| 9 ᠳ᠋ᠤᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ | ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠭᠤᠤᠯᠯᠠᠨ ᠡᠷᠭᠢᠯᠡᠵᠦ᠂ ᠡᠯ᠎ᠡ ᠠᠶᠢᠮᠠᠭ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠭᠠᠭᠠᠨ ᠡᠷᠬᠢᠯᠡᠵᠤ᠂ ᠥᠪᠥᠷ | ᠮᠣᠩᠭᠤᠯ ᠤᠨ ᠴᠢᠳᠠᠪᠤᠷᠢᠲᠠᠨ ᠤ ᠰᠦᠯᠵᠢᠶᠡᠨ ᠠᠴᠠ ᠮᠡᠷᠭᠡᠵᠢᠯ ᠤᠨ ᠳᠡᠮᠵᠢᠯᠭᠡ ᠬᠠᠨᠭ᠍ᠭᠠᠭᠰᠠᠨ ᠭᠤᠷᠪᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠤ ᠳᠡᠭᠡᠳᠦ ᠳᠡᠰ ᠤᠨ | ᠴᠢᠳᠠᠪᠤᠷᠢᠲᠠᠨ ᠤ ᠬᠠᠮᠲᠤᠷᠠᠨ ᠠᠵᠢᠯᠯᠠᠬᠤ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠨ | ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠪᠦᠬᠦ ᠣᠷᠣᠨ ᠤ ᠴᠢᠳᠠᠪᠤᠷᠢᠲᠠᠨ ᠤ | ᠰᠤᠯᠢᠯᠴᠠᠭᠠᠨ ᠤ ᠶᠡᠭᠡ ᠬᠤᠷᠠᠯ ᠪᠤᠯᠤᠨ ︽ᠢᠨᠲ᠋ᠧᠷ ᠰᠦᠯᠵᠢᠶ᠎ᠡ +︾ ᠶᠢᠨ ᠠᠳᠠᠯ ᠦᠢᠯᠡᠰ ᠴᠤᠭᠴᠠᠯᠠᠬᠤ | ᠦᠵᠡᠭᠦᠯᠦᠯᠭᠡ ᠶᠢᠨ ᠬᠤᠷᠠᠯ ︵ᠳᠣᠷᠣᠭᠰᠢ ᠶᠡᠭᠡ ᠬᠤᠷᠠᠯ ᠬᠡᠵᠤ ᠲᠤᠪᠴᠢᠯᠠᠨ᠎ᠠ︶ ᠨᠢ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠳᠤ ᠠᠮᠵᠢᠯᠲᠠ ᠲᠠᠢ ᠶᠠᠪᠤᠭᠳᠠᠪᠠ᠃ | ᠶᠡᠭᠡ ᠬᠤᠷᠠᠯ ᠪᠤᠯ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠭᠠᠷᠮᠠᠭᠠᠢ | ᠴᠢᠳᠠᠪᠤᠷᠢᠲᠠᠨ︾ ᠤ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠨ ᠠᠵᠢᠯᠯᠠᠬᠤ ᠰᠣᠯᠢᠯᠴᠠᠭᠠᠨ ᠤ ᠬᠤᠷᠠᠯ ᠵᠢᠴᠢ | ᠬᠥᠬᠡᠬᠤᠲᠠ ᠪᠤᠭᠤᠲᠤ ᠣᠷᠳᠣᠰ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ | ᠭᠠᠷᠠᠭ ᠤᠨ ᠰᠢᠷᠢᠰ ᠠᠵᠢᠯᠯᠠᠭᠠᠨ ᠤ ᠨᠢᠭᠡ ᠨᠢ ᠪᠣᠯᠤᠨ᠎ᠠ᠃ ᠶᠡᠭᠡ ᠬᠤᠷᠠᠯ ᠤᠨ ᠵᠣᠷᠢᠯᠭ᠎ᠠ ᠨᠢ ᠪᠤᠯ ᠥᠪᠡᠷᠲᠡᠭᠡᠨ | ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠤ ᠢᠨᠵᠧᠨᠧᠷᠢᠩ ᠢ ᠥᠷᠭᠡᠳᠬᠡᠨ ᠭᠦᠨᠵᠡᠭᠡᠶᠢᠷᠡᠭᠦᠯᠵᠦ᠂ ︽ | ᠴᠢᠳᠠᠪᠤᠷᠢᠲᠠᠨ ᠢᠶᠠᠷ ᠣᠷᠣᠨ ᠢᠶᠠᠨ ᠬᠦᠴᠦᠷᠭᠡᠭᠵᠢᠬᠦᠯᠬᠦ ᠢᠨᠵᠧᠨᠧᠷᠢᠩ︾ ᠪᠤᠯᠤᠨ ︽ᠠᠳᠠᠯ ᠦᠢᠯᠡᠰ ᠴᠤᠭᠴᠠᠯᠠᠬᠤ | ᠠᠵᠢᠯ ᠣᠯᠭᠤᠬᠤ ᠢᠨᠵᠧᠨᠧᠷᠢᠩ︾ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠤᠯᠠᠮᠵᠢᠯᠠᠯᠲᠤ ᠤᠷᠢᠵᠤ ᠬᠡᠷᠡᠭᠯᠡᠬᠦ᠂ | ᠤᠶᠤᠨᠴᠢ ᠪᠠᠷ ᠤᠷᠢᠵᠤ ᠬᠡᠷᠡᠭᠯᠡᠬᠦ᠂ ︽ᠢᠨᠲ᠋ᠧᠷ ᠰᠦᠯᠵᠢᠶ᠎ᠡ +︾ ᠠᠳᠠᠯ ᠦᠢᠯᠡᠰ ᠴᠤᠭᠴᠠᠯᠠᠬᠤ ᠦᠷ᠎ᠡ | ᠪᠦᠲᠦᠭᠡᠯ ᠢ ᠳᠡᠯᠭᠡᠨ ᠦᠵᠡᠭᠦᠯᠬᠦ᠂ ᠪᠡᠯᠡ ᠲᠤᠬᠢᠷᠠᠭᠤᠯᠤᠨ ᠲᠠᠨᠢᠯᠴᠠᠭᠤᠯᠬᠤ᠂ ᠳᠤᠮᠳᠠ ᠵᠢᠵᠢᠭ ᠠᠵᠤ ᠠᠬᠤᠶᠢᠯᠠᠯ ᠤᠨ | ᠦᠢᠯᠡᠴᠢᠯᠡᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ | ᠵᠢᠷᠭᠤᠭᠠᠨ ᠲᠠᠯ᠎ᠠ ᠪᠠᠷ ᠤᠶᠠᠯᠳᠤᠭᠤᠯᠤᠨ ᠦᠷᠨᠢᠭᠦᠯᠬᠦ ᠶᠠᠪᠤᠳᠠᠯ ᠪᠤᠯᠤᠨ᠎ᠠ᠃ ᠶᠡᠭᠡ ᠬᠤᠷᠠᠯ ᠳᠤ ᠴᠢᠳᠠᠮᠵᠢ ᠶᠢᠨ ᠬᠡᠰᠡᠭ | ᠪᠤᠯᠤᠨ ᠦᠵᠦᠭᠦᠷᠯᠢᠭ ᠦᠢᠯᠡᠳᠬᠦᠨ 45 ᠶᠢ ᠲᠤᠬᠢᠷᠠᠭᠤᠯᠵᠤ᠂ 11 ᠲᠠᠪᠴᠠᠩ ᠢ ᠣᠷᠭᠠᠨᠢᠭ ᠢᠶᠠᠷ | ᠵᠤᠯᠭᠠᠯᠳᠤᠭᠤᠯᠵᠤ᠂ ︽666︾ ᠦᠢᠯᠡᠴᠢᠯᠡᠭᠡᠨ ᠤ ᠴᠢᠳᠠᠮᠵᠢ ᠪᠠ ᠠᠵᠢᠯᠯᠠᠭ᠎ᠠ ᠶᠢ ᠪᠤᠢ ᠪᠤᠯᠭᠠᠨ᠂ E ᠥᠷᠲᠡᠭᠡ | ᠨᠡᠪᠲᠡᠷᠡᠭᠦᠯᠬᠦ᠂ ᠬᠢᠷᠢ ᠴᠢᠳᠠᠯ ᠢᠶᠠᠷ ᠢᠶᠠᠨ ᠠᠵᠢᠯ ᠡᠷᠢᠬᠦ᠂ ᠠᠳᠠᠯ ᠦᠢᠯᠡᠰ ᠴᠤᠭᠴᠠᠯᠠᠬᠤ ᠺᠤᠹᠧ ᠵᠡᠷᠭᠡ 17 ᠭᠢᠯᠠᠰ | ᠴᠢᠭ᠋ ᠤᠨ ᠲᠦᠷᠦᠯ ᠵᠦᠢᠯ ᠢ ᠢᠯᠡᠷᠡᠭᠦᠯᠵᠤ᠂ ︽ᠢᠨᠲ᠋ᠧᠷ ᠰᠦᠯᠵᠢᠶ᠎ᠡ +︾ ᠠᠳᠠᠯ ᠦᠢᠯᠡᠰ ᠴᠤᠭᠴᠠᠯᠠᠬᠤ 5 | ᠨᠡᠶᠢᠲᠡᠯᠢᠭ ᠠᠵᠤ ᠠᠬᠤᠶᠢᠯᠠᠯ ᠦᠷ᠎ᠡ ᠪᠦᠲᠦᠭᠡᠯ ᠢᠶᠠᠨ ᠳᠡᠯᠭᠡᠨ ᠦᠵᠡᠭᠦᠯᠪᠡ᠃ ᠲᠤᠰ ᠤᠳᠠᠭᠠᠨ ᠤ ᠶᠡᠭᠡ ᠬᠤᠷᠠᠯ ᠤᠨ | ᠬᠡᠯᠪᠡᠷᠢ ᠨᠢ ᠣᠯᠠᠨ ᠶᠠᠩᠵᠤ᠂ ᠠᠷᠭ᠎ᠠ ᠪᠠᠷᠢᠯ ᠨᠢ ᠰᠢᠨ᠎ᠡ ᠰᠡᠪᠡᠭᠦᠨ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ᠂ ᠴᠢᠳᠠᠪᠤᠷᠢᠲᠠᠨ ᠳᠤ ᠳᠥᠭᠦᠮ ᠦᠵᠡᠭᠦᠯᠬᠦ ᠵᠡᠷᠭᠡ ᠣᠨᠴᠠᠯᠢᠭ ᠲᠠᠢ ᠪᠦᠭᠡᠳ ᠪᠦᠬᠦ ᠤᠯᠤᠰ ᠲᠤ ᠴᠤ | ᠠᠩᠬ᠎ᠠ ᠤᠳᠠᠭ᠎ᠠ ᠶᠠᠪᠤᠭᠳᠠᠵᠤ᠂ ᠡᠨᠡ ᠤᠳᠠᠭᠠᠨ ᠤ ᠶᠡᠭᠡ ᠬᠤᠷᠠᠯ ᠢ ᠦᠨᠡᠨᠬᠦ ᠴᠢᠳᠠᠪᠤᠷᠢᠲᠠᠨ ᠤ ᠰᠣᠯᠢᠯᠴᠠᠭᠠᠨ ᠤ | ᠲᠠᠪᠴᠠᠩ ᠤᠨ ᠦᠵᠡᠰᠬᠦᠯᠡᠩ ᠤᠨ ᠬᠤᠷᠠᠯ᠂ ᠴᠢᠳᠠᠪᠤᠷᠢᠲᠠᠨ ᠤ ᠦᠢᠯᠡᠴᠢᠯᠡᠭᠡᠨ ᠤ ᠲᠦᠷᠦᠯ ᠵᠦᠢᠯ ᠤᠨ ᠵᠢᠱᠢᠶ᠎ᠡ | ᠦᠵᠡᠭᠦᠯᠬᠦ | ᠬᠤᠷᠠᠯ᠂ ᠠᠵᠢᠯ ᠣᠯᠭᠤᠯᠲᠠ ᠶᠢ ᠠᠬᠢᠭᠤᠯᠬᠤ ᠵᠦᠪᠯᠡᠯᠴᠡᠭᠡᠷ ᠤᠨ ᠬᠤᠷᠠᠯ᠂ ︽ᠢᠨᠲ᠋ᠧᠷ ᠰᠦᠯᠵᠢᠶ᠎ᠡ +︾ | ᠵᠠᠭᠪᠤᠷᠰᠢᠯ ᠤᠨ ᠠᠳᠠᠯ ᠦᠢᠯᠡᠰ ᠴᠤᠭᠴᠠᠯᠠᠬᠤ ᠦᠵᠡᠭᠦᠯᠦᠯᠭᠡ ᠶᠢᠨ ᠬᠤᠷᠠᠯ ᠪᠤᠯᠭᠠᠨ ᠡᠷᠬᠢᠯᠡᠭᠡᠳ᠂ ︽ᠤᠶᠤᠨᠴᠢ | ᠠᠵᠢᠯ ᠤᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡ︾ ᠶᠢ ᠪᠤᠢ ᠪᠤᠯᠭᠠᠬᠤ ᠳᠤ᠂ ᠰᠢᠨ᠎ᠡ ᠠᠶᠠᠨ ᠢ | ᠡᠬᠢᠯᠡᠭᠦᠯᠦᠭᠰᠡᠨ ᠪᠠᠶᠢᠨ᠎ᠠ᠃ | ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠶᠡᠭᠡ ᠬᠤᠷᠠᠯ ᠳᠤ ᠬᠥᠮᠦᠨ ᠬᠡᠷᠡᠭᠯᠡᠬᠦ ᠨᠢᠭᠡᠴᠡ ᠶᠢ | ᠨᠡᠶᠢᠲᠡ 151 ᠶᠢ ᠵᠣᠬᠢᠶᠠᠨ ᠪᠠᠶᠢᠭᠤᠯᠵᠤ᠂ ᠠᠵᠢᠯ ᠣᠯᠭᠤᠬᠤ ᠠᠵᠢᠯ ᠤᠨ ᠪᠠᠶᠢᠷᠢ 3021 ᠶᠢ ᠬᠠᠩᠭᠠᠵᠤ᠂ | ᠪᠡᠶ᠎ᠡ ᠶᠢᠨ ᠦᠨᠡᠮᠯᠡᠯ ᠢᠶᠠᠷ ᠢᠶᠠᠨ ᠲᠠᠯᠠᠪᠤᠷ ᠲᠤ ᠣᠷᠣᠵᠤ ᠠᠵᠢᠯ ᠡᠷᠢᠬᠦ ᠬᠦᠮᠦᠨ ᠤ ᠲᠤᠭ᠎ᠠ 6388 ᠪᠠᠶᠢᠵᠤ᠂ | 659 ᠬᠥᠮᠦᠨ ᠲᠤᠬᠠᠶ ᠶᠢᠨ ᠲᠠᠯᠠᠪᠠᠢ ᠳᠤ ᠭᠡᠷ᠎ᠡ ᠲᠤᠭᠲᠠᠨ ᠠᠵᠢᠯ ᠤᠯᠪᠠ︔ ︽ᠢᠨᠲ᠋ᠧᠷ ᠰᠦᠯᠵᠢᠶ᠎ᠡ +︾ ᠶᠢᠨ | ᠠᠳᠠᠯ ᠦᠢᠯᠡᠰ ᠴᠤᠭᠴᠠᠯᠠᠬᠤ 8 ᠠᠵᠤ ᠠᠬᠤᠶᠢᠯᠠᠯ ᠪᠣᠳᠠᠲᠠᠶ ᠶᠠᠪᠤᠳᠠᠯ ᠢᠶᠠᠨ ᠳᠡᠯᠭᠡᠨ ᠦᠵᠡᠭᠦᠯᠵᠤ᠂ ᠨᠡᠶᠢᠲᠡ 188 | ᠠᠵᠤ ᠠᠬᠤᠶᠢᠯᠠᠯ ᠪᠤᠯᠤᠨ 1215 ᠬᠤᠪᠢ ᠬᠥᠮᠦᠨ ᠢ ᠳᠠᠶᠢᠴᠢᠯᠠᠨ ᠬᠠᠮᠲᠤᠷᠠᠨ ᠠᠳᠠᠯ ᠦᠢᠯᠡᠰ ᠴᠤᠭᠴᠠᠯᠠᠬᠤ | ᠰᠠᠨᠠᠮᠵᠢ ᠲᠤᠭᠲᠠᠵᠤ᠂ ︽3 D ᠳᠠᠷᠤᠮᠠᠯᠯᠠᠬᠤ︾ ᠠᠵᠤ ᠠᠬᠤᠶᠢᠯᠠᠯ ᠨᠢ ᠪᠠᠰᠠ ᠳᠤᠮᠳᠠ ᠵᠢᠵᠢᠭ ᠠᠵᠤ | ᠠᠬᠤᠶᠢᠯᠠᠯ ᠤᠨ ᠵᠢᠭᠡᠯᠡᠯᠭᠡ ᠶᠢᠨ ᠰᠦᠯᠵᠢᠶ᠎ᠡ ᠯᠦᠭᠡ 100 ᠲᠦᠮᠡᠨ ᠲᠦᠭᠦᠷᠢᠭ ᠤᠨ ᠪᠡᠯᠡ ᠤᠷᠤᠭᠤᠯᠤᠯᠲᠠ ᠶᠢᠨ | ᠲᠥᠰᠦᠯ ᠢ ᠲᠤᠭᠲᠠᠭᠰᠠᠨ ᠪᠠᠶᠢᠨ᠎ᠠ᠃ |