ᠥᠪᠡᠷᠲᠡᠭᠡᠨ ᠵᠠᠰᠠᠬᠤ ᠣᠷᠣᠨ ᠡᠨᠡ ᠵᠢᠯ ᠥᠪᠥᠷ ᠮᠣᠩᠭᠤᠯ ᠤᠨ ᠡᠷᠦᠬᠡ ᠠᠮᠠ ᠲᠠᠢ ᠪᠥᠭᠡᠳ ᠡᠯᠰᠡᠭᠳᠡᠬᠦ | ᠳᠡᠭᠡᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠥᠬᠦᠢ ᠭᠡᠷ ᠪᠦᠯᠢ ᠶᠢᠨ | ᠦᠷ᠎ᠡ ᠬᠡᠦᠬᠡᠳ ᠪᠣᠯᠬᠤ ᠰᠢᠨ᠎ᠡ ᠣᠶᠣᠲᠠᠨ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠶᠠᠪᠤᠭᠤᠯᠵᠤ᠂ | ᠠᠩᠬᠠᠳᠠᠭᠴᠢ ᠪᠦᠯᠦᠭ ᠲᠤᠰᠠᠯᠠᠮᠵᠢ ᠬᠥᠷᠲᠡᠬᠦ 6470 ᠬᠥᠮᠦᠨ ᠢ ᠨᠢᠭᠡᠨᠲᠡ ᠲᠣᠭᠲᠠᠭᠠᠵᠤ᠂ 2.4226 | ᠳ᠋ᠦᠡᠭᠰᠢᠭᠤᠷ ᠲᠥᠭᠦᠷᠢᠭ ᠤᠨ ᠲᠤᠰᠠᠯᠠᠮᠵᠢ ᠶᠢᠨ ᠮᠥᠩᠭᠦ ᠶᠢ ᠨᠢᠭᠡᠨᠲᠡ ᠲᠤᠭ᠎ᠠ ᠶᠣᠰᠣᠭᠠᠷ ᠳᠣᠷᠣᠭᠰᠢ ᠪᠠᠭᠤᠯᠭᠠᠵᠤ᠂ | ᠤᠳᠠᠯ ᠦᠭᠡᠶ ᠣᠯᠭᠤᠬᠤ ᠪᠣᠯᠣᠨ᠎ᠠ᠃ ᠣᠶᠢᠯᠠᠭᠠᠭᠰᠠᠨ ᠢᠶᠠᠷ᠂ ᠪᠦᠬᠦ ᠣᠷᠣᠨ ᠤ ᠬᠤᠶᠠᠳᠤᠭᠠᠷ ᠪᠦᠯᠦᠭ ᠲᠤᠰᠠᠯᠠᠮᠵᠢ | ᠬᠥᠷᠲᠡᠬᠦ ᠰᠤᠷᠤᠭᠴᠢ ᠶᠢᠨ ᠨᠡᠷᠡᠰ ᠢ 9 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠲᠣᠭᠲᠠᠭᠠᠬᠤ ᠶᠢᠨ ᠬᠠᠮᠲᠤ | ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠳᠤ ᠳᠡᠳᠬᠦᠬᠦ ᠬᠠᠮᠢᠶᠠᠷᠤᠯᠲᠠ ᠶᠢᠨ ᠲᠥᠪ ᠲᠤ ᠮᠡᠳᠡᠭᠦᠯᠵᠦ᠂ | ᠲᠤᠰᠠᠯᠠᠮᠵᠢ ᠶᠢᠨ ᠮᠥᠩᠭᠦ ᠶᠢ 9 ᠳ᠋ᠤᠭᠡᠷ ᠰᠠᠷ᠎ᠠ ᠶᠢᠨ ᠰᠡᠭᠦᠯᠴᠢ ᠳᠤ ᠪᠥᠬᠦᠨ ᠢ ᠰᠤᠷᠤᠭᠴᠢᠳ ᠲᠤ ᠣᠯᠭᠤᠬᠤ | ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ 2014 ᠣᠨ ᠠᠴᠠ | ᠡᠬᠢᠯᠡᠨ᠂ ᠥᠪᠥᠷ ᠮᠣᠩᠭᠤᠯ ᠤᠨ ᠡᠷᠦᠬᠡ ᠠᠮᠠ ᠲᠠᠢ ᠪᠥᠭᠡᠳ ᠡᠯᠰᠡᠭᠳᠡᠬᠦ ᠳᠡᠭᠡᠨ ᠬᠤᠲᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠥᠬᠦᠢ ᠭᠡᠷ ᠪᠦᠯᠢ ᠶᠢᠨ ᠦᠷ᠎ᠡ ᠬᠡᠦᠬᠡᠳ ᠪᠣᠯᠬᠤ ᠰᠢᠨ᠎ᠡ | ᠣᠶᠣᠲᠠᠨ᠂ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠥᠷᠥᠯ ᠳᠤ ᠰᠢᠯᠭᠠᠨ ᠣᠷᠣᠭᠰᠠᠨ ᠪᠣᠯ | ᠨᠢᠭᠡ ᠤᠳᠠᠭ᠎ᠠ ᠶᠢᠨ ᠴᠢᠨᠠᠷᠲᠠᠢ 4 ᠲᠦᠮᠡᠨ ᠲᠥᠭᠦᠷᠢᠭ ᠲᠤᠰᠠᠯᠠᠵᠤ᠂ ᠲᠤᠰᠬᠠᠶ ᠮᠡᠷᠭᠡᠵᠢᠯ ᠤᠨ ᠠᠩᠭᠢ ᠪᠤᠶᠤ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠲᠥᠷᠥᠯ ᠳᠤ ᠰᠢᠯᠭᠠᠨ ᠣᠷᠣᠭᠰᠠᠨ ᠪᠣᠯ ᠨᠢᠭᠡ ᠤᠳᠠᠭ᠎ᠠ ᠶᠢᠨ ᠴᠢᠨᠠᠷᠲᠠᠶ 3 ᠲᠦᠮᠡᠨ ᠲᠥᠭᠦᠷᠢᠭ | ᠲᠤᠰᠠᠯᠠᠵᠤ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠵᠠᠰᠠᠭ | ᠡᠭᠦᠷᠭᠡᠯᠡᠬᠦ ᠪᠠᠷ ᠲᠣᠭᠲᠠᠪᠠ᠃ ᠲᠤᠰ ᠵᠢᠯ᠂ ᠪᠦᠬᠦ ᠣᠷᠣᠨ ᠨᠡᠶᠢᠲᠡ 6.54 ᠳ᠋ᠦᠡᠭᠰᠢᠭᠤᠷ ᠲᠥᠭᠦᠷᠢᠭ ᠤᠨ | ᠲᠤᠰᠠᠯᠠᠮᠵᠢ ᠶᠢᠨ ᠮᠥᠩᠭᠦ ᠲᠠᠷᠬᠠᠭᠠᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠬᠦᠷᠲᠡᠵᠦ ᠪᠥᠬᠦᠢ ᠭᠡᠷ ᠪᠦᠯᠢ ᠶᠢᠨ ᠦᠷ᠎ᠡ ᠬᠡᠦᠬᠡᠳ ᠤᠨ ᠡᠩ ᠤᠨ ᠳᠡᠭᠡᠳᠦ ᠰᠤᠷᠭᠠᠭᠤᠯᠢ ᠳᠤ ᠰᠢᠯᠭᠠᠭᠤᠯᠤᠨ | ᠣᠷᠣᠭᠰᠠᠨ 1.86 ᠲᠥᠮᠡᠨ ᠰᠢᠨ᠎ᠡ ᠣᠶᠤᠲᠠᠳ ᠢ ᠲᠤᠰᠠᠯᠠᠪᠠ᠃ |