2015 ᠤᠨ ᠤ ᠳᠤᠮᠳᠠᠲᠤ ᠤᠯᠤᠰ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠤᠷᠤᠨ ᠤ ᠰᠢᠢᠳᠪᠦᠷᠢᠲᠦ ᠤᠷᠤᠯᠳᠤᠭᠠᠨ ᠪᠤᠭᠤᠲᠤ ᠳᠤ ᠡᠬᠢᠯᠡᠪᠡ
ᠨᠡᠶᠢᠲᠡᠯᠡᠭᠰᠡᠨ ᠴᠠᠭ᠄
2015/9/25
     9 ᠳ᠋ᠤᠭᠡᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 10 ᠨᠢᠭᠡᠴᠡ ᠠᠴᠠ ︽2015 ᠤᠨ ᠤ ᠳᠤᠮᠳᠠᠳᠤ ᠤᠯᠤᠰ ᠤᠨ ᠤᠷ᠎ᠠ ᠴᠢᠳᠠᠪᠤᠷᠢ ᠶᠢᠨ ᠤᠷᠤᠯᠳᠤᠭᠠᠨ — ᠥᠪᠥᠷ ᠮᠣᠩᠭᠤᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ︾᠎ ᠤ ᠰᠢᠢᠳᠪᠦᠷᠢᠲᠦ ᠤᠷᠤᠯᠳᠤᠭᠠᠨ ᠢ ᠬᠠᠮᠲᠤᠷᠠᠨ ᠡᠷᠬᠢᠯᠡᠵᠤ᠂ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠵᠤ᠂ ᠡᠯ᠎ᠡ ᠠᠶᠢᠮᠠᠭ ᠬᠤᠲᠠ ᠶᠢᠨ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ ᠢᠶᠠᠷ ᠳᠠᠮᠵᠢᠨ ᠪᠦᠬᠦ ᠣᠷᠣᠨ ᠤ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠳ ᠠᠴᠠ ᠨᠡᠶᠢᠲᠡ 600 ᠭᠠᠷᠤᠢ ᠬᠦᠮᠦᠨ ᠢ ᠰᠢᠯᠭᠠᠷᠠᠭᠤᠯᠤᠨ ᠰᠢᠢᠳᠪᠦᠷᠢᠲᠦ ᠤᠷᠤᠯᠳᠤᠭᠠᠨ ᠳᠤ ᠤᠷᠤᠯᠴᠠᠭᠤᠯᠵᠤ᠂ ᠰᠢᠢᠳᠪᠦᠷᠢᠲᠦ ᠤᠷᠤᠯᠳᠤᠭᠠᠨ ᠳᠤ ᠮᠠᠩᠯᠠᠶᠢᠯᠠᠭᠰᠠᠨ ᠨᠢ ᠥᠪᠡᠷᠲᠡᠭᠡᠨ ᠵᠠᠰᠠᠬᠤ ᠣᠷᠣᠨ ᠢ ᠲᠦᠯᠦᠭᠡᠯᠡᠨ ᠳᠤᠮᠳᠠᠳᠤ ᠤᠯᠤᠰ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠤᠷᠤᠯᠴᠠᠬᠤ ᠪᠤᠯᠤᠨ᠎ᠠ᠃      ᠡᠨᠡ ᠤᠳᠠᠭᠠᠨ ᠤ ᠤᠷᠤᠯᠳᠤᠭᠠᠨ ᠳᠤ ᠪᠠᠷᠢᠯᠭ᠎ᠠ ᠶᠢᠨ ᠬᠡᠮᠵᠢᠯᠲᠡ ᠶᠢᠨ ᠠᠵᠢᠯᠴᠢᠨ᠂ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ᠂ ᠴᠠᠬᠢᠯᠭᠠᠨ ᠲᠧᠭᠨᠢᠭ ᠤᠨ ᠰᠡᠯᠪᠢᠨ ᠵᠠᠰᠠᠬᠤ ᠠᠵᠢᠯᠴᠢᠨ᠂ ᠲᠣᠭᠠᠨ ᠡᠵᠡᠮᠰᠢᠯᠲᠦ ᠰᠠᠤᠷᠢ ᠮᠠᠰᠢᠨ ᠤ ᠠᠵᠢᠯᠴᠢᠨ᠂  ᠺᠠᠷᠲ᠋ᠤᠨ ᠵᠢᠷᠤᠭᠴᠢᠨ᠂ ᠨᠠᠰᠤᠲᠠᠨ ᠢ ᠠᠰᠠᠷᠠᠭᠴᠢ ᠵᠡᠷᠭᠡ ᠠᠴᠠ ᠨᠡᠶᠢᠲᠡ 12 ᠠᠵᠢᠯ ᠮᠡᠷᠭᠡᠵᠢᠯ ︵ᠢᠨᠵᠧᠨᠧᠷᠢᠩ︶ ᠤᠷᠤᠯᠳᠤᠭᠠᠨ ᠢ ᠲᠤᠬᠢᠷᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠤᠯ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠬᠥᠮᠦᠵᠢᠭᠦᠯᠬᠦ ᠬᠦᠴᠦᠨ ᠪᠦᠬᠦᠢ ᠠᠷᠭ᠎ᠠ ᠬᠡᠷᠡᠭᠯᠡᠭᠦᠷ ᠪᠤᠯᠤᠨ᠎ᠠ ᠬᠡᠰᠡᠨ ᠢ ᠳᠤᠪᠤᠶᠢᠯᠭᠠᠪᠠ᠃ ᠡᠯ᠎ᠡ ᠠᠶᠢᠮᠠᠭ ᠬᠤᠲᠠ ᠶᠢᠨ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ ᠵᠡᠷᠭᠡ ᠬᠡᠳᠦᠨ ᠱᠠᠲᠤ ᠪᠠᠷ ᠰᠢᠯᠭᠠᠷᠠᠭᠤᠯᠤᠭᠠᠳ᠂ ᠨᠡᠶᠢᠲᠡ 600 ᠭᠠᠷᠤᠢ ᠬᠦᠮᠦᠨ ᠴᠣᠯᠭᠤᠷᠠᠨ ᠭᠠᠷᠴᠤ ᠰᠢᠢᠳᠪᠦᠷᠢᠲᠦ ᠤᠷᠤᠯᠳᠤᠭᠠᠨ ᠳᠤ ᠤᠷᠤᠪᠠ᠃  ᠲᠡᠳᠡᠭᠡᠷ ᠨᠢ ᠪᠦᠬᠦ ᠣᠷᠣᠨ ᠤ ᠡᠯ᠎ᠡ ᠬᠠᠮᠢᠶ᠎ᠠ ᠪᠦᠬᠦᠢ ᠲᠤᠮᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠰᠤᠷᠤᠭᠴᠢ ᠵᠢᠴᠢ ᠨᠡᠶᠢᠭᠡᠮ ᠤᠨ  ᠴᠢᠯᠦᠭᠡᠲᠦ ᠠᠵᠢᠯ ᠣᠯᠤᠭᠰᠠᠳ ᠢᠶᠠᠷ ᠪᠦᠷᠢᠯᠳᠦᠵᠤ᠂ ᠪᠦᠬᠦ ᠣᠷᠣᠨ ᠤ ᠡᠯ᠎ᠡ ᠠᠵᠢᠯ ᠲᠦᠷᠦᠯ ᠤᠨ ᠲᠡᠷᠢᠭᠦᠨ ᠵᠡᠷᠭᠡ ᠶᠢᠨ ᠭᠠᠷᠮᠠᠭᠠᠶ ᠴᠢᠳᠠᠪᠤᠷᠢᠲᠠᠨ ᠪᠤᠯᠤᠨ᠎ᠠ᠃ ᠲᠡᠷᠡᠴᠢᠯᠡᠨ᠂ ᠰᠢᠯᠢᠳᠡᠭ ᠬᠢᠷᠢ ᠪᠦᠲᠦᠮᠵᠢ ᠤᠯᠤᠭᠰᠠᠳ ᠲᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠤᠯᠤᠰ ᠤᠨ ᠠᠵᠢᠯ ᠮᠡᠷᠭᠡᠵᠢᠯ ᠤᠨ ᠵᠣᠬᠢᠬᠤ ᠳᠡᠰ ᠤᠨ ᠬᠢᠷᠢ ᠬᠡᠮ ᠤᠨ ᠦᠨᠡᠮᠯᠡᠯ  ᠤᠯᠭᠤᠬᠤ ᠶᠢᠨ ᠬᠠᠮᠲᠤ᠂ ᠨᠥᠬᠦᠴᠡᠯ ᠳᠤ ᠨᠡᠶᠢᠴᠡᠭᠰᠡᠨ ᠤᠷᠤᠯᠴᠠᠭᠴᠢᠳ ᠲᠤ ︽5.1᠎ ᠶᠢᠨ ᠬᠥᠳᠡᠯᠮᠦᠷᠢᠴᠢᠨ ᠤ ᠮᠧᠳᠠᠯ︾᠂ ︽ᠪᠦᠬᠦ ᠣᠷᠣᠨ ᠤ ᠤᠷ᠎ᠠ ᠴᠢᠳᠠᠪᠤᠷᠢ ᠶᠢᠨ ᠴᠢᠳᠠᠪᠤᠷᠢᠲᠠᠨ︾᠂ ︽ᠪᠦᠬᠦ ᠣᠷᠣᠨ ᠤ ᠵᠠᠯᠠᠭᠤᠴᠤᠳ ᠤᠨ ᠠᠵᠢᠯ ᠤᠨ ᠪᠠᠶᠢᠷᠢ ᠶᠢᠨ ᠴᠢᠳᠠᠪᠤᠷᠢᠲᠠᠨ︾᠂ ︽ᠡᠮᠡᠭᠲᠡᠶᠢᠴᠦᠳ ᠤᠨ ᠵᠢᠳᠭᠦᠯᠲᠦ ᠵᠢᠱᠢᠶᠡᠴᠢ︾ ᠵᠡᠷᠭᠡ ᠢᠷᠠᠭᠤ ᠠᠯᠳᠠᠷ ᠤᠨ ᠴᠣᠯᠠ ᠶᠢ ᠬᠠᠮᠢᠶ᠎ᠠ ᠪᠦᠬᠦᠢ ᠭᠤᠤᠯᠯᠠᠨ ᠡᠷᠬᠢᠯᠡᠭᠰᠡᠨ ᠨᠢᠭᠡᠴᠡ ᠠᠴᠠ ᠬᠠᠮᠠᠭᠠᠯᠠᠵᠤ ᠦᠭᠭᠦᠨ᠎ᠡ᠃      ᠲᠤᠰ ᠤᠳᠠᠭᠠᠨ ᠤ ᠤᠷᠤᠯᠳᠤᠭᠠᠨ ᠨᠢ ᠮᠠᠨ ᠤ ᠣᠷᠣᠨ ᠤ 2013 ᠣᠨ ᠂ 2014 ᠣᠨ ᠠᠴᠠ ᠨᠠᠰᠢᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠭᠰᠠᠨ ᠤ ᠳᠠᠷᠠᠭᠠᠬᠢ ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠦᠪᠡᠳᠡᠭᠰᠢ ᠶᠡᠭᠡ ᠤᠷᠤᠯᠳᠤᠭᠠᠨ ᠪᠤᠯᠤᠨ᠎ᠠ᠃ ᠲᠤᠰ ᠤᠳᠠᠭᠠᠨ ᠤ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠭᠡᠷ ᠲᠥᠷᠥᠯ ᠤᠨ ᠤᠷᠤᠯᠳᠤᠭᠠᠨ ᠪᠤᠯᠬᠤᠷ᠂ ᠰᠢᠯᠢᠳᠡᠭ ᠤᠷ᠎ᠠ ᠴᠢᠳᠠᠪᠤᠷᠢᠲᠠᠨ ᠢ ᠰᠢᠯᠭᠠᠷᠠᠭᠤᠯᠬᠤ᠂ ᠪᠦᠬᠦ ᠣᠷᠣᠨ ᠤ ᠤᠷ᠎ᠠ ᠴᠢᠳᠠᠪᠤᠷᠢᠲᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号