ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠤᠲᠤᠭ ᠪᠡᠯᠴᠢᠭᠡᠷ ᠤᠨ ᠡᠷᠬᠡ ᠶᠢ ᠲᠤᠲᠤᠯᠤᠨ ᠳᠠᠭᠠᠭᠠᠴᠢᠯᠠᠭᠤᠯᠬᠤ ᠪᠠ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠬᠤ ᠲᠠᠯ᠎ᠠ ᠪᠠᠷ ᠪᠠᠶᠢᠴᠠᠭᠠᠨ ᠰᠤᠳᠤᠯᠬᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/9/2
     ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠤᠬᠢᠷᠠᠭᠤᠯᠤᠭᠰᠠᠨ ᠪᠠᠶᠢᠷᠢᠯᠠᠭᠤᠯᠤᠯᠲᠠ ᠶᠣᠰᠣᠭᠠᠷ᠂ 8 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ ᠲᠢᠩᠬᠢᠮ ᠤᠨ ᠳᠡᠳ᠋ ᠳᠠᠷᠤᠭ᠎ᠠ ᠯᠢᠤ ᠶᠦᠡᠭ ᡁᠢ ᠨᠤᠲᠤᠭ ᠪᠡᠯᠴᠢᠭᠡᠷ ᠤᠨ ᠡᠷᠬᠡ ᠶᠢ ᠲᠤᠲᠤᠯᠤᠨ ᠳᠠᠭᠠᠭᠠᠴᠢᠯᠠᠭᠤᠯᠬᠤ ᠪᠠ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠬᠤ ᠲᠠᠯ᠎ᠠ ᠪᠠᠷ ᠪᠠᠶᠢᠴᠠᠭᠠᠨ ᠰᠤᠳᠤᠯᠬᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠤᠷᠠᠯ ᠢ ᠡᠷᠬᠢᠯᠡᠨ ᠬᠤᠷᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ᠂ ᠡᠪᠡᠰᠦ ᠪᠡᠯᠴᠢᠭᠡᠷ ᠤᠨ ᠬᠢᠨᠠᠨ ᠬᠠᠮᠢᠶᠠᠷᠬᠤ ᠲᠤᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠠᠶᠢᠮᠠᠭ ︵ᠬᠤᠲᠠ︶᠎ ᠤᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ᠨᠤᠲᠤᠭ ᠪᠡᠯᠴᠢᠭᠡᠷ ᠢ ᠬᠤᠪᠢᠳᠠᠨ ᠬᠠᠮᠢᠶᠠᠷᠬᠤ ᠳᠡᠳ᠋ ᠳᠠᠷᠤᠭ᠎ᠠ᠂ ᠨᠤᠲᠤᠭ ᠪᠡᠯᠴᠢᠭᠡᠷ ᠤᠨ ᠰᠠᠯᠠᠭ᠎ᠠ ᠶᠢᠨ ᠳᠠᠷᠤᠭ᠎ᠠ᠂ ᠲᠤᠷᠰᠢᠯᠲᠠ ᠬᠢᠬᠦ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠤᠨ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠪᠠ᠃ ᠬᠤᠷᠠᠯ ᠨᠢ ᠡᠯ᠎ᠡ ᠠᠶᠢᠮᠠᠭ ᠬᠤᠲᠠ ᠶᠢᠨ ᠨᠤᠲᠤᠭ ᠪᠡᠯᠴᠢᠭᠡᠷ ᠤᠨ ᠡᠷᠬᠡ ᠶᠢ ᠲᠤᠲᠤᠯᠤᠨ ᠳᠠᠭᠠᠭᠠᠴᠢᠯᠠᠭᠤᠯᠬᠤ  ᠪᠠ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠴᠧᠩ ᠶᠦᠩ ᠴᠢᠤᠸᠠᠨ ᠨᠤᠲᠤᠭ ᠪᠡᠯᠴᠢᠭᠡᠷ ᠤᠨ ᠡᠷᠬᠡ ᠶᠢ ᠲᠤᠲᠤᠯᠤᠨ ᠳᠠᠭᠠᠭᠠᠴᠢᠯᠠᠭᠤᠯᠬᠤ ᠪᠠ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ ᠡᠯ᠎ᠡ ᠭᠠᠵᠠᠷ ᠣᠷᠣᠨ ᠤ ᠬᠢᠨ ᠳᠤ ᠲᠥᠰᠦᠯ  ᠲᠣᠭᠲᠠᠭᠠᠬᠤ ᠪᠠ ᠬᠢᠨᠠᠨ ᠬᠠᠷᠭᠤᠭᠤᠯᠬᠤ ᠪᠠᠨ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠲᠦᠷᠭᠡᠨ ᠮᠡᠳᠡᠭᠦᠯᠬᠦ ᠶᠢ ᠱᠠᠭᠠᠷᠳᠠᠪᠠ᠃ ᠬᠤᠶᠠᠷ ᠲᠤ ᠲᠤᠷᠰᠢᠯᠲᠠ ᠬᠢᠬᠦ ᠠᠵᠢᠯ ᠬᠢᠭᠡᠳ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠠᠵᠢᠯ ᠢ ᠡᠨᠡ ᠵᠢᠯ ᠤᠨ ᠡᠴᠦᠰ ᠠᠴᠠ ᠡᠮᠦᠨ᠎ᠡ ᠡᠷᠬᠡᠪᠰᠢ ᠪᠡᠶᠡᠯᠡᠭᠦᠯᠵᠤ᠂ ᠪᠦᠬᠦ ᠲᠠᠯ᠎ᠠ ᠪᠠᠷ ᠳᠡᠯᠭᠡᠷᠡᠭᠦᠯᠬᠦ ᠠᠵᠢᠯ ᠨᠢ  ᠵᠢᠯ ᠤᠨ ᠡᠴᠦᠰ ᠠᠴᠠ ᠡᠮᠦᠨ᠎ᠡ ᠭᠠᠳᠠᠨᠠᠬᠢ ᠠᠵᠢᠯ ᠢ ᠦᠨᠳᠦᠰᠦᠨ ᠳᠡᠭᠡᠨ ᠳᠠᠭᠤᠰᠬᠠᠬᠤ ᠬᠡᠷᠡᠭᠲᠠᠢ᠃ ᠭᠤᠷᠪᠠ ᠳᠤ ᠪᠤᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠶᠢᠨ ᠠᠷᠭ᠎ᠠ ᠬᠢᠳᠡᠯ ᠢ ᠰᠠᠶᠢᠲᠤᠷ ᠤᠬᠠᠭᠤᠯᠬᠤ ᠬᠡᠷᠡᠭᠲᠠᠢ᠃ ᠳᠦᠷᠪᠡ ᠳᠤ ᠡᠯ᠎ᠡ ᠭᠠᠵᠠᠷ ᠤᠨ ᠬᠢᠨ ᠰᠠᠷ᠎ᠠ ᠶᠢᠨ ᠮᠡᠳᠡᠭᠦᠯᠦᠯᠲᠡ ᠶᠢᠨ ᠠᠵᠢᠯ ᠢ ᠬᠦᠨᠳᠦᠳᠬᠡᠨ ᠦᠵᠡᠵᠦ᠂ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ ᠦᠨᠡᠨ ᠪᠤᠳᠠᠲᠠᠢ ᠨᠠᠷᠢᠨ ᠨᠢᠭᠲᠠ ᠳᠡᠭᠡᠭᠰᠢ ᠮᠡᠳᠡᠭᠦᠯᠬᠦ ᠬᠡᠷᠡᠭᠲᠠᠢ᠃ ᠲᠠᠪᠤ ᠳᠤ ᠥᠪᠡᠷᠲᠡᠭᠡᠨ ᠵᠠᠰᠠᠬᠤ ᠣᠷᠣᠨ 9 ᠳ᠋ᠤᠭᠡᠷ ᠰᠠᠷ᠎ᠠ ᠶᠢᠨ ᠡᠬᠢ ᠪᠠᠷ ᠬᠤᠶᠠᠷ ᠵᠦᠢᠯ ᠤᠨ ᠥᠭᠡᠷᠡᠴᠢᠯᠡᠯᠲᠡ ᠶᠢᠨ ᠠᠵᠢᠯ ᠢ ᠲᠤᠰᠬᠠᠶ ᠰᠢᠮᠳᠠᠭᠤᠯᠤᠨ ᠪᠠᠶᠢᠴᠠᠭᠠᠨ᠎ᠠ᠃      ᠲᠢᠩᠬᠢᠮ ᠤᠨ ᠳᠡᠳ᠋ ᠳᠠᠷᠤᠭ᠎ᠠ ᠯᠢᠤ ᠶᠦᠡᠭ ᡁᠢ ᠳᠠᠷᠠᠭᠠᠴᠢ ᠶᠢᠨ ᠠᠯᠬᠤᠮ ᠤᠨ ᠨᠤᠲᠤᠭ ᠪᠡᠯᠴᠢᠭᠡᠷ ᠤᠨ ᠡᠷᠭᠡ ᠶᠢ  ᠲᠤᠲᠤᠯᠤᠨ ᠳᠠᠭᠠᠭᠠᠴᠢᠯᠠᠭᠤᠯᠬᠤ ᠪᠠ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠡᠩ ᠲᠡᠷᠢᠭᠦᠨ ᠳᠤ᠂ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠠᠵᠢᠯ ᠢ᠂ ᠣᠯᠠᠨ ᠢᠶᠠᠷ ᠢᠶᠠᠨ ᠪᠦᠷ ᠬᠦᠴᠢᠷ ᠲᠠᠢ ᠠᠵᠢᠯ ᠬᠡᠵᠤ ᠶᠠᠷᠢᠴᠠᠭᠠᠵᠤ ᠪᠠᠶᠢᠨ᠎ᠠ᠂ ᠶᠠᠮᠠᠷᠪᠠ ᠰᠢᠯᠲᠠᠭᠠᠨ ᠨᠢ ᠴᠥᠮ ᠠᠵᠢᠯ ᠢᠶᠠᠨ ᠪᠡᠶᠡᠯᠡᠭᠦᠯᠵᠦ ᠴᠢᠳᠠᠬᠤ ᠦᠭᠡᠶ ᠶᠢᠨ ᠤᠴᠢᠷ ᠰᠢᠯᠲᠠᠭᠠᠨ ᠪᠢᠰᠢ᠃ ᠦᠨᠡᠨ ᠢ ᠬᠡᠯᠡᠪᠡᠯ᠂ ᠡᠮᠦᠨᠡᠬᠢ ᠱᠠᠲᠤᠨ ᠤ ᠠᠵᠢᠯ ᠤᠨ ᠠᠬᠢᠴᠠ ᠤᠳᠠᠭᠠᠰᠢᠷᠠᠪᠠ᠂ ᠳᠠᠷᠠᠭᠠᠴᠢ ᠶᠢᠨ ᠠᠯᠬᠤᠮ ᠳᠤ ᠴᠠᠭ ᠲᠣᠬᠢᠶᠠᠯ ᠢ ᠠᠮᠵᠢᠨ ᠡᠨᠡ ᠬᠦ ᠠᠵᠢᠯ ᠢ ᠳᠥᠯᠭᠢᠨ ᠠᠬᠢᠭᠤᠯᠬᠤ ᠬᠡᠷᠡᠭᠲᠠᠢ᠃ ᠡᠨᠡ ᠬᠤᠶᠠᠷ ᠵᠦᠢᠯ ᠤᠨ ᠠᠵᠢᠯ ᠪᠣᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠮᠦᠨ᠂ ᠮᠦᠨᠴᠦ ᠡᠨᠡ ᠵᠢᠯ ᠡᠯ᠎ᠡ ᠠᠶᠢᠮᠠᠭ ᠬᠤᠲᠠ ᠶᠢ ᠰᠢᠯᠭᠠᠨ ᠬᠢᠨᠠᠬᠤ ᠶᠢᠨ ᠴᠢᠬᠤᠯᠠ ᠪᠠᠷᠢᠮᠵᠢᠶ᠎ᠠ ᠪᠣᠯᠤᠨ᠎ᠠ᠃ 9 ᠳ᠋ᠤᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ 4 —6 ᠨᠢᠭᠡ ᠳᠤᠭᠤᠶᠢᠯᠠᠩ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠷ᠎ᠡ ᠪᠠᠷ ᠲᠤᠰᠬᠠᠶ  ᠰᠢᠮᠳᠠᠭᠤᠯᠤᠨ ᠪᠠᠶᠢᠴᠠᠭᠠᠯᠲᠠ ᠬᠢᠵᠤ᠂ ᠰᠢᠮᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠭᠠᠷᠭᠠᠨ᠂ ᠠᠬᠢᠴᠠ ᠨᠢ ᠤᠳᠠᠭᠠᠨ ᠪᠠᠶᠢᠬᠤ ᠭᠠᠵᠠᠷ ᠣᠷᠣᠨ ᠢ ᠨᠡᠪᠲᠡᠷᠡᠭᠦᠯᠦᠨ᠎ᠡ᠃ ᠪᠡᠯᠡ ᠮᠥᠩᠭᠦᠨ ᠤ ᠠᠰᠠᠭᠤᠳᠠᠯ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠳ᠋ ᠤᠨ ᠬᠦᠴᠦᠨ ᠲᠣᠩ ᠪᠠᠴᠢᠮ ᠪᠠᠶᠢᠬᠤ ᠪᠠᠶᠢᠳᠠᠯ ᠳᠣᠣᠷ᠎ᠠ 1.14 ᠳ᠋ᠦᠡᠭᠰᠢᠭᠤᠷ ᠲᠥᠭᠦᠷᠢᠭ ᠭᠠᠷᠭᠠᠪᠠ᠂ ᠬᠦᠰᠡᠬᠦ ᠨᠢ ᠵᠣᠭᠤᠰ ᠢ ᠤᠨᠢᠨ ᠭᠠᠵᠠᠷ ᠲᠤᠨᠢ ᠬᠡᠷᠡᠭᠯᠡᠬᠦ ᠬᠡᠷᠡᠭᠲᠠᠢ᠃ ᠨᠠᠶᠢᠳᠠᠪᠤᠷᠢᠵᠢᠭᠤᠯᠤᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠲᠥᠰᠦᠯ ᠤᠨ ᠵᠠᠷᠴᠢᠮ ᠶᠣᠰᠣᠭᠠᠷ ᠬᠢᠬᠦ ᠬᠡᠷᠡᠭᠲᠠᠢ᠂ ᠵᠢᠱᠢᠶᠡᠯᠡᠪᠡᠯ ᠣᠶ ᠰᠢᠭᠤᠶ ᠡᠪᠡᠰᠦ ᠪᠡᠯᠴᠢᠭᠡᠷ ᠤᠨ ᠠᠰᠠᠭᠤᠳᠠᠯ ᠤᠨ ᠲᠠᠯ᠎ᠠ ᠪᠠᠷ ᠮᠠᠯᠴᠢᠳ ᠢᠶᠠᠷ ᠳᠤᠷ᠎ᠠ ᠪᠠᠷ ᠨᠢ ᠰᠤᠩᠭᠤᠭᠤᠯᠵᠤ ᠪᠤᠯᠬᠤ ᠦᠭᠡᠢ᠂ ᠨᠤᠲᠤᠭ ᠪᠡᠯᠴᠢᠭᠡᠷ ᠤᠨ ︽ᠬᠤᠶᠠᠷ ᠡᠷᠬᠡ ᠨᠢᠭᠡ ᠳᠦᠷᠢᠮ︾᠎ ᠢᠶᠠᠷ ᠰᠠᠭᠤᠷᠢ ᠪᠤᠯᠭᠠᠨ᠂ ᠡᠷᠦᠬᠡ ᠪᠤᠶᠤ ᠬᠤᠯᠪᠣᠭᠠᠲᠤ ᠡᠷᠦᠬᠡ ᠳᠤ ᠬᠦᠷᠲᠡᠯ᠎ᠡ ᠳᠠᠭᠠᠭᠠᠴᠢᠯᠠᠭᠤᠯᠬᠤ ᠬᠡᠷᠡᠭᠲᠠᠢ᠃ ᠤᠯᠤᠰ ᠤᠨ ᠦᠮᠴᠢᠯᠡᠯᠲᠦ ᠨᠤᠲᠤᠭ ᠪᠡᠯᠴᠢᠭᠡᠷ ᠤᠨ ᠠᠰᠠᠭᠤᠳᠠᠯ ᠤᠨ ᠲᠠᠯ᠎ᠠ ᠪᠠᠷ ᠨᠢᠭᠡ ᠤᠳᠠᠭ᠎ᠠ ᠶᠠᠷᠢᠯᠴᠠᠬᠤ ᠬᠤᠷᠠᠯ ᠬᠢᠨ᠎ᠡ᠂ ᠡᠯ᠎ᠡ ᠭᠠᠵᠠᠷ ᠤᠨ ᠬᠢᠨ ᠬᠠᠷᠢᠭᠠᠳ ᠤᠯᠤᠰ ᠤᠨ ᠦᠮᠴᠢᠯᠡᠯᠲᠦ ᠨᠤᠲᠤᠭ ᠪᠡᠯᠴᠢᠭᠡᠷ ᠤᠨ ᠪᠠᠶᠢᠳᠠᠯ ᠢᠶᠠᠨ ᠳ᠋ᠦᠡᠭᠨᠡᠬᠦ ᠬᠡᠷᠡᠭᠲᠠᠢ᠃ ᠬᠤᠶᠠᠷ ᠲᠤ᠂ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠠᠵᠢᠯ ᠨᠢᠭᠡᠨᠲᠡ ᠰᠠᠭᠤᠷᠢ ᠲᠠᠢ ᠪᠤᠯᠵᠤ᠂ ᠮᠠᠯᠵᠢᠬᠤ ᠣᠷᠣᠨ ᠳᠤ ᠨᠢᠭᠡᠨᠲᠡ 8.4 ᠳ᠋ᠦᠡᠭᠰᠢᠭᠤᠷ ᠮᠥ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠭᠰᠠᠨ ᠪᠠᠶᠢᠨ᠎ᠠ᠃ ᠨᠤᠲᠤᠭ ᠪᠡᠯᠴᠢᠭᠡᠷ ᠤᠨ ᠦᠨᠳᠦᠰᠦᠨ ᠤᠬᠠᠭᠳᠠᠬᠤᠨ ᠢ ᠵᠠᠪᠠᠯ ᠡᠵᠡᠮᠰᠢᠵᠦ᠂ ᠴᠢᠬᠤᠯᠠ ᠠᠮᠢ ᠠᠬᠤᠶ ᠶᠢᠨ ᠴᠢᠳᠠᠮᠵᠢ ᠲᠠᠢ ᠪᠠ ᠠᠵᠤ ᠠᠬᠤᠶ ᠶᠢᠨ ᠦᠨ᠎ᠡ ᠥᠷᠲᠡᠭ ᠲᠠᠢ ᠨᠤᠲᠤᠭ ᠪᠡᠯᠴᠢᠭᠡᠷ ᠢ ᠵᠠᠭᠠᠭᠯᠠᠨ ᠤᠷᠤᠭᠤᠯᠬᠤ ᠬᠡᠷᠡᠭᠲᠠᠢ᠂ ᠦᠵᠦᠭᠦᠷ ᠰᠡᠵᠢᠬᠦᠷ ᠢ ᠬᠤᠪᠢᠶᠠᠯ᠎ᠠ ᠬᠡᠳ ᠠᠴᠢ ᠬᠤᠯᠪᠣᠭᠳᠠᠯ ᠦᠭᠡᠶ ᠶᠤᠮ᠂ ᠡᠨᠡ ᠤᠳᠠᠭ᠎ᠠ ᠵᠠᠭᠠᠭᠯᠠᠨ ᠲᠤᠭᠲᠠᠭᠠᠭᠰᠠᠨ ᠤ ᠰᠡᠭᠦᠯᠡᠷ᠂ ᠥᠪᠡᠷᠲᠡᠭᠡᠨ ᠵᠠᠰᠠᠬᠤ ᠣᠷᠣᠨ ᠪᠦᠬᠦ ᠲᠠᠯ᠎ᠠ ᠪᠠᠷ ᠳ᠋ᠦᠡᠭᠨᠡᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠲᠠᠷᠬᠠᠯᠲᠠ ᠶᠢᠨ ᠵᠢᠷᠤᠭ ᠬᠢᠨ᠎ᠡ᠂ ᠪᠦᠬᠦ ᠣᠷᠣᠨ ᠳᠤ ᠵᠢᠱᠢᠬᠦ ᠪᠠᠷ ᠪᠠᠷᠤᠭ 9 ᠳ᠋ᠦᠩᠰᠢᠭᠤᠷ ᠮᠥ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠤᠭᠲᠠᠭᠠᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号