| ᠶᠠᠭ ᠡᠷᠭᠢᠭᠦᠯᠦᠨ ᠪᠠᠷᠢᠵᠤ ᠪᠠᠶᠢᠭ᠎ᠠ ᠲᠣᠮᠣ ᠬᠥᠭᠦᠷᠭᠡ᠃ | 9 ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 10 ᠴᠠᠭ 40 ᠮᠢᠨᠦ᠋ᠲ ᠠᠴᠠ ᠡᠬᠢᠯᠡᠵᠦ᠂ | 90 ᠮᠢᠨᠦ᠋ᠲ ᠤᠨ ᠴᠠᠭ ᠵᠠᠷᠤᠴᠠᠭᠤᠯᠤᠨ᠂ ᠥᠪᠥᠷ ᠮᠣᠩᠭᠤᠯ ᠤᠨ ᠠᠩᠬᠠᠳᠠᠭᠴᠢ ᠬᠦᠬᠡᠬᠤᠲᠠ ᠠᠴᠠ ᠴᠢᠭᠤᠯᠤᠯᠲᠤ | ᠬᠠᠭᠠᠯᠭ᠎ᠠ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ | ᠱᠤᠭᠤᠮ ᠤᠨ ᠰᠢᠩ ᠡᠾᠧ ᠳᠠᠬᠢ ᠤᠨᠴᠠ ᠶᠡᠭᠡ ᠬᠥᠭᠦᠷᠭᠡ ᠶᠢ ᠡᠷᠭᠢᠭᠦᠯᠦᠨ ᠨᠡᠪᠲᠡᠷᠡᠭᠦᠯᠦᠭᠰᠡᠨ ᠤ ᠳᠠᠷᠠᠭ᠎ᠠ | ᠴᠢᠭᠤᠯᠤᠯᠲᠤ ᠬᠠᠭᠠᠯᠭ᠎ᠠ ᠠᠴᠠ ᠤᠯᠠᠭᠠᠨᠴᠠᠪ ᠬᠦᠷᠬᠦ ᠲᠡᠮᠦᠷ ᠵᠠᠮ ᠤᠨ ᠴᠢᠶᠠᠨ ᠡᠾᠧ ᠭᠤᠣᠯ ᠤᠨ ᠶᠡᠭᠡ ᠬᠥᠭᠦᠷᠭᠡ ᠶᠢ | ᠠᠮᠵᠢᠯᠲᠠ ᠲᠠᠢ ᠪᠠᠷ ᠰᠤᠨᠳᠠᠯᠠᠭᠤᠯᠪᠠ᠃ | ᠰᠢᠩ ᠾᠧ ᠳᠠᠬᠢ ᠣᠨᠴᠠ ᠶᠡᠭᠡ ᠬᠥᠭᠦᠷᠭᠡ ᠨᠢ ᠤᠯᠠᠭᠠᠨᠴᠠᠪ ᠬᠤᠲᠠ ᠶᠢᠨ ᠰᠢᠩ ᠡᠾᠧ ᠰᠢᠶᠠᠨ ᠤ | ᠬᠠᠷᠢᠶ᠎ᠠ ᠳᠤ ᠪᠠᠶᠢᠷᠢᠯᠠᠵᠤ᠂ ᠪᠦᠬᠦ ᠣᠷᠳᠣ ᠨᠢ 4393 ᠮᠧᠲᠷ᠂ ᠪᠦᠬᠦ ᠤᠯᠤᠰ ᠲᠤ ᠲᠡᠮᠦᠷ ᠵᠠᠮ ᠰᠤᠨᠳᠠᠯᠠᠭᠰᠠᠨ | ᠬᠠᠮᠤᠭ ᠤᠨ ᠥᠨᠳᠥᠷ ᠲᠤᠯᠭᠠᠭᠤᠷ ᠲᠠᠢ ᠡᠷᠬᠢᠬᠡ ᠬᠥᠭᠦᠷᠭᠡ ᠪᠤᠯᠬᠤ ᠪᠦᠭᠡᠳ ᠬᠦᠬᠡᠬᠤᠲᠠ ᠠᠴᠠ ᠴᠢᠭᠤᠯᠤᠯᠲᠤ | ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠡᠵᠡᠮᠳᠡᠬᠦ ᠴᠢᠨᠠᠷᠲᠠᠶ ᠪᠠᠷᠢᠯᠭ᠎ᠠ ᠶᠢᠨ | ᠨᠢᠭᠡ ᠪᠣᠯᠤᠨ᠎ᠠ᠃ ᠰᠢᠩ ᠾᠧ ᠳᠠᠬᠢ ᠣᠨᠴᠠ ᠶᠡᠭᠡ ᠬᠥᠭᠦᠷᠭᠡ ᠶᠢᠨ 19# ᠠᠴᠠ 20# ᠲᠤᠯᠭᠠᠭᠤᠷ ᠨᠢ | ᠤᠤᠯ ᠤᠨ ᠴᠢᠭᠤᠯᠤᠯᠲᠤ ᠬᠠᠭᠠᠯᠭ᠎ᠠ ᠪᠤᠯᠤᠨ ᠤᠯᠠᠭᠠᠨᠴᠠᠪ ᠤᠨ ᠬᠤᠭᠤᠷᠤᠨᠳᠤᠬᠢ ᠲᠡᠮᠦᠷ ᠵᠠᠮ ᠤᠨ ᠴᠢᠶᠠᠨ ᠡᠾᠧ | ᠶᠡᠭᠡ ᠬᠥᠭᠦᠷᠭᠡ ᠯᠦᠭᠡ ᠲᠠᠰᠢᠭᠤ ᠪᠠᠷ 32。ᠤᠭᠲᠤᠯᠤᠯᠴᠠᠵᠤ᠂ ᠰᠤᠨᠳᠠᠯᠠᠬᠤ ᠨᠢᠷᠤᠭᠤᠪᠴᠢ ᠶᠢ ᠨᠢ | ᠡᠷᠭᠢᠭᠦᠯᠭᠡ ᠶᠢᠨ ᠮᠡᠷᠭᠡᠵᠢᠯ ᠢᠶᠠᠷ ᠪᠠᠷᠢᠪᠠ᠃ ᠡᠷᠬᠢᠬᠡ ᠲᠤᠭᠤᠷᠢᠭᠤᠯ ᠢ 19#᠂ 20# ᠲᠤᠯᠭᠠᠭᠤᠷᠢ ᠶᠢᠨ | ᠬᠤᠭᠤᠷᠤᠨᠳᠤ ᠲᠤᠬᠢᠷᠠᠭᠤᠯᠵᠤ᠂ ᠤᠡᠭᠭᠤᠴᠠᠯᠠᠭᠰᠠᠨ ᠨᠢᠷᠤᠭᠤᠪᠴᠢ ᠶᠢ ᠬᠠᠪᠲᠠᠭᠠᠶ ᠪᠠᠷ 30。ᠡᠷᠬᠢᠬᠦ ᠪᠤᠯᠭᠠᠭᠰᠠᠨ ᠤ | ᠬᠠᠮᠲᠤ ᠨᠢᠷᠤᠭᠤᠪᠴᠢ ᠶᠢᠨ ᠬᠤᠶᠠᠷ ᠲᠠᠯ᠎ᠠ ᠪᠠᠷ 7.75 ᠮᠧᠲᠷ ᠤᠨ ᠰᠤᠨᠳᠠᠯᠠᠬᠤ ᠬᠡᠰᠡᠭ ᠪᠠ 2 ᠮᠧᠲᠷ ᠤᠨ | ᠨᠡᠶᠢᠯᠡᠪᠦᠷᠢ ᠬᠡᠰᠡᠭ ᠢ ᠪᠠᠷᠢᠨ ᠴᠢᠳᠬᠤᠭᠠᠳ᠂ ᠰᠠᠭᠤᠷᠢᠯᠠᠬᠤ ᠲᠤᠯᠭᠠᠭᠤᠷ ᠤᠨ ᠰᠢᠰᠲ᠋ᠧᠮᠵᠢ ᠶᠢᠨ ᠡᠷᠬᠢᠯᠭᠡ ᠶᠢ | ᠪᠡᠶᠡᠯᠡᠭᠦᠯᠪᠡ᠃ | ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠨᠢ | ᠬᠦᠬᠡᠬᠤᠲᠠ᠂ ᠤᠯᠠᠭᠠᠨᠴᠠᠪ ᠬᠤᠲᠠ ᠪᠤᠯᠤᠨ ᠴᠢᠭᠤᠯᠤᠯᠲᠤ ᠬᠠᠭᠠᠯᠭ᠎ᠠ ᠪᠠᠷ ᠦᠡᠭᠭᠡᠷᠡᠵᠤ᠂ ᠪᠦᠬᠦ ᠱᠤᠭᠤᠮ ᠤᠨ | ᠣᠷᠳᠣ ᠨᠢ 286.8 ᠺᠢᠯᠣᠮᠧᠲᠷ᠂ ᠲᠥᠰᠦᠪᠯᠡᠭᠰᠡᠨ ᠬᠤᠷᠳᠤᠴᠠ ᠨᠢ 250 ᠺᠢᠯᠣᠮᠧᠲᠷ ᠪᠠᠶᠢᠵᠤ᠂ ᠥᠪᠥᠷ | ᠮᠣᠩᠭᠤᠯ ᠤᠨ ᠬᠡᠪᠴᠢᠶᠡᠨ ᠳᠤ ᠪᠠᠶᠢᠭᠤᠯᠤᠭᠰᠠᠨ ᠱᠤᠭᠤᠮ ᠳᠠᠭᠠᠤ ᠬᠥᠬᠡᠬᠤᠲᠠ ᠵᠡᠭᠦᠨ ᠦᠷᠲᠡᠭᠡ᠂ ᠴᠢ ᠰᠢᠶᠠ ᠶᠢᠩ | ᠡᠮᠦᠨ᠎ᠡ ᠦᠷᠲᠡᠭᠡ᠂ ᠵᠦᠸᠧᠽᠢ ᠵᠡᠬᠦᠨ ᠦᠷᠲᠡᠭᠡ᠂ ᠤᠯᠠᠭᠠᠨᠴᠠᠪ ᠪᠣᠯᠤᠨ ᠰᠢᠩ ᠡᠾᠧ ᠬᠤᠶᠢᠲᠤ ᠦᠷᠲᠡᠭᠡ ᠵᠡᠷᠭᠡ | 5 ᠥᠷᠲᠡᠭᠡ ᠭᠠᠷᠭᠠᠨ᠂ ᠡᠾᠧᠪᠸᠢ ᠮᠤᠵᠢ ᠶᠢᠨ ᠬᠡᠪᠴᠢᠶᠡᠨ ᠤ ᠬᠤᠸᠠᠢ ᠠᠨ ᠳᠤ 1 ᠦᠷᠲᠡᠭᠡ ᠪᠠᠶᠢᠭᠤᠯᠪᠠ᠃ |