ᠪᠦᠬᠦ ᠣᠷᠣᠨ ᠤ ︽ᠬᠠᠤᠯᠢ ᠪᠤᠰᠤ ᠳᠤ ᠴᠣᠬᠢᠯᠲᠠ ᠥᠭᠴᠦ ᠬᠠᠣᠯᠢ ᠠᠴᠠ ᠵᠦᠷᠢᠴᠡᠭᠰᠡᠨ ᠢ ᠵᠠᠰᠠᠬᠤ︾ ᠲᠠᠪᠤᠳᠤᠭᠠᠷ ᠤᠳᠠᠭ᠎ᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2015/9/23
     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰ ᠡᠳᠦᠷ ᠠᠴᠠ ᠡᠬᠢᠯᠡᠨ 27᠎ ᠤ ᠡᠳᠦᠷ ᠪᠣᠯᠲᠠᠯ᠎ᠠ ᠪᠦᠬᠦ ᠣᠷᠣᠨ ᠳᠤ ︽ ᠬᠠᠤᠯᠢ ᠪᠤᠰᠤ ᠳᠤ ᠴᠣᠬᠢᠯᠲᠠ ᠥᠭᠴᠦ ᠬᠠᠣᠯᠢ ᠠᠴᠠ ᠵᠦᠷᠢᠴᠡᠭᠰᠡᠨ ᠢ ᠵᠠᠰᠠᠬᠤ︾ ᠲᠠᠪᠤᠳᠤᠭᠠᠷ ᠤᠳᠠᠭ᠎ᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠬᠦ ᠪᠠᠷ ᠲᠣᠭᠲᠠᠵᠤ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠬᠤᠣᠷ ᠲᠠᠲᠠᠭᠠᠳ ᠲᠡᠷᠭᠡ ᠵᠢᠯᠣᠭᠤᠳᠤᠭᠰᠠᠨ ᠢ ᠴᠢᠩᠭ᠎ᠠ ᠪᠠᠶᠢᠴᠠᠭᠠᠵᠤ᠂  ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠡᠮᠬᠢ ᠵᠢᠷᠤᠮ ᠢ ᠴᠢᠩᠭ᠎ᠠ ᠬᠠᠮᠢᠶᠠᠷᠴᠣ᠂ ᠭᠤᠣᠯᠳᠠᠯᠭ᠎ᠠ ᠲᠠᠢ ᠲᠡᠷᠭᠡᠨ ᠤ ᠠᠮᠤᠷ ᠲᠦᠪᠰᠢᠨ ᠪᠣᠰᠣ ᠳᠠᠯᠳᠠ ᠭᠡᠮ ᠢ ᠴᠢᠩᠭ᠎ᠠ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠪᠣᠯᠣᠨ᠎ᠠ᠃      ᠲᠥᠪᠯᠡᠷᠡᠭᠦᠯᠦᠨ ᠴᠡᠭᠴᠡᠯᠡᠨ ᠵᠠᠰᠠᠵᠤ ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠤᠳ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠭᠦᠢᠴᠡᠳ ᠬᠡᠷᠡᠭᠯᠡᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠨ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠬᠡᠷᠡᠭ ᠣᠯᠠᠨ ᠭᠠᠷᠳᠠᠭ ᠣᠷᠣᠨ᠂ ᠣᠯᠠᠨ ᠭᠠᠷᠳᠠᠭ ᠴᠠᠭ᠂ ᠣᠯᠠᠨ ᠭᠠᠷᠳᠠᠭ ᠵᠠᠮ ᠤᠨ ᠬᠡᠰᠡᠭ ᠪᠣᠯᠣᠨ  ᠣᠯᠠᠨ ᠭᠠᠷᠭᠠᠳᠠᠭ ᠬᠥᠮᠦᠰ᠂ ᠲᠡᠷᠭᠡᠨ ᠤ ᠬᠡᠯᠪᠡᠷᠢ ᠶᠢ ᠵᠢᠭᠰᠠᠭᠠᠨ ᠪᠠᠶᠢᠴᠠᠭᠠᠵᠤ᠂ ᠴᠠᠭᠳᠠᠭᠠᠨ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠣᠨᠣᠪᠴᠢᠲᠠᠢ ᠴᠣᠬᠢᠯᠲᠠ ᠥᠭᠬᠦ ᠶᠢ ᠪᠡᠶᠡᠯᠡᠭᠦᠯᠬᠦ ᠶᠢᠨ ᠬᠠᠮᠲᠤ  ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠶᠢ ᠴᠡᠭᠴᠡᠯᠡᠨ ᠵᠠᠰᠠᠬᠤ ᠶᠠᠪᠤᠳᠠᠯ ᠢ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠪᠣᠯᠲᠠᠯ᠎ᠠ ᠤᠷᠲᠤᠳᠬᠠᠬᠤ ᠪᠣᠯᠣᠨ᠎ᠠ᠃ ᠡᠭᠦᠨ ᠤ ᠬᠠᠮᠲᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠭᠦᠢᠴᠡᠳ ᠠᠰᠢᠭᠯᠠᠨ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠮᠢᠶᠠᠷᠤᠯᠲᠠ ᠢᠯᠠᠩᠭᠤᠶ᠎ᠠ ᠰᠥᠨᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠠᠨᠴᠢᠳ ᠤᠨ ᠲᠡᠷᠬᠡ ᠬᠡᠳᠦ ᠬᠤᠷᠳᠤᠴᠠ ᠪᠠᠷ  ᠠᠶᠠᠯᠠᠬᠤ᠂ ᠰᠠᠭᠤᠳᠠᠯ ᠤᠨ ᠲᠤᠭ᠎ᠠ ᠠᠴᠠ ᠬᠡᠲᠦᠷᠡᠲᠦᠯ᠎ᠡ ᠲᠡᠭᠡᠭᠡᠬᠦ᠂ ᠰᠦᠨᠢ ᠶᠢᠨ 2 ᠴᠠᠭ  ᠠᠴᠠ 5 ᠴᠠᠭ  ᠪᠣᠯᠲᠠᠯ᠎ᠠ ᠲᠣᠭᠲᠠᠭᠠᠯ ᠠᠴᠠ ᠵᠦᠷᠢᠴᠡᠨ ᠠᠶᠠᠯᠠᠬᠤ ᠬᠠᠣᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠶᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ︽ᠵᠣᠴᠢᠨ ᠲᠡᠭᠡᠭᠡᠪᠦᠷᠢᠯᠡᠬᠦ ᠬᠤᠶᠠᠷ ᠵᠦᠢᠯ ᠤᠨ ᠲᠡᠷᠬᠡ ᠬᠢᠭᠡᠳ ᠠᠶᠤᠯᠲᠠᠢ ᠡᠳ᠋ ᠲᠡᠭᠡᠭᠡᠪᠦᠷᠢᠯᠡᠬᠦ ᠲᠡᠷᠬᠡ︾᠎ ᠶᠢᠨ ᠠᠵᠤ ᠠᠬᠤᠶᠢᠯᠠᠯ ᠢ ᠰᠦᠨᠢ ᠪᠠᠷ ᠭᠡᠨᠡᠲᠡᠭᠦᠯᠦᠨ ᠪᠠᠶᠢᠴᠠᠭᠠᠵᠤ᠂ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠠᠳᠤᠢ ᠶᠢ ᠬᠠᠤᠯᠢ ᠶᠣᠰᠣᠭᠠᠷ ᠴᠢᠩᠭ᠎ᠠ ᠰᠢᠳᠬᠡᠨ ᠲᠣᠷᠭᠠᠬᠤ ᠪᠣᠯᠣᠨ᠎ᠠ᠃  ᠡᠭᠦᠨ ᠠᠴᠠ ᠭᠠᠳᠠᠨ᠎ᠠ ᠪᠠᠰᠠ ᠵᠠᠮ ᠬᠠᠷᠢᠯᠴᠠᠭ᠎ᠠ ᠲᠡᠭᠡᠭᠡᠪᠦᠷᠢ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ᠂ ᠪᠣᠯᠵᠣᠨ  ᠬᠡᠯᠡᠯᠴᠡᠭᠳᠡᠭᠰᠡᠨ ᠠᠵᠤ ᠠᠬᠤᠶᠢᠯᠠᠯ ᠤᠨ ᠠᠮᠤᠷ ᠲᠦᠪᠰᠢᠨ ᠪᠣᠰᠣ ᠳᠠᠯᠳᠠ ᠭᠡᠮ ᠎ ᠢᠶᠠᠨ ᠦᠨᠡᠨᠬᠦ ᠴᠡᠭᠴᠡᠯᠡᠨ ᠰᠠᠶᠢᠵᠢᠷᠠᠭᠤᠯᠬᠤ᠂ ᠦᠨᠴᠦᠭ ᠪᠣᠯᠣᠩ ᠦᠯᠡᠳᠡᠭᠡᠭᠰᠡᠨ ᠦᠭᠡᠢ ᠪᠠᠶᠢᠬᠤ ᠶᠢ ᠰᠢᠮᠳᠠᠭᠤᠯᠵᠤ᠂ ᠬᠠᠷᠢᠶ᠎ᠠ ᠣᠷᠣᠨ ᠤ ᠬᠢᠨᠢ ᠲᠡᠭᠡᠭᠡᠪᠦᠷᠢ ᠶᠢᠨ ᠠᠵᠤ ᠠᠬᠤᠶᠢᠯᠠᠯ ᠢ ᠦᠷᠭᠦᠯᠵᠢᠯᠡᠨ ᠢᠯᠭᠠᠷᠠᠭᠤᠯᠤᠨ ᠵᠢᠭᠰᠠᠭᠠᠨ  ᠪᠠᠶᠢᠴᠠᠭᠠᠵᠤ᠂ ᠵᠠᠮ ᠬᠠᠷᠢᠯᠴᠠᠭᠠᠨ ᠤ ᠬᠠᠣᠯᠢ ᠠᠴᠠ ᠵᠦᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠣᠯᠠᠨ ᠭᠠᠷᠳᠠᠭ᠂ ᠠᠰᠠᠭᠤᠳᠠᠯ ᠤᠨ ᠳᠠᠯᠳᠠ ᠭᠡᠮ ᠲᠣᠪᠤᠶᠢᠮ᠎ᠠ ᠪᠠᠶᠢᠭ᠎ᠠ ᠨᠢᠭᠡ ᠪᠦᠯᠦᠭ ᠲᠡᠭᠡᠭᠡᠪᠦᠷᠢ ᠶᠢᠨ ᠠᠵᠤ ᠠᠬᠤᠶᠢᠯᠠᠯ ᠤᠳ ᠢ ᠲᠥᠪᠯᠡᠷᠡᠭᠦᠯᠦᠨ ᠪᠣᠯᠵᠤᠨ ᠬᠡᠯᠡᠯᠴᠡᠵᠦ᠂ ᠡᠬᠢ ᠡᠭᠦᠰᠦᠯ ᠠᠴᠠ ᠨᠢ ᠬᠠᠮᠢᠶᠠᠷᠬᠤ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠪᠣᠰᠣ ᠳᠠᠯᠳᠠ ᠭᠡᠮ ᠢ ᠴᠡᠭᠴᠡᠯᠡᠨ ᠵᠠᠰᠠᠬᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号