ᠥᠪᠥᠷ ᠮᠣᠩᠭᠤᠯ ᠭᠠᠩ ᠭᠠᠮᠰᠢᠭ ᠠᠴᠠ ᠪᠣᠯᠵᠤ 65 ᠳ᠋ᠦᠩᠰᠢᠭᠤᠷ ᠲᠥᠭᠦᠷᠢᠭ ᠬᠤᠬᠢᠷᠠᠪᠠ  ᠤᠯᠤᠰ ᠠᠴᠠ Ⅳ ᠳᠡᠰ ᠤᠨ ᠭᠠᠮᠰᠢᠭ ᠠᠴᠠ ᠠᠪᠤᠷᠠᠬᠤ ᠪᠠᠴᠢᠮ ᠠᠷᠭᠠᠴᠠᠭᠠᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2015/9/28
     27᠎ ᠤ ᠡᠳᠦᠷ ᠤᠨ 10 ᠴᠠᠭ ᠲᠤ᠂ ᠤᠯᠤᠰ ᠤᠨ ᠭᠠᠮᠰᠢᠭ ᠢ ᠪᠠᠭᠠᠰᠬᠠᠬᠤ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠬᠦᠨᠳᠦ ᠨᠣᠴᠢᠲᠠᠶ ᠭᠠᠩ ᠬᠠᠭᠰᠠᠷᠭᠠᠨ ᠠᠴᠠ ᠪᠤᠯᠵᠤ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯᠲᠠᠢ ᠪᠠᠶᠢᠳᠠᠯ ᠳᠤ ᠴᠢᠭᠯᠡᠭᠦᠯᠦᠨ᠂ ᠤᠯᠤᠰ ᠤᠨ Ⅳ ᠳᠡᠰ ᠤᠨ ᠭᠠᠮᠰᠢᠭ ᠠᠴᠠ ᠠᠪᠤᠷᠠᠬᠤ ᠪᠠᠴᠢᠮ ᠠᠷᠭᠠᠴᠠᠭᠠᠯᠲᠠ ᠶᠢᠨ ᠠᠷᠭ᠎ᠠ ᠬᠡᠮᠵᠢᠶ᠎ᠡ ᠠᠪᠴᠤ᠂ ᠭᠠᠮᠰᠢᠭᠳᠠᠭᠰᠠᠨ ᠣᠷᠣᠨ ᠳᠤ ᠠᠵᠢᠯᠯᠠᠬᠤ ᠳᠤᠭᠤᠶᠢᠯᠠᠩ ᠲᠣᠮᠢᠯᠠᠵᠤ᠂ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠦ᠂ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢ ᠬᠠᠪᠰᠤᠷᠤᠨ ᠵᠢᠯᠤᠭᠤᠳᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠦᠯᠦᠯᠲᠡ ᠶᠢ ᠦᠨᠳᠦᠰᠦᠯᠡᠪᠡᠯ᠂ 7 ᠳ᠋ᠤᠭᠠᠷ ᠰᠠᠷ᠎ᠠ ᠠᠴᠠ ᠨᠠᠰᠢ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠶᠡᠬᠡᠩᠬᠢ ᠭᠠᠵᠠᠷ᠂ ᠵᠡᠭᠦᠨ ᠡᠮᠦᠨᠡᠬᠢ ᠭᠠᠵᠠᠷ ᠣᠷᠣᠨ ᠪᠣᠯᠤᠨ ᠬᠥᠯᠥᠨ ᠪᠤᠶᠢᠷ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠲᠤᠨᠳᠠᠰᠤᠨ ᠬᠡᠮᠵᠢᠶ᠎ᠡ ᠨᠢ 100 ᠮᠢᠯᠢᠮᠧᠲᠷ ᠬᠦᠷᠬᠦ ᠦᠭᠡᠢ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠠᠴᠠ 4-9 ᠬᠤᠪᠢ ᠪᠠᠭᠤᠷᠠᠵᠤ᠂ ᠡᠭᠦᠨ ᠳᠤ ᠪᠠᠶᠠᠨᠨᠠᠭᠤᠷ ᠬᠤᠲᠠ᠂ ᠣᠷᠳᠣᠰ ᠬᠤᠲᠠ ᠶᠢᠨ ᠤᠮᠠᠷᠠᠲᠤ ᠬᠡᠰᠡᠭ᠂ ᠪᠤᠭᠤᠲᠤ ᠬᠤᠲᠠ᠂ ᠬᠥᠬᠡᠬᠤᠲᠠ ᠶᠢᠨ ᠶᠡᠬᠡᠩᠬᠢ ᠬᠡᠰᠡᠭ᠂ ᠤᠯᠠᠭᠠᠨᠴᠠᠪ ᠤᠨ ᠤᠮᠠᠷᠠᠲᠤ ᠬᠡᠰᠡᠭ ᠵᠢᠴᠢ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠤᠨ ᠭᠠᠵᠠᠷ ᠣᠷᠣᠨ ᠳᠤ ᠨᠡᠶᠢᠳᠡᠮ 5 ᠬᠤᠪᠢ ᠠᠴᠠ ᠲᠤᠤᠷ᠎ᠠ ᠪᠠᠶᠢᠪᠠ᠃ 7 ᠳ᠋ᠤᠭᠠᠷ ᠰᠠᠷ᠎ᠠ ᠠᠴᠠ ᠨᠠᠰᠢ ᠪᠦᠬᠦ ᠣᠷᠣᠨ ᠤ ᠳᠤᠮᠳᠠᠴᠢ ᠲᠤᠨᠳᠠᠰᠤᠨ ᠤ ᠬᠡᠮᠵᠢᠶ᠎ᠡ ᠨᠢ 104.9 ᠮᠢᠯᠢᠮᠧᠲᠷ ᠪᠠᠶᠢᠵᠤ᠂ ᠲᠡᠦᠬᠡᠨ ᠳᠡᠭᠡᠷᠡᠬᠢ ᠠᠳᠠᠯᠢ ᠬᠤᠭᠤᠴᠠᠭᠠᠨ ᠤ ᠳᠤᠮᠳᠠᠴᠢ ᠬᠡᠮᠵᠢᠭᠳᠡᠯ ᠠᠴᠠ 54.9 ᠮᠢᠯᠢᠮᠧᠲᠷ ᠪᠠᠭ᠎ᠠ ᠪᠤᠯᠬᠤᠷ᠂ 1961 ᠣᠨ ᠠᠴᠠ ᠨᠠᠰᠢᠬᠢ ᠬᠠᠮᠤᠭ ᠤᠨ ᠪᠠᠭ᠎ᠠ ᠬᠡᠮᠵᠢᠭᠳᠡᠯ ᠪᠤᠯᠪᠠ᠃ 9 ᠳ᠋ᠤᠭᠡᠷ ᠰᠠᠷ᠎ᠠ ᠶᠢᠨ 27᠎ ᠤ ᠡᠳᠦᠷ ᠤᠨ ᠲᠤᠭ᠎ᠠ ᠪᠦᠷᠢᠳᠬᠡᠯ ᠪᠣᠯᠲᠠᠯ᠎ᠠ᠂ ᠭᠠᠩ ᠭᠠᠮᠰᠢᠭ ᠠᠴᠠ ᠤᠯᠠᠭᠠᠨᠴᠠᠪ ᠬᠤᠲᠠ᠂ ᠣᠷᠳᠣᠰ ᠬᠤᠲᠠ᠂ ᠪᠤᠭᠤᠲᠤ ᠬᠤᠲᠠ᠂ ᠠᠯᠠᠱᠠ ᠠᠶᠢᠮᠠᠭ᠂ ᠪᠠᠶᠠᠨᠨᠠᠭᠤᠷ ᠬᠤᠲᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ ᠬᠤᠲᠠ᠂ ᠬᠥᠬᠡᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠬᠢᠩᠭᠠᠨ ᠠᠶᠢᠮᠠᠭ ᠵᠡᠷᠭᠡ 11 ᠠᠶᠢᠮᠠᠭ ᠬᠤᠲᠠ ᠶᠢᠨ 64 ᠬᠤᠰᠢᠭᠤ ᠰᠢᠶᠠᠨ ᠤ 361.8 ᠲᠦᠮᠡᠨ ᠬᠥᠮᠦᠨ ᠭᠠᠮᠰᠢᠭᠳᠠᠵᠤ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ 1968 ᠮᠢᠩᠭᠠᠨ ᠾᠧᠺᠲ᠋ᠠᠷ ᠬᠦᠷᠴᠦ᠂ ᠡᠭᠦᠨ ᠳᠤ ᠬᠤᠷᠢᠶᠠᠯᠲᠠ ᠦᠭᠡᠢ ᠪᠤᠯᠤᠭᠰᠠᠨ ᠲᠠᠯᠠᠪᠠᠶ 323 ᠮᠢᠩᠭᠠᠨ ᠾᠧᠺᠲ᠋ᠠᠷ᠂ 102 ᠲᠦᠮᠡᠨ ᠬᠥᠮᠦᠨ ᠤ ᠠᠮᠢᠳᠤᠷᠠᠯ ᠢ ᠠᠪᠤᠷᠠᠨ ᠲᠤᠰᠠᠯᠠᠬᠤ ᠴᠢᠬᠤᠯᠠ ᠲᠠᠢ ᠪᠤᠯᠵᠤ᠂ ᠠᠵᠤ ᠠᠬᠤᠶ ᠶᠢᠨ ᠰᠢᠭᠤᠳ ᠬᠤᠬᠢᠷᠠᠯ ᠨᠢ 65 ᠳ᠋ᠦᠩᠰᠢᠭᠤᠷ ᠲᠥᠭᠦᠷᠢᠭ ᠬᠦᠷᠴᠠᠢ᠃ ᠬᠦᠨᠳᠦ ᠨᠣᠴᠢᠲᠠᠶ ᠭᠠᠩ ᠭᠠᠮᠰᠢᠭ ᠪᠤᠯᠤᠭᠰᠠᠨ ᠤ ᠳᠠᠷᠠᠭ᠎ᠠ᠂ ᠭᠠᠮᠰᠢᠭᠳᠠᠭᠰᠠᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ 3000 ᠲᠦᠮᠡᠨ ᠲᠥᠭᠦᠷᠢᠭ ᠤᠨ ᠭᠠᠩ ᠬᠠᠭᠰᠠᠷᠠᠭᠠᠨ ᠢ ᠡᠰᠡᠷᠭᠦᠴᠡᠬᠦ ᠪᠡᠯᠡ ᠮᠥᠩᠭᠦ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠪᠠᠭᠠᠰᠬᠠᠬᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ Ⅲ ᠳᠡᠰ ᠤᠨ ᠭᠠᠮᠰᠢᠭ ᠠᠴᠠ ᠠᠪᠤᠷᠠᠬᠤ ᠪᠠᠴᠢᠮ ᠠᠷᠭᠠᠴᠠᠭᠠᠯᠲᠠ ᠶᠢᠨ ᠠᠷᠭ᠎ᠠ ᠬᠡᠮᠵᠢᠶ᠎ᠡ ᠠᠪᠴᠤ᠂ ᠠᠵᠢᠯᠯᠠᠬᠤ ᠳᠤᠭᠤᠶᠢᠯᠠᠩ ᠲᠣᠮᠢᠯᠠᠵᠤ ᠭᠠᠩ ᠬᠠᠭᠰᠠᠷᠠᠭᠠᠨ ᠤ ᠤᠷᠤᠨ ᠳᠤ ᠬᠦᠨᠵᠡᠭᠡᠶᠢᠷᠡᠨ ᠬᠢᠨᠠᠨ ᠪᠠᠶᠢᠴᠠᠭᠠᠵᠤ᠂ ᠬᠦᠨᠳᠦ ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠵᠣᠬᠢᠶᠠᠨ ᠪᠠᠶᠢᠭᠤᠯᠵᠤ ᠦᠢᠯᠡᠳᠪᠦᠷᠢᠯᠡᠯ ᠢᠶᠠᠷ ᠥᠪᠡᠷ ᠢ ᠪᠠᠨ ᠲᠡᠩᠬᠡᠷᠡᠭᠦᠯᠬᠦ ᠶᠢ ᠢᠳᠡᠪᠬᠢᠲᠡᠶ ᠥᠷᠨᠢᠭᠦᠯᠵᠦ᠂ ᠴᠠᠬᠢᠯᠭᠠᠨ ᠮᠠᠰᠢᠨ ᠬᠤᠳᠳᠤᠭ ᠮᠠᠯᠲᠠᠬᠤ᠂ ᠬᠥᠮᠦᠨ ᠤ ᠬᠦᠴᠦ ᠪᠠᠷ ᠪᠣᠷᠣᠭᠠᠨ ᠬᠤᠷ᠎ᠠ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠭᠠᠮᠰᠢᠭ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠵᠤ᠂ ᠣᠳᠣᠬᠠᠨ ᠳᠤ ᠭᠠᠮᠰᠢᠭᠳᠠᠭᠰᠠᠨ ᠣᠷᠣᠨ ᠤ ᠭᠠᠩ ᠬᠠᠭᠰᠠᠷᠠᠭᠠᠨ ᠢ ᠡᠰᠡᠷᠭᠦᠴᠡᠬᠦ ᠡᠯ᠎ᠡ ᠵᠦᠢᠯ ᠤᠨ ᠭᠠᠮᠰᠢᠭ ᠠᠴᠠ ᠠᠪᠤᠷᠠᠬᠤ ᠠᠵᠢᠯ ᠡᠮᠬᠢ ᠵᠢᠷᠤᠮ ᠲᠠᠢ ᠶᠠᠪᠤᠭᠳᠠᠵᠤ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号