ᠣᠶᠢᠷ᠎ᠠ ᠳᠤ᠂ ︽ᠱᠠᠩᠬᠠᠢ᠂ ᠠᠨᠾᠦ᠋ᠢ᠂ ᠥᠪᠥᠷ ᠮᠣᠩᠭᠤᠯ ᠤᠨ ᠵᠢᠭᠤᠯᠴᠢᠯᠠᠯ ᠤᠨ ᠬᠤᠷᠰᠢᠯᠴᠠᠵᠤ | ᠰᠣᠯᠢᠯᠴᠠᠭ᠎ᠠ ᠬᠢᠬᠦ ᠭᠡᠷ᠎ᠡ ᠲᠤᠭᠲᠠᠬᠤ ᠶᠣᠰᠣᠯᠠᠯ ᠵᠢᠴᠢ ᠬᠠᠮᠲᠤᠷᠠᠨ ᠲᠠᠨᠢᠯᠴᠠᠭᠤᠯᠬᠤ ᠠᠵᠢᠯᠯᠠᠭ᠎ᠠ︾ ᠱᠠᠩᠬᠠᠢ ᠳᠤ | ᠶᠠᠪᠤᠭᠳᠠᠪᠠ᠃ ᠱᠠᠩᠬᠠᠶ ᠬᠤᠲᠠ ᠶᠢᠨ ᠳᠡᠳ᠋ ᠳᠠᠷᠤᠭ᠎ᠠ ᠵᠤᠤ ᠸᠧᠨ᠂ ᠠᠨᠾᠦ᠋ᠢ ᠮᠤᠵᠢ ᠶᠢᠨ ᠳᠡᠳ᠋ ᠳᠠᠷᠤᠭ᠎ᠠ ᠬᠤᠸᠠ | ᠵᠢᠶᠠᠨ ᠬᠤᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠦᠨ ᠭᠤᠸᠠᠩ ᠵᠦᠡᠭ | ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ | ᠭᠤᠷᠪᠠᠨ ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠮᠲᠤ ᠶᠢᠨ ᠨᠤᠲᠠᠯᠠᠯᠲᠠ ᠪᠠᠷ᠂ | ᠭᠤᠷᠪᠠᠨ ᠭᠠᠵᠠᠷ ᠤᠨ ᠵᠢᠭᠤᠯᠴᠢᠯᠠᠯ ᠤᠨ ᠲᠤᠪᠴᠢᠶ᠎ᠠ ᠶᠢᠨ ᠬᠠᠷᠢᠭᠤᠴᠠᠯᠭᠠᠲᠠᠨ ︽ᠵᠢᠭᠤᠯᠴᠢᠯᠠᠯ ᠤᠨ | ᠬᠤᠷᠰᠢᠯᠴᠠᠭᠠᠨ ᠤ ᠪᠣᠷᠣ ᠲᠥᠯᠥᠪ ᠤᠨ ᠵᠦᠪᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠢᠷᠡᠭᠡᠳᠦᠶ ᠳᠤ | ᠭᠤᠷᠪᠠᠨ ᠲᠠᠯ᠎ᠠ ᠪᠠᠷ ᠢᠶᠠᠨ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠷ ᠢᠶᠠᠨ ᠬᠠᠷᠢᠯᠴᠠᠨ | ᠨᠥᠬᠦᠪᠥᠷᠢᠯᠡᠬᠦ᠂ ᠬᠠᠷᠢᠯᠴᠠᠨ ᠳᠡᠮᠵᠢᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ︾ ᠵᠠᠷᠴᠢᠮ ᠢ | ᠪᠠᠷᠢᠮᠲᠠᠯᠠᠨ᠂ ᠭᠤᠷᠪᠠᠨ ᠭᠠᠵᠠᠷ ᠤᠨ ᠵᠢᠭᠤᠯᠴᠢᠯᠠᠯ ᠤᠨ ᠦᠢᠯᠡᠰ ᠤᠨ ᠭᠦᠨᠵᠡᠭᠡᠢ ᠬᠤᠷᠰᠢᠯᠴᠠᠬᠤ᠂ ᠬᠠᠷᠢᠯᠴᠠᠨ ᠠᠰᠢᠭ | ᠤᠯᠭᠤᠵᠤ ᠬᠦᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠂ ᠤᠯᠤᠰ ᠤᠨ ︽ᠨᠢᠭᠡ ᠪᠦᠰᠡ ᠨᠢᠭᠡ ᠵᠠᠮ︾ ᠤᠨ | ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠪᠤᠯᠤᠨ᠎ᠠ᠃ | ᠱᠠᠩᠬᠠᠢ᠂ ᠠᠡᠾᠦ᠋ᠢ᠂ ᠥᠪᠥᠷ ᠮᠣᠩᠭᠤᠯ ᠭᠤᠷᠪᠠᠨ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠡᠯᠪᠡᠭ | ᠳᠡᠯᠪᠡᠭ᠂ ᠵᠦᠷᠢᠶᠡᠲᠦ ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠵᠢᠭᠤᠯᠴᠢᠯᠠᠯ ᠤᠨ ᠵᠣᠴᠢᠳ ᠤᠨ ᠢᠷᠡᠯᠲᠡ ᠶᠢᠨ | ᠵᠠᠬ᠎ᠠ ᠳᠡᠯᠭᠡᠭᠦᠷ ᠨᠡᠭᠡᠭᠡᠬᠦ᠂ ᠵᠢᠭᠤᠯᠴᠢᠯᠠᠯ ᠤᠨ ᠨᠡᠷᠡᠳᠭᠦᠨ ᠪᠤᠢ ᠪᠤᠯᠭᠠᠬᠤ ᠲᠠᠯ᠎ᠠ ᠪᠠᠷ ᠨᠡᠯᠢᠶᠡᠳ ᠶᠡᠭᠡ ᠬᠠᠷᠢᠯᠴᠠᠨ | ᠨᠥᠬᠦᠪᠥᠷᠢᠯᠡᠬᠦ ᠣᠷᠣᠨ ᠵᠠᠶ ᠲᠠᠢ ᠶᠤᠮ᠃ ᠭᠤᠷᠪᠠᠨ ᠭᠠᠵᠠᠷ ᠤᠨ ᠣᠷᠣᠨ ᠪᠦᠰᠡ ᠶᠢᠨ ᠬᠤᠭᠤᠷᠤᠨᠳᠤᠬᠢ | ᠵᠢᠭᠤᠯᠴᠢᠯᠠᠯ ᠤᠨ ᠦᠢᠯᠡᠰ ᠤᠨ ᠬᠠᠮᠲᠤᠷᠠᠨ ᠬᠦᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ | ᠲᠤᠰᠠᠳᠠ᠂ ᠭᠤᠷᠪᠠᠨ ᠭᠠᠵᠠᠷ ᠤᠨ ᠬᠤᠭᠤᠷᠣᠨᠳᠣ ᠪᠠᠨ ᠵᠢᠭᠤᠯᠴᠢᠯᠠᠯ ᠤᠨ ᠬᠤᠷᠰᠢᠯᠴᠠᠬᠤ ᠲᠣᠭᠲᠠᠴᠠ ᠶᠢ | ᠬᠦᠨᠵᠡᠭᠡᠶᠢᠷᠡᠬᠦᠯᠬᠦ᠂ ᠣᠷᠣᠨ ᠪᠦᠰᠡ ᠶᠢᠨ ᠵᠢᠭᠤᠯᠴᠢᠯᠠᠯ ᠤᠨ ᠳᠦᠷᠢ ᠳᠦᠷᠬᠦ ᠶᠢ ᠪᠤᠢ ᠪᠤᠯᠭᠠᠬᠤ᠂ ᠣᠷᠣᠨ | ᠪᠦᠰᠡ ᠶᠢᠨ ᠵᠢᠭᠤᠯᠴᠢᠯᠠᠯ ᠤᠨ ᠰᠣᠳᠣᠨ ᠵᠦᠢᠯ ᠢ ᠨᠡᠭᠡᠭᠡᠬᠦ᠂ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ | ᠪᠠᠷ ᠬᠠᠷᠢᠯᠴᠠᠨ ᠠᠬᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠬᠤᠷᠰᠢᠯᠴᠠᠭ᠎ᠠ ᠪᠠᠨ ᠴᠢᠩᠭᠠᠳᠬᠠᠨ᠂ ᠤᠯᠤᠰ ᠤᠨ | ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢᠨ ᠪᠣᠷᠣ ᠲᠥᠰᠦᠪ ᠤᠨ ᠳᠣᠣᠷ᠎ᠠ ᠣᠷᠣᠨ ᠪᠦᠰᠡ ᠶᠢᠨ | ᠵᠢᠭᠤᠯᠴᠢᠯᠠᠯ ᠤᠨ ᠬᠤᠷᠰᠢᠯᠴᠠᠭ᠎ᠠ ᠶᠢ ᠬᠠᠮᠲᠤᠪᠠᠷ ᠴᠢᠩᠭᠠᠷᠠᠭᠤᠯᠬᠤ ᠪᠤᠯᠤᠨ᠎ᠠ᠃ ᠬᠤᠷᠰᠢᠯᠴᠠᠬᠤ ᠵᠤᠷᠢᠯᠲᠠ ᠨᠢ ᠣᠷᠣᠰ | ᠮᠣᠩᠭᠤᠯ ᠤᠨ ᠶᠡᠭᠡ ᠨᠡᠪᠲᠡᠷᠡᠬᠦ ᠵᠠᠮ ᠢ ᠨᠡᠭᠡᠭᠡᠨ᠂ ᠬᠥᠬᠡᠮᠥ᠋ᠷᠡᠨ ᠤ ᠠᠵᠤ ᠠᠬᠤᠶ ᠶᠢᠨ ᠪᠦᠰᠡ ᠯᠦᠭᠡ ᠬᠠᠮᠲᠤᠷᠠᠨ | ᠬᠦᠳᠡᠯᠦᠯᠴᠡᠵᠤ᠂ ᠳᠠᠯᠠᠶ ᠳᠡᠭᠡᠷᠡᠬᠢ ᠲᠣᠷᠭᠠᠨ ᠵᠠᠮ ᠢ ᠨᠡᠪᠲᠡᠷᠡᠭᠦᠯᠦᠨ᠂ ᠣᠷᠣᠨ ᠪᠦᠰᠡ ᠠᠯᠤᠰᠯᠠᠭᠰᠠᠨ | ᠬᠤᠷᠰᠢᠯᠴᠠᠬᠤ ᠬᠡᠯᠪᠡᠷᠢ ᠪᠠᠷ ᠤᠯᠤᠰ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠰᠢᠨ᠎ᠡ | ᠲᠤᠷᠰᠢᠯᠲᠠ ᠪᠤᠯᠬᠤ ᠶᠤᠮ᠃ | ᠠᠵᠢᠯᠯᠠᠭ᠎ᠠ ᠶᠢᠨ ᠬᠤᠭᠤᠴᠠᠭᠠᠨ ᠳᠤ᠂ ᠱᠠᠩᠬᠠᠶ᠂ ᠠᠨᠾᠦ᠋ᠢ᠂ ᠥᠪᠥᠷ ᠮᠣᠩᠭᠤᠯ ᠭᠤᠷᠪᠠᠨ ᠭᠠᠵᠠᠷ ᠤᠨ | ᠵᠢᠭᠤᠯᠴᠢᠯᠠᠯ ᠤᠨ ᠬᠠᠮᠲᠤᠷᠠᠭᠰᠠᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠭᠤᠷᠪᠠᠨ ᠭᠠᠵᠠᠷ ᠤᠨ | ᠵᠢᠭᠤᠯᠴᠢᠯᠠᠯ ᠤᠨ ᠲᠣᠪᠴᠢᠶ᠎ᠠ ᠪᠤᠯᠤᠨ ᠲᠥᠯᠥᠭᠡᠯᠡᠬᠦ ᠴᠢᠨᠠᠷᠲᠠᠢ ᠲᠤᠰᠬᠠᠢ ᠤᠷᠤᠨ ᠬᠤᠲᠠ᠂ ᠠᠶᠢᠮᠠᠭ᠂ ᠠᠮᠠᠷᠠᠨ | ᠵᠤᠭᠠᠴᠠᠬᠤ ᠤᠷᠤᠨ ᠵᠡᠷᠭᠡ ᠶᠢ ᠡᠭᠡᠯᠵᠢᠯᠡᠨ ᠭᠠᠷᠭᠠᠵᠤ᠂ ᠣᠯᠠᠨ ᠵᠠᠭᠤᠴᠢᠲᠤ ᠮᠡᠷᠭᠡᠵᠢᠯ ᠢ ᠠᠰᠢᠭᠯᠠᠨ᠂ ᠡᠯ᠎ᠡ | ᠭᠠᠵᠠᠷ ᠤᠨ ᠡᠬᠢ ᠪᠠᠶᠠᠯᠢᠭ ᠤᠨ ᠣᠨᠴᠠᠯᠢᠭ ᠪᠤᠯᠤᠨ ᠵᠢᠭᠤᠯᠴᠢᠯᠠᠯ ᠤᠨ ᠰᠣᠳᠣᠨ ᠵᠦᠢᠯ ᠢ ᠭᠤᠴᠤ ᠰᠠᠶᠢᠬᠠᠨ | ᠬᠠᠷᠠᠭᠤᠯᠤᠭᠰᠠᠨ ᠲᠤᠯᠠ᠂ ᠬᠡᠰᠡᠭ ᠬᠡᠰᠡᠭ ᠠᠯᠠᠭ᠎ᠠ ᠲᠠᠰᠢᠵᠠᠭᠠᠨᠠ᠃ ᠭᠤᠷᠪᠠᠨ ᠭᠠᠵᠠᠷ ᠤᠨ ᠬᠢᠨ ᠨᠢ ᠪᠠᠰᠠ ᠲᠤᠰ | ᠲᠤᠰ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠡᠯ᠎ᠡ ᠭᠠᠵᠠᠷ ᠤᠨ ᠲᠡᠦᠬᠡ ᠰᠣᠶᠣᠯ ᠤᠨ ᠬᠤᠷᠠᠮᠳᠤᠯ ᠪᠠ ᠤᠷᠠᠨ | ᠰᠠᠶᠢᠬᠠᠨ ᠤ ᠲᠣᠭᠯᠠᠯᠲᠠ ᠶᠢᠨ ᠬᠢᠷᠢ ᠬᠡᠮᠵᠢᠶ᠎ᠡ ᠶᠢ ᠳᠡᠯᠭᠡᠨ ᠬᠠᠷᠠᠭᠤᠯᠵᠤ᠂ ᠠᠵᠢᠯᠯᠠᠭ᠎ᠠ ᠶᠢ ᠲᠠᠰᠤᠷᠠᠯᠲᠠ ᠦᠭᠡᠶ | ᠤᠷᠬᠢᠯ ᠳᠤ ᠬᠦᠷᠭᠡᠪᠡ᠃ | ᠤᠶᠢᠯᠠᠭᠠᠭᠰᠠᠨ ᠢᠶᠠᠷ᠂ ᠱᠠᠩᠬᠠᠶ᠂ ᠠᠨᠾᠦ᠋ᠢ᠂ ᠥᠪᠥᠷ ᠮᠣᠩᠭᠤᠯ ᠭᠤᠷᠪᠠᠨ ᠭᠠᠵᠠᠷ ᠤᠨ ᠵᠢᠭᠤᠯᠴᠢᠯᠠᠯ ᠤᠨ | ᠪᠦᠯᠦᠭᠯᠡᠯ ᠤᠨ ᠠᠵᠤ ᠠᠬᠤᠶᠢᠯᠠᠯ ᠤᠳ ᠬᠡᠯᠡᠯᠴᠡᠨ ᠵᠦᠪᠳᠡᠯᠴᠡᠬᠦ ᠪᠠᠷ ᠳᠠᠮᠵᠢᠭᠠᠳ᠂ ᠵᠢᠭᠤᠯᠴᠢᠯᠠᠯ ᠤᠨ ᠬᠤᠷᠰᠢᠯᠴᠠᠬᠤ | ᠠᠩᠬ᠎ᠠ ᠠᠯᠬᠤᠮ ᠤᠨ ᠰᠠᠨᠠᠮᠵᠢ ᠶᠢ 30 ᠭᠠᠷᠤᠢ ᠵᠦᠢᠯ ᠲᠤᠭᠲᠠᠵᠤ᠂ ᠲᠤᠬᠠᠶ ᠶᠢᠨ ᠲᠠᠯᠠᠪᠠᠢ ᠳᠤ ᠠᠩᠬ᠎ᠠ | ᠠᠯᠬᠤᠮ ᠤᠨ ᠬᠤᠷᠰᠢᠯᠴᠠᠬᠤ ᠵᠦᠪᠯᠡᠯᠴᠡᠭᠡᠷ 11 ᠵᠦᠢᠯ ᠳᠤ ᠭᠠᠷ ᠤᠨ ᠦᠰᠦᠭ ᠵᠢᠷᠤᠵᠤ᠂ ᠭᠤᠷᠪᠠᠨ ᠭᠠᠵᠠᠷ ᠤᠨ | ᠵᠢᠭᠤᠯᠴᠢᠯᠠᠯ ᠤᠨ ᠬᠤᠷᠰᠢᠯᠴᠠᠭ᠎ᠠ ᠶᠢ ᠬᠦᠨᠵᠡᠭᠡᠢ ᠦᠷᠨᠢᠭᠦᠯᠬᠦ ᠬᠦᠰᠢᠭᠡ ᠶᠢ ᠨᠡᠭᠡᠭᠡᠪᠡ᠃ |