪᠠᠯᠭᠠᠰᠤ᠂192 ᠭᠠᠴᠠᠭ᠎ᠠ ᠲᠣᠰᠬᠤᠨ ᠳᠤ ᠲᠠᠷᠬᠠᠵᠤ ᠪᠣᠢ᠃ ᠬᠥᠮᠦᠨ ᠠᠮᠠ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠳᠡᠳᠬᠦᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠤᠯᠤᠰ ᠲᠥᠷᠥ ᠶᠢᠨ ᠵᠥᠪᠯᠡᠯᠭᠡᠨ ᠤ ᠲᠣᠭᠲᠠᠭᠠᠭᠰᠠᠨ 2015 ᠣᠨ ᠤ ᠵᠥᠪᠳᠡᠯᠴᠡᠬᠦ ᠲᠥᠯᠥᠪᠯᠡᠭᠡ ᠎ ᠳᠠᠬᠢ ᠵᠦᠪᠯᠡᠬᠦ ᠰᠡᠳᠦᠪ ᠤᠨ ᠨᠢᠭᠡ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号