ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠡᠯ᠎ᠡ ᠱᠠᠲᠤᠨ ᠤ ᠲᠠᠷᠢᠶᠠᠯᠠᠩ ᠤᠨ ᠪᠠᠩᠬᠢ ᠠᠴᠠ 122 | ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠵᠤ ᠦᠭᠪᠡ᠃ | 2013 ᠣᠨ ᠤ 11 ᠳ᠋ᠤᠭᠡᠷ ᠰᠠᠷ᠎ᠠ ᠠᠴᠠ ᠨᠠᠰᠢ ᠮᠠᠨ ᠤ ᠣᠷᠣᠨ ᠮᠦᠡᠭᠭᠦᠨ ᠬᠦᠢᠯᠭᠡᠭᠡᠨ ᠤ ᠶᠠᠳᠠᠭᠤ ᠲᠡᠳᠭᠦᠨ | ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠨᠢᠭᠦᠯᠦᠭᠰᠡᠨ ᠠᠴᠠ ᠨᠠᠰᠢ᠂ ︽ᠲᠠᠷᠢᠶᠠᠴᠢᠨ ᠢ ᠪᠠᠶᠠᠵᠢᠭᠤᠯᠬᠤ ᠠᠯᠲᠠᠨ | ᠲᠦᠷᠦᠭᠦᠦ ᠵᠢᠭᠡᠯᠡᠯᠭᠡ︾ ᠳᠤ 105.9 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 415 ᠰᠢᠶᠠᠩ | ᠪᠠᠯᠭᠠᠰᠤ᠂ 4322 ᠵᠠᠰᠠᠭ ᠵᠠᠬᠢᠷᠭᠠᠨ ᠤ ᠲᠤᠰᠬᠤᠨ ᠢ ᠬᠠᠮᠤᠷᠴᠤ᠂ 23.2 ᠡᠷᠦᠬᠡ ᠮᠠᠯᠴᠢᠨ ᠲᠠᠷᠢᠶᠠᠴᠢᠨ ᠢ | ᠳᠡᠮᠵᠢᠪᠡ︔ ︽ᠲᠠᠷᠢᠶᠠᠯᠠᠩ ᠢ ᠬᠦᠴᠦᠷᠭᠡᠭᠵᠢᠬᠦᠯᠬᠦ ᠠᠯᠲᠠᠨ ᠲᠦᠷᠦᠬᠦᠦ ᠵᠢᠭᠡᠯᠡᠯᠭᠡ︾ ᠳᠤ 16.1 ᠳ᠋ᠦᠡᠭᠰᠢᠭᠤᠷ | ᠲᠥᠭᠦᠷᠢᠭ ᠤᠨ ᠵᠢᠭᠡᠯᠡᠯᠭᠡ ᠲᠠᠯᠪᠢᠵᠤ᠂ 123 ᠡᠷᠦᠬᠡ ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠢ | ᠳᠡᠮᠵᠢᠪᠡ᠃ ᠪᠦᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠨᠢᠭᠡᠪᠦᠷᠢ ᠳᠤ ᠳᠤᠮᠳᠠᠴᠢ ᠪᠠᠷ 2.1 | ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠮᠥᠩᠭᠦᠨ ᠭᠦᠢᠯᠭᠡᠭᠡᠨ ᠤ ᠶᠠᠳᠠᠭᠤ ᠶᠢ ᠲᠡᠳᠭᠦᠨ ᠠᠷᠠᠳ ᠢ | ᠪᠠᠶᠠᠵᠢᠭᠤᠯᠬᠤ ᠢᠨᠵᠧᠨᠧᠷᠢᠩ ᠢ ᠬᠡᠷᠡᠭᠵᠢᠬᠦᠯᠦᠭᠰᠡᠨ ᠨᠢ᠂ ᠮᠠᠯᠵᠢᠬᠤ ᠲᠠᠷᠢᠶᠠᠯᠠᠬᠤ ᠣᠷᠣᠨ ᠤ ᠵᠢᠭᠡᠯᠡᠯᠭᠡ ᠤᠯᠬᠤ ᠳᠤ | ᠬᠦᠴᠢᠷ ᠲᠠᠢ ᠠᠰᠠᠭᠤᠳᠠᠯ ᠢ ᠶᠡᠬᠡᠪᠡᠷ ᠨᠠᠮᠳᠠᠭᠤᠯᠵᠤ᠂ ᠮᠠᠨ ᠤ ᠣᠷᠣᠨ ᠤ ᠶᠠᠳᠠᠭᠤ ᠶᠢ ᠲᠡᠳᠬᠦᠬᠦ ᠪᠡᠷᠬᠡ ᠰᠡᠳᠦᠪ ᠤᠨ | ᠰᠢᠢᠳᠪᠦᠷᠢᠯᠡᠯᠲᠡ ᠶᠢ ᠪᠦᠲᠦᠮᠵᠢᠲᠠᠢ ᠲᠦᠷᠭᠡᠳᠭᠡᠨ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠪᠤᠢ ᠪᠤᠯᠭᠠᠵᠤ᠂ ᠮᠠᠯᠴᠢᠨ ᠲᠠᠷᠢᠶᠠᠴᠢᠳ ᠤᠨ ᠦᠨᠡᠨᠴᠢ | ᠢᠲᠡᠭᠡᠮᠵᠢᠲᠦ ᠦᠵᠡᠯ ᠤᠬᠠᠮᠰᠠᠷ ᠢ ᠪᠦᠷᠢᠯᠳᠦᠬᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ |