9 ᠳ᠋ᠤᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ | ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠵᠠᠯᠠᠭᠤᠴᠤᠳ ᠤᠨ ᠬᠤᠯᠪᠣᠭ᠎ᠠ᠂ ᠵᠠᠯᠠᠭᠤᠴᠤᠳ ᠤᠨ ᠠᠵᠤ | ᠠᠬᠤᠶᠢᠯᠠᠯ ᠤᠨ ᠨᠡᠶᠢᠭᠡᠮᠯᠢᠭ᠂ ᠵᠠᠯᠠᠭᠤᠴᠤᠳ ᠤᠨ ᠰᠠᠭᠤᠷᠢ ᠮᠦᠡᠭᠭᠦ ᠶᠢᠨ ᠨᠡᠶᠢᠭᠡᠮᠯᠢᠭ ᠪᠤᠯᠤᠨ ᠪᠤᠷᠤ ᠲᠤᠬᠤᠢ | ᠠᠷᠢᠬᠢᠨ ᠤ ᠦᠢᠯᠡᠰ ᠵᠡᠷᠭᠡ ᠨᠢᠭᠡᠴᠡ ᠶᠢᠨ ᠬᠠᠮᠲᠤᠷᠠᠨ ᠡᠷᠭᠢᠯᠡᠭᠰᠡᠨ ︽ᠪᠤᠷᠤ ᠲᠤᠬᠤᠢ ᠠᠷᠢᠬᠢᠨ ᠤ ᠦᠢᠯᠡᠰ ᠵᠠᠭᠤᠨ | ᠲᠦᠮᠡᠨ ᠵᠢᠷᠤᠮ ᠤᠨ ᠬᠤᠳᠠᠯᠳᠤᠭ᠎ᠠ ᠪᠠᠷ ᠶᠡᠭᠡ ᠰᠤᠷᠭᠠᠭᠤᠯᠢ ᠶᠢᠨ ᠬᠦᠰᠡᠯ ᠢ ᠲᠡᠷᠭᠡᠯᠰᠢᠭᠦᠯᠬᠦ︾ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠳᠤ ᠶᠠᠪᠤᠭᠳᠠᠪᠠ᠃ | ᠶᠣᠰᠣᠯᠠᠯ ᠳᠡᠭᠡᠷ᠎ᠡ᠂ ᠪᠣᠷᠣ ᠲᠤᠬᠤᠢ ᠠᠷᠢᠬᠢᠨ ᠤ ᠦᠢᠯᠡᠰ ᠠᠴᠠ ᠥᠪᠥᠷ ᠮᠣᠩᠭᠤᠯ ᠤᠨ ᠬᠦᠰᠡᠯ ᠤᠨ | ᠢᠨᠵᠧᠨᠧᠷᠢᠩ ᠳᠤ 100 ᠲᠦᠮᠡᠨ ᠲᠥᠭᠦᠷᠢᠭ ᠤᠨ ᠲᠤᠰᠠᠯᠠᠮᠵᠢ ᠶᠢᠨ ᠮᠦᠡᠭᠭᠦ ᠦᠭᠴᠦ᠂ ᠮᠠᠨ ᠤ ᠣᠷᠣᠨ ᠤ 500 | ᠨᠡᠷ᠎ᠡ ᠮᠣᠷᠠᠯ ᠰᠤᠷᠤᠯᠭ᠎ᠠ ᠪᠦᠷ ᠰᠢᠯᠢᠳᠡᠭ᠂ ᠨᠠᠭᠠᠳᠤ ᠵᠠᠬ᠎ᠠ ᠶᠢᠨ ᠠᠮᠢᠳᠤᠷᠠᠯ ᠢ ᠪᠠᠲᠤᠯᠠᠬᠤ ᠳᠤ ᠦᠯᠦ ᠤᠷᠤᠬᠤ | ᠭᠡᠷ ᠤᠨ ᠠᠮᠢᠳᠤᠷᠠᠯ ᠨᠢ ᠬᠦᠴᠢᠷᠳᠡᠯᠲᠠᠢ ᠣᠶᠤᠲᠠᠨ ᠢ ᠲᠡᠳᠭᠦᠪᠡ᠃ | ᠤᠶᠢᠯᠠᠭᠠᠭᠰᠠᠨ ᠢᠶᠠᠷ᠂ ᠡᠨᠡ ᠵᠢᠯ ᠪᠦᠬᠦ ᠣᠷᠣᠨ ᠤ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ︽ᠬᠦᠰᠡᠯ ᠤᠨ ᠢᠨᠵᠧᠨᠧᠷᠢᠩ ᠢᠶᠠᠷ ᠶᠡᠭᠡ ᠰᠤᠷᠭᠠᠭᠤᠯᠢ ᠶᠢᠨ ᠬᠦᠰᠡᠯ ᠢ | ᠲᠡᠷᠭᠡᠯᠰᠢᠬᠦᠯᠬᠦ ᠠᠵᠢᠯᠯᠠᠭ᠎ᠠ︾ ᠪᠠᠷ ᠨᠡᠶᠢᠲᠡ 987.3 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ | ᠮᠥᠩᠭᠦ ᠴᠤᠭᠯᠠᠭᠤᠯᠵᠤ᠂ 2294 ᠨᠡᠷ᠎ᠡ ᠨᠠᠭᠠᠳᠤ ᠵᠠᠬ᠎ᠠ ᠶᠢᠨ ᠠᠮᠢᠳᠤᠷᠠᠯ ᠢ ᠪᠠᠲᠤᠯᠠᠬᠤ ᠳᠤ ᠦᠯᠦ ᠤᠷᠤᠬᠤ | ᠭᠡᠷ ᠤᠨ ᠠᠮᠢᠳᠤᠷᠠᠯ ᠨᠢ ᠬᠦᠴᠢᠷᠳᠡᠯᠲᠡᠶ ᠣᠶᠤᠲᠠᠨ ᠢ ᠲᠡᠳᠭᠦᠵᠤ᠂ ᠲᠡᠳᠬᠦᠨ ᠲᠤᠰᠠᠯᠠᠭᠰᠠᠨ ᠪᠡᠯᠡ ᠮᠥᠩᠭᠦ ᠪᠣᠯᠤᠨ | ᠲᠡᠳᠭᠦᠨ ᠲᠤᠰᠠᠯᠠᠭᠰᠠᠨ ᠬᠥᠮᠦᠨ ᠤ ᠲᠤᠭ᠎ᠠ ᠨᠢ ᠴᠥᠮ ᠡᠨᠡ ᠬᠡᠳᠦᠨ ᠵᠢᠯ ᠤᠨ ᠰᠢᠨ᠎ᠡ ᠲᠡᠮᠳᠡᠭᠯᠡᠯ ᠢ ᠡᠭᠦᠳᠦᠭᠰᠡᠨ | ᠪᠠᠶᠢᠨ᠎ᠠ᠃ |