ᠷᠧᠨ ᠶᠠ ᠫᠢᠩ᠄ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠬᠲᠠᠭᠠᠬᠤ ᠪᠠ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠢ ᠬᠦᠨᠵᠡᠭᠡᠢ ᠠᠬᠢᠭᠤᠯᠬᠤ ᠳᠤ ᠢᠲᠡᠪᠬᠢᠲᠡᠢ ᠪᠠᠷ ᠰᠠᠨᠠᠯ ᠰᠠᠨᠠᠭᠤᠯᠭ᠎ᠠ ᠭᠠᠷᠭᠠᠬᠤ ᠬᠡᠷᠡᠭᠲᠡᠢ
ᠨᠡᠶᠢᠲᠡᠯᠡᠭᠰᠡᠨ ᠴᠠᠭ᠄
2015/9/22
     9 ᠳ᠋ᠤᠭᠡᠷ ᠰᠠᠷ᠎ᠠ ᠶᠢᠨ 21᠎ ᠤ ᠦᠲᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ 40 ᠳ᠋ᠤᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠢᠵᠦ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠡᠰᠢᠭᠦᠳ ᠤᠨ ᠬᠤᠷᠠᠯ ᠢ ᠬᠤᠷᠠᠯᠳᠤᠭᠤᠯᠬᠤ ᠲᠤᠬᠠᠢ ᠬᠠᠮᠢᠶ᠎ᠠ ᠪᠦᠬᠦᠢ ᠵᠦᠢᠯᠡᠰ ᠢ ᠰᠤᠲᠤᠯᠵᠦ᠂ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠦᠬᠡ ᠶᠢᠨ ᠮᠠᠲ᠋ᠧᠷᠢᠶᠠᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠶᠠᠷᠢᠯᠴᠠᠨ᠂ ᠲᠤᠮᠲᠠᠲᠤ ᠤᠯᠤᠰ ᠤᠨ ᠡᠪ ᠬᠠᠮᠲᠦ ᠨᠠᠮ ᠤᠨ ᠲᠦᠪ ᠬᠤᠷᠢᠶ᠎ᠠ ᠶᠢᠨ ᠲᠠᠷᠬᠠᠭᠠᠬᠰᠠᠨ ᠴᠠᠬᠢᠯᠭᠠᠨ ᠮᠡᠲᠡᠭᠡ ︹ 2015 ︺ 8 ᠳ᠋ᠤᠭᠠᠷ ᠨᠤᠮᠧᠷᠲᠦ ᠪᠢᠴᠢᠭ ᠮᠠᠲ᠋ᠧᠷᠢᠶᠠᠯ ᠪᠤᠯᠤᠨ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠵᠠᠷᠯᠠᠯ ︹ 2015 ︺6 ᠳ᠋ᠤᠭᠠᠷ ᠨᠤᠮᠧᠷᠲᠦ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠬᠦᠸᠧ ᠴᠢ ᠵᠢᠶᠦ᠋ᠨ᠂ ᠳ᠋ᠥᠡᠭ ᠾᠧᠩ ᠢᠤᠢ᠂ ᠵᠧᠩ ᠹᠦ᠋ ᠲᠢᠶᠠᠨ᠂ ᠨᠢᠦ ᠭᠤᠸᠠᠩ ᠮᠢᠩ᠂ ᠶᠠᠩ ᠴᠧᠩ ᠸᠠᠩ᠂ ᠴᠧᠨ ᠢᠤᠢ᠂ ᠯᠢᠶᠠᠩ ᠲᠢᠶᠧ ᠴᠧᠩ ᠵᠢᠴᠢ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠲᠦᠭᠦᠨ ᠸᠧᠢ ᠵᠢᠶᠦ᠋ᠨ ᠬᠤᠷᠠᠯ ᠳᠤ ᠤᠷᠤᠯᠴᠠᠵᠠᠢ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠡᠰᠢᠭᠦᠳ ᠤᠨ ᠬᠤᠷᠠᠯ ᠢ 9 ᠳ᠋ᠤᠭᠡᠷ ᠰᠠᠷ᠎ᠠ ᠶᠢᠨ 23᠎ ᠠᠴᠠ 24᠎ ᠤ ᠡᠲᠦᠷ ᠪᠣᠯᠲᠠᠯ᠎ᠠ ᠬᠦᠬᠡᠬᠤᠲᠠ ᠳᠤ ᠬᠤᠷᠠᠯᠳᠤᠭᠤᠯᠬᠤ ᠪᠤᠯᠤᠨ᠎ᠠ᠃ ᠬᠤᠷᠠᠯ ᠳᠤ ᠭᠤᠤᠯᠲᠠᠭᠤ ᠦᠪᠡᠷᠲᠡᠭᠡᠨ ᠵᠠᠰᠬᠠᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠤᠬᠲᠠᠭᠠᠬᠤ ᠵᠢᠴᠢ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠬᠦ ᠶᠢᠨ ᠲᠤᠭᠤᠷᠢᠨ ᠳᠤ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠬᠦ ᠪᠤᠯᠤᠨ᠎ᠠ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ᠂ ᠲᠠᠪᠠᠭᠤᠯᠢᠬ ᠢᠶᠠᠨ ᠪᠠᠲᠠᠷᠠᠭᠤᠯᠤᠨ᠂ ᠡᠨᠡᠬᠦ ᠬᠤᠶᠠᠷ ᠶᠡᠭᠡ ᠵᠦᠪᠯᠡᠬᠦ ᠰᠡᠲᠦᠪ ᠤᠨ ᠲᠤᠭᠤᠷᠢᠨ ᠳᠤ᠂ ᠬᠦᠨᠵᠡᠭᠡᠢ ᠪᠠᠶᠢᠴᠠᠭᠠᠯᠲᠠ ᠬᠢᠵᠦ᠂ ᠬᠢᠨᠠᠮᠠᠭᠠᠢ ᠰᠤᠳᠤᠯᠤᠨ᠂ ᠦᠨᠡᠨ ᠮᠡᠲᠡᠯᠭᠡ ᠨᠡᠪᠲᠡᠷᠬᠡᠢ ᠦᠵᠡᠯᠲᠡ ᠪᠠᠨ ᠴᠢᠷᠮᠠᠶᠢᠨ ᠬᠠᠩᠭᠠᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠲᠤᠰ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠢᠨᠠᠮᠠᠭᠠᠢ ᠵᠤᠬᠢᠶᠠᠨ ᠪᠠᠶᠢᠭᠤᠯᠵᠦ᠂ ᠡᠯ᠎ᠡ ᠲᠠᠯ᠎ᠠ ᠶᠢᠨ ᠰᠠᠨᠠᠭᠤᠯᠭ᠎ᠠ ᠪᠤᠯᠤᠨ ᠰᠠᠨᠠᠯ ᠢ ᠰᠠᠶᠢᠲᠦᠷ ᠬᠤᠷᠠᠮᠳᠤᠭᠤᠯᠤᠨ ᠡᠮᠬᠢᠳᠬᠡᠵᠦ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠠᠮᠢᠶ᠎ᠠ ᠪᠦᠬᠦᠢ ᠲᠠᠯ᠎ᠠ ᠶᠢᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠲᠤᠬᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠢ ᠬᠡᠵᠡᠢ᠃      ᠬᠤᠷᠠᠯ ᠠᠴᠠ ︽ᠲᠤᠮᠲᠠᠲᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠬᠤᠷᠢᠶ᠎ᠠ ᠶᠢᠨ ᠲᠤᠰᠬᠠᠢ ᠵᠦᠪᠯᠡᠯ ᠤᠨ ᠶᠡᠷᠦᠩᠬᠡᠢ ᠲᠦᠷᠢᠮ︾ ︵ᠵᠠᠰᠠᠪᠤᠷᠢ ᠤᠷᠤᠭᠤᠯᠤᠬᠰᠠᠨ ᠲᠦᠰᠦᠯ︶ ᠵᠢᠴᠢ ᠬᠠᠮᠢᠶ᠎ᠠ ᠪᠦᠬᠦᠢ ᠠᠵᠢᠯᠲᠠᠨ ᠤ ᠶᠠᠪᠤᠲᠠᠯ ᠢ ᠶᠠᠷᠢᠯᠴᠠᠨ ᠬᠢᠨᠠᠨ ᠵᠦᠪᠯᠡᠵᠦ᠂ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠳᠤ ᠲᠡᠪᠰᠢᠭᠦᠯᠦᠨ ᠬᠢᠨᠠᠨ ᠵᠦᠪᠯᠡᠬᠦ ᠪᠤᠯᠤᠨ᠎ᠠ᠃ ︽ᠰᠤᠶᠤᠯ ᠲᠡᠦᠬᠡ ᠶᠢᠨ ᠮᠠᠲ᠋ᠧᠷᠢᠶᠠᠯ ᠤᠨ ᠠᠵᠢᠯ ᠢ ᠴᠢᠩᠭᠠᠳᠬᠠᠬᠤ ᠲᠤᠬᠠᠢ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠡᠷᠡᠭᠵᠢᠭᠦᠯᠬᠦ ᠰᠠᠨᠠᠯ︾᠎ ᠢ ᠶᠠᠷᠢᠯᠴᠠᠨ ᠪᠠᠲᠤᠯᠠᠵᠦ᠂ ᠪᠢᠴᠢᠭ ᠮᠠᠲ᠋ᠧᠷᠢᠶᠠᠯ ᠪᠦᠷᠢᠯᠲᠦᠭᠦᠯᠦᠨ ᠬᠡᠪᠯᠡᠨ ᠲᠠᠷᠬᠠᠭᠠᠬᠤ ᠪᠠᠷ ᠲᠦᠯᠦᠪᠯᠡᠵᠦ ᠪᠠᠶᠢᠨ᠎ᠠ᠃ ᠬᠤᠷᠠᠯ ᠠᠴᠠ ᠨᠠᠮ ᠤᠨ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ ᠲᠦᠪ ᠬᠤᠷᠢᠶ᠎ᠠ ᠪᠤᠯᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠲᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠦᠷ ᠬᠦᠢᠴᠡᠳᠬᠡᠬᠦ ᠬᠡᠷᠡᠭᠲᠡᠢ ᠬᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号