ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠬᠢᠭᠡᠳ ᠵᠢᠭᠤᠯᠴᠢᠯᠠᠯ ᠢ ᠤᠶᠠᠯᠳᠤᠭᠤᠯᠤᠨ ᠬᠦᠭᠵᠢᠭᠦᠯᠬᠦ ᠰᠢᠷᠢᠰ ᠭᠤᠣᠯ ᠰᠡᠳᠦᠪᠲᠦ ᠠᠵᠢᠯᠯᠠᠭ᠎ᠠ ᠶᠢᠨ 15 ᠲᠥᠷᠥᠯ ᠵᠦᠢᠯ 232 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2015/9/22
    ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠬᠢᠭᠡᠳ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠬᠦ ᠰᠢᠷᠢᠰ ᠭᠤᠣᠯ ᠰᠡᠳᠦᠪᠲᠦ ᠠᠵᠢᠯᠯᠠᠭ᠎ᠠ ᠶᠢᠨ ᠲᠥᠷᠥᠯ ᠵᠦᠢᠯ ᠤᠨ ᠭᠡᠷ᠎ᠡ ᠲᠣᠭᠲᠠᠠᠬᠤ ᠬᠤᠷᠠᠯ ᠤᠨ ᠲᠤᠬᠠᠶ ᠶᠢᠨ ᠲᠠᠯᠠᠪᠠᠢ9 ᠳ᠋ᠦ᠋ᠭᠡᠷ ᠰᠠᠷ᠎ᠠ ᠶᠢᠨ18᠎ ᠤ ᠡᠳᠦᠷ᠂ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠬᠢᠭᠡᠳ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠬᠦ ᠰᠢᠷᠢᠰ ᠭᠤᠣᠯ ᠰᠡᠳᠦᠪᠲᠦ ᠠᠵᠢᠯᠯᠠᠭ᠎ᠠ ᠶᠢᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠣᠳᠣ ᠦᠶ᠎ᠡ ᠶᠢᠨ ᠳᠤᠮᠳᠠᠳᠤ ᠶᠢᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 15 ᠲᠥᠷᠥᠯ ᠵᠦᠢᠯ ᠢ ᠠᠮᠵᠢᠯᠲᠠᠢ ᠵᠣᠯᠭᠠᠯᠳᠤᠭᠤᠯᠵᠤ᠂ ᠲᠥᠷᠥᠯ ᠵᠦᠢᠯ ᠤᠨ ᠶᠡᠷᠦᠩᠬᠡᠶ ᠣᠷᠣᠭᠤᠯᠤᠯᠲᠠ ᠨᠢ ᠪᠠᠷᠤᠭ 232 ᠳ᠋ᠦᠩᠰᠢᠭᠤᠷ ᠲᠥᠭᠦᠷᠢᠭ ᠪᠣᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠸᠣ ᠴᠦᠨ ᠵᠢᠸᠧ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠬᠠᠨ ᠶᠦᠨ ᠰᠢᠶᠠᠩ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢ ᠬᠤᠩ ᠢᠩ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠬᠤᠸᠠᠩ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠶᠤᠤ ᠫᠢᠩ᠂ ᠬᠤᠲᠠ ᠶᠢᠨ ᠳᠡᠳ᠋ ᠳᠠᠷᠤᠭ᠎ᠠ ᠵᠢᠢ ᠰᠢᠶᠤᠤ ᠴᠢᠩ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃   ᠣᠶᠢᠯᠠᠭᠠᠭᠰᠠᠨ ᠢᠶᠠᠷ᠂ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠬᠢᠭᠡᠳ ᠵᠢᠭᠤᠯᠴᠢᠯᠠᠯ ᠢ ᠤᠶᠠᠯᠳᠤᠭᠤᠯᠤᠨ ᠬᠥᠭᠵᠢᠭᠦᠯᠬᠦ ᠰᠢᠷᠢᠰ ᠭᠤᠣᠯ ᠰᠡᠳᠦᠪᠲᠦ ᠠᠵᠢᠯᠯᠠᠭ᠎ᠠ ᠨᠢ ᠨᠡᠶᠢᠲᠡ 30 ᠲᠥᠷᠥᠯ ᠵᠦᠢᠯ ᠨᠢ ᠵᠣᠯᠭᠠᠯᠳᠤᠭᠤᠯᠤᠨ ᠶᠠᠷᠢᠯᠴᠠᠬᠤ ᠪᠠᠷ ᠵᠣᠬᠢᠶᠠᠨ ᠪᠠᠶᠢᠭᠤᠯᠪᠠ᠃  ᠵᠣᠯᠭᠠᠯᠳᠤᠭᠤᠯᠤᠨ ᠵᠥᠪᠳᠡᠯᠴᠡᠬᠦ ᠪᠠᠷ ᠳᠠᠮᠵᠢᠭᠤᠯᠤᠨ᠂ ᠭᠡᠷ᠎ᠡ ᠲᠣᠭᠲᠠᠬᠤ ᠶᠣᠰᠣᠯᠠᠯ ᠳᠡᠭᠡᠷ᠎ᠡ 15 ᠲᠥᠷᠥᠯ ᠵᠦᠢᠯ ᠢ ᠠᠮᠵᠢᠯᠲᠠ ᠎ ᠲᠠᠢ ᠪᠠᠷ ᠵᠣᠯᠭᠠᠯᠳᠤᠭᠤᠯᠪᠠ᠃ ᠭᠡᠷ᠎ᠡ ᠲᠣᠭᠲᠠᠭᠰᠠᠨ ᠲᠥᠷᠥᠯ ᠵᠦᠢᠯ ᠨᠢ ᠲᠠᠯᠠᠪᠠᠢ ᠳᠤ ᠰᠠᠭᠤᠭ᠎ᠠ ᠲᠣᠭᠯᠠᠯᠲᠠ ᠶᠢᠨ ᠵᠦᠴᠦᠭᠡ ᠶᠢᠨ ᠭᠠᠷᠴᠠᠭ᠂ ᠭᠠᠷ ᠤᠷᠠᠯᠠᠯ ᠤᠨ ᠦᠢᠯᠡᠳᠬᠦᠨ ᠢ ᠪᠦᠲᠦᠭᠡᠯᠴᠢ ᠪᠠᠷ ᠵᠣᠬᠢᠶᠠᠵᠤ ᠦᠢᠯᠡᠳᠪᠦᠷᠢᠯᠡᠬᠦ᠂ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ  ᠬᠥᠭᠵᠢᠭᠦᠯᠬᠦ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠳᠤ ᠬᠤᠯᠪᠣᠭᠳᠠᠵᠠᠢ᠃ ᠡᠳᠡᠭᠡᠷ ᠲᠥᠷᠥᠯ ᠵᠦᠢᠯ ᠢ ᠤᠯᠠᠷᠢᠨ ᠪᠤᠳᠠᠲᠠᠶᠢᠵᠢᠭᠰᠠᠨ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠣᠶᠣᠯ ᠬᠢᠭᠡᠳ ᠵᠢᠭᠤᠯᠴᠢᠯᠠᠯ ᠢ ᠤᠶᠠᠯᠳᠤᠭᠤᠯᠤᠨ  ᠬᠦᠭᠵᠢᠭᠦᠯᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃       ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠦᠬᠠᠶ ᠬᠤᠲᠠ ᠶᠢᠨ 4 ᠲᠥᠷᠥᠯ ᠵᠦᠢᠯ ᠠᠮᠵᠢᠯᠲᠠ ᠲᠠᠢ ᠪᠠᠷ ᠵᠣᠯᠭᠠᠯᠳᠤᠪᠠ᠂ ᠲᠣᠬᠠᠶᠢᠯᠠᠪᠠᠯ ᠬᠤᠩ ᠵᠢᠩ ᠰᠢᠤᠸᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠦᠬᠠᠶ ᠶᠢᠨ ᠴᠥᠯᠡᠷᠬᠡᠭ ᠣᠷᠣᠨ ᠤ ᠤᠰᠤᠲᠤ ᠪᠠᠯᠭᠠᠰᠤ ᠶᠢᠨ ᠲᠥᠷᠥᠯ ᠵᠦᠢᠯ᠂ ᠦᠬᠠᠶ ᠬᠤᠲᠠ ᠶᠢᠨ ᠶᠠᠩ ᠭᠤᠸᠠᠩ ᠲᠢᠶᠠᠨ ᠢᠦᠢ ᠣᠯᠠᠨ ᠤᠯᠤᠰ ᠤᠨ ᠠᠷᠢᠬᠢᠨ ᠡᠳ᠋ᠯᠡᠩ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠦᠬᠠᠶ ᠨᠠᠭᠤᠷ ᠤᠨ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠪᠦᠯᠬᠦᠮ ᠪᠠᠶᠢᠭᠤᠯᠬᠤ ᠲᠥᠷᠥᠯ ᠵᠦᠢᠯ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号