ᠥᠪᠥᠷ ᠵᠠᠰᠠᠭ ᠲᠠᠷᠬᠠᠭᠠᠭᠰᠠᠨ ﹇2015﹈ 50 ᠳ᠋ᠤᠭᠠᠷ ᠲᠤᠭᠠᠳᠤ | 4 ᠳ᠋ᠤᠭᠡᠷ ᠰᠠᠷ᠎ᠠ ᠶᠢᠨ 16 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠣᠨ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ | ᠣᠷᠣᠨ ᠤ ᠡᠯ᠎ᠡ ᠵᠦᠪᠯᠡᠯ᠂ ᠠᠯᠪᠡᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠨ ᠳᠤ᠄ | ︽ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠬᠠᠮᠢᠶᠠᠷᠣᠯᠳᠠ ᠶᠢ | ᠶᠠᠪᠣᠭᠳᠠᠭᠤᠯᠬᠤ ᠲᠣᠬᠠᠢ ᠲᠦᠷᠣ ᠶᠢᠨ ᠶᠠᠪᠣᠳᠠᠯ ᠤᠨ ᠬᠤᠷᠢᠶ᠎ᠠ ᠶᠢᠨ ᠰᠠᠨᠠᠯ︾ ︵ᠲᠦᠷᠣ ᠲᠠᠷᠬᠠᠭᠠᠭᠰᠠᠨ ﹇2015﹈ | 3 ᠳ᠋ᠣᠭᠠᠷ ᠲᠣᠭᠠᠳᠣ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠡᠭᠤᠯᠣᠨ ᠨᠠᠶᠢᠳᠠᠪᠣᠷᠢᠵᠢᠭᠤᠯᠵᠣ᠂ ᠮᠠᠨ ᠤ | ᠣᠷᠣᠨ ᠤ ᠣᠳᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠱᠠᠯᠠᠪᠳᠠᠨ ᠪᠠᠶᠢᠭᠤᠯᠵᠣ᠂ ᠲᠦᠰᠣᠪ ᠤᠨ | ᠬᠠᠮᠢᠶᠠᠷᠣᠯᠳᠠ ᠪᠠ ᠡᠵᠡᠮᠳᠠᠭᠦ ᠪᠠᠨ ᠦᠭᠡᠷᠡᠴᠢᠯᠡᠨ ᠰᠠᠶᠢᠵᠢᠷᠠᠭᠤᠯᠬᠤ ᠶᠢᠨ ᠲᠣᠰᠠᠳᠠ᠂ ᠣᠷᠳᠣᠪᠳᠣᠷ ᠬᠤᠭᠤᠴᠠᠭᠠᠨ ᠤ | ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠬᠠᠮᠢᠶᠠᠷᠣᠯᠳᠠ ᠶᠢ ᠶᠠᠪᠣᠭᠳᠠᠭᠤᠯᠬᠤ ᠳᠤ ᠲᠣᠣᠷᠠᠬᠢ ᠭᠡᠷᠩᠵᠢᠭᠦᠯᠭᠦ | ᠰᠠᠨᠠᠯ ᠢ ᠲᠣᠷᠠᠣᠡᠪᠠ᠃ | ᠨᠢᠭᠡ᠂ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠬᠠᠮᠢᠶᠠᠷᠣᠯᠳᠠ ᠶᠢ | ᠶᠠᠪᠣᠭᠳᠠᠭᠤᠯᠬᠤ ᠶᠢᠨ ᠴᠢᠬᠤᠯᠨ ᠠᠴᠢ ᠬᠤᠯᠪᠣᠭᠳᠠᠯ | ᠣᠳᠣᠬᠠᠨ ᠳᠤ᠂ ᠭᠠᠳᠠᠭᠠᠳᠣ ᠳᠠᠯ᠎ᠠ ᠶᠢᠨ ᠠᠵᠣ ᠠᠬᠤᠢ ᠶᠢᠨ ᠪᠠᠭᠤᠷᠠᠯᠳᠠ ᠶᠢᠨ ᠲᠠᠷᠣᠯᠳᠠ ᠪᠠ ᠠᠵᠣ | ᠠᠬᠤᠢ ᠶᠢᠨ ᠨᠡᠮᠡᠭᠳᠡᠯ ᠤᠨ ᠬᠤᠷᠳᠣᠴᠨ ᠪᠠᠨ ᠨᠡᠮᠡᠭᠳᠡᠭᠦᠯᠭᠦ᠂ ᠪᠦᠳᠣᠴᠨ ᠪᠠᠨ ᠲᠣᠬᠢᠷᠠᠭᠤᠯᠬᠤ᠂ ᠡᠮᠣᠨᠡᠬᠢ | ᠬᠤᠭᠤᠴᠠᠭᠠᠨ ᠤ ᠲᠦᠷᠣ ᠶᠢᠨ ᠪᠣᠳᠣᠯᠭ᠎ᠠ ᠶᠢᠨ ᠠᠭᠤᠰᠣᠯᠳᠠ ︽ᠭᠤᠷᠪᠠ ᠬᠤᠭᠤᠴᠠᠭ᠎ᠠ ᠶᠢᠨ ᠳᠠᠪᠬᠤᠷᠳᠠᠯ︾ | ᠨᠦᠯᠣᠭᠡ ᠠᠴᠠ ᠪᠣᠯᠵᠣ᠂ ᠮᠠᠨ ᠤ ᠣᠷᠣᠨ ᠤ ᠡᠳ᠋ ᠤᠨ ᠵᠠᠰᠠᠭ ᠤᠨ ᠦᠷᠭᠦᠯᠵᠢᠯᠡᠭᠰᠡᠨ ᠭᠦᠭᠵᠢᠯᠳᠠ ᠣᠯᠠᠨ | ᠦᠷᠢᠰᠣᠯᠳᠣᠭᠡᠨ ᠳᠤ ᠲᠣᠯᠭᠠᠷᠠᠵᠣ᠂ ᠡᠳ᠋ ᠤᠨ ᠵᠠᠰᠠᠭ ᠤᠨ ᠨᠡᠮᠡᠭᠳᠡᠯ ᠤᠨ ᠬᠤᠷᠳᠣᠴᠨ ᠲᠣᠷᠣᠭᠰᠢᠯᠠᠵᠣ᠂ | ᠵᠠᠷᠣᠯᠭ᠎ᠠ ᠶᠢᠨ ᠬᠤᠪᠢᠷᠠᠰᠢ ᠦᠭᠡᠢ ᠴᠢᠨᠠᠷᠳᠠᠢ ᠨᠡᠮᠡᠭᠳᠡᠯ ᠨᠡᠯᠢᠶᠠᠣᠨ ᠲᠦᠷᠭᠡᠨ᠂ ᠣᠷᠣᠯᠭ᠎ᠠ ᠵᠠᠷᠣᠯᠭ᠎ᠠ ᠶᠢᠨ | ᠬᠤᠭᠤᠷᠣᠨᠳᠣᠬᠢ ᠵᠦᠷᠢᠴᠠᠯ ᠣᠯᠠᠮ ᠨᠢᠭᠡ ᠠᠯᠬᠤᠮ ᠬᠤᠷᠴᠠᠳᠣᠭᠰᠠᠨ ᠪᠠᠶᠢᠨ᠎ᠠ︔ ᠣᠳᠣᠬᠠᠨ ᠳᠤ ᠭᠡᠷᠩᠵᠢᠭᠦᠯᠵᠣ | ᠪᠠᠶᠢᠭ᠎ᠠ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢ ︽ᠣᠬᠤᠷ ᠬᠤᠭᠤᠴᠠᠭᠠᠴᠢᠯᠠᠬᠤ︾᠂ ︽ᠬᠡᠰᠡᠭ ᠪᠣᠰᠬᠠᠴᠢᠯᠠᠬᠤ︾ | ᠠᠰᠠᠭᠤᠳᠠᠯ ᠨᠠᠯᠢᠶᠠᠣᠨ ᠲᠣᠪᠤᠶᠢᠮ᠎ᠠ ᠪᠠᠶᠢᠵᠣ᠂ ᠵᠠᠷᠣᠯᠭ᠎ᠠ ᠶᠢᠨ ᠪᠦᠳᠣᠴᠨ ᠲᠣᠭᠳᠠᠩᠭᠤᠶᠢᠷᠠᠵᠣ | ᠵᠣᠭᠰᠣᠩᠭᠤᠶᠢᠷᠠᠭᠰᠠᠨ ᠪᠠᠶᠢᠨ᠎ᠠ︔ ᠣᠷᠣᠨ ᠨᠣᠳᠤᠭ ᠤᠨ ᠵᠠᠰᠠᠭ ᠤᠨ ᠣᠷᠳᠣᠨ ᠤ ᠴᠢᠨᠠᠷᠳᠠᠢ ᠦᠭᠴᠡᠭᠡ ᠶᠢᠨ | ᠭᠡᠪᠴᠢᠶ᠎ᠠ ᠨᠡᠯᠢᠶᠠᠣᠨ ᠶᠡᠭᠡ ᠮᠦᠷᠳᠡᠭᠡᠨ ᠦᠰᠣᠯᠳᠠ ᠨᠢ ᠨᠠᠯᠢᠶᠠᠣᠨ ᠲᠦᠷᠭᠡᠨ ᠪᠣᠯᠵᠣ᠂ ᠵᠣᠬᠢᠬᠤ ᠭᠡᠮᠵᠢᠶᠠᠨ ᠤ ᠠᠶᠣᠯ | ᠲᠦᠭᠰᠢᠭᠦᠷᠢ ᠶᠢᠨ ᠳᠠᠯᠳᠠ ᠭᠡᠮ ᠣᠷᠣᠰᠢᠵᠣ ᠪᠠᠶᠢᠨ᠎ᠠ︔ ᠲᠣᠰᠬᠠᠢ ᠲᠦᠷᠣᠯ ᠤᠨ ᠲᠦᠯᠣᠪᠵᠢᠭᠦᠯᠭᠡ᠂ ᠣᠷᠣᠨ | ᠪᠦᠰᠨ ᠶᠢᠨ ᠲᠦᠯᠣᠪᠵᠢᠭᠦᠯᠭᠡ ᠬᠢᠭᠡᠣᠨ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠵᠣᠯᠭᠠᠯᠳᠣᠯ ᠨᠢ ᠭᠦᠢᠴᠡᠣᠨ | ᠦᠭᠡᠢ ᠪᠠᠶᠢᠵᠣ᠂ ᠲᠦᠰᠣᠪ ᠢ ᠨᠢᠭᠡᠳᠣᠯᠳᠠᠢ ᠲᠦᠯᠣᠪᠯᠡᠨ ᠲᠣᠬᠢᠷᠠᠭᠤᠯᠬᠤ ᠳᠤ ᠠᠰᠢᠭ ᠦᠭᠡᠢ ᠪᠠᠶᠢᠨ᠎ᠠ᠃ | ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠬᠠᠮᠢᠶᠠᠷᠣᠯᠳᠠ ᠶᠢ ᠶᠠᠪᠣᠭᠳᠠᠭᠤᠯᠬᠤ ᠳᠤ | ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠡᠯ᠎ᠡ ᠰᠠᠯᠠᠭ᠎ᠠ ᠮᠦᠴᠢᠷ ᠲᠠᠢ ᠬᠠᠮᠳᠣᠷᠠᠯᠴᠠᠨ ᠭᠤᠷᠪᠠᠨ ᠵᠢᠯ ᠤᠨ | ᠦᠷᠭᠦᠯᠵᠢᠯᠡᠯᠳᠣ ᠡᠳ᠋ ᠤᠨ ᠵᠠᠰᠠᠭ ᠤᠨ ᠲᠦᠯᠣᠪᠵᠢᠭᠦᠯᠭᠡ ᠶᠢ ᠰᠣᠳᠣᠯᠵᠣ ᠨᠠᠶᠢᠷᠠᠭᠤᠯᠣᠨ ᠲᠣᠭᠳᠠᠭᠠᠵᠣ᠂ ᠢᠷᠡᠭᠦ | ᠭᠤᠷᠪᠠᠨ ᠵᠢᠯ ᠤᠨ ᠴᠢᠬᠤᠯᠨ ᠶᠡᠭᠡ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠪᠠᠶᠢᠳᠠᠯ ᠢ ᠵᠠᠳᠠᠯᠵᠣ | ᠲᠦᠰᠣᠭᠡᠯᠡᠨ᠂ ᠲᠦᠯᠣᠪᠵᠢᠭᠦᠯᠭᠡ ᠶᠢᠨ ᠬᠤᠭᠤᠴᠠᠭᠠᠨ ᠳᠠᠬᠢ ᠨᠢᠭᠡ ᠬᠡᠰᠡᠭ ᠴᠢᠬᠤᠯᠨ ᠶᠡᠭᠡ ᠦᠭᠡᠷᠡᠴᠢᠯᠡᠯᠳᠠ᠂ | ᠴᠢᠬᠤᠯᠨ ᠲᠦᠷᠣ ᠶᠢᠨ ᠪᠣᠳᠣᠯᠭ᠎ᠠ ᠪᠠ ᠴᠢᠬᠤᠯᠨ ᠶᠡᠭᠡ ᠲᠦᠷᠣᠯ ᠵᠦᠢᠯ ᠳᠤ᠂ ᠲᠦᠷᠣ ᠶᠢᠨ ᠪᠣᠳᠣᠯᠭ᠎ᠠ ᠶᠢᠨ | ᠬᠠᠷᠠᠯᠳᠠ᠂ ᠠᠵᠢᠯᠯᠠᠭᠠᠨ ᠤ ᠲᠣᠭᠳᠠᠴᠨ ᠪᠣᠯᠣᠨ ᠦᠨᠡᠯᠡᠭᠦ ᠠᠷᠭ᠎ᠠ ᠶᠢ ᠰᠣᠳᠣᠯᠵᠣ᠂ ᠦᠷᠭᠦᠯᠵᠢᠯᠡᠯᠳᠣ | ᠬᠠᠮᠢᠶᠠᠷᠣᠯᠳᠠ ᠪᠠᠨ ᠵᠢᠯ ᠳᠠᠷᠠᠭᠠᠯᠠᠨ ᠰᠢᠨᠡᠣᠡᠭᠡᠭᠦ ᠪᠠᠷ ᠳᠡᠮᠵᠢᠭᠤᠯᠵᠣ᠂ ᠣᠨ ᠤ ᠲᠦᠰᠣᠪ ᠲᠠᠬᠢ ᠡᠳ᠋ ᠤᠨ ᠵᠠᠰᠠᠭ ᠤᠨ | ᠲᠦᠯᠣᠪᠵᠢᠭᠦᠯᠭᠡ ᠶᠢᠨ ᠬᠢᠵᠠᠭᠠᠷᠯᠠᠬᠤ ᠴᠢᠨᠠᠷ ᠢ ᠴᠢᠩᠭᠠᠣᠠᠬᠠᠵᠣ᠂ ᠦᠭᠡᠷᠡᠴᠢᠯᠡᠯᠳᠠ ᠶᠢ ᠭᠦᠨᠵᠡᠭᠡᠶᠢᠷᠠᠭᠦᠯᠭᠦ ᠪᠠᠷ | ᠳᠡᠮᠵᠢᠭᠤᠯᠵᠣ ᠳᠡᠭᠡᠷᠡᠬᠢ ᠠᠰᠠᠭᠤᠳᠠᠯ ᠢ ᠰᠢᠢᠳᠪᠦᠷᠢᠯᠡᠬᠦ ᠳᠤ ᠠᠰᠢᠭᠳᠠᠢ ᠪᠣᠯᠭᠠᠵᠣ᠂ ᠡᠳ᠋ ᠤᠨ ᠵᠠᠰᠠᠭ ᠤᠨ | ᠦᠷᠭᠦᠯᠵᠢᠯᠡᠭᠰᠡᠨ ᠭᠦᠭᠵᠢᠯᠳᠠ ᠶᠢ ᠪᠡᠶᠠᠯᠡᠭᠦᠯᠵᠣ᠂ ᠡᠳ᠋ ᠤᠨ ᠵᠠᠰᠠᠭ ᠤᠨ ᠡᠭᠦᠷᠭᠡ ᠴᠢᠳᠠᠪᠣᠷᠢ ᠶᠢᠨ ᠦᠢᠯᠡᠳᠣᠯ ᠢ | ᠭᠦᠢᠴᠡᠣᠨ ᠪᠠᠳᠠᠷᠠᠭᠤᠯᠬᠤ ᠳᠤ ᠠᠰᠢᠭᠳᠠᠢ ᠪᠣᠯᠭᠠᠵᠣ᠂ ᠠᠵᠣ ᠠᠬᠤᠢ ᠶᠢᠨ ᠪᠦᠳᠣᠴᠨ ᠶᠢᠨ ᠲᠣᠬᠢᠷᠠᠭᠤᠯᠣᠯᠳᠠ ᠪᠠ | ᠭᠦᠭᠵᠢᠯᠳᠠ ᠶᠢᠨ ᠠᠷᠭ᠎ᠠ ᠮᠠᠶ᠋ᠢᠭ ᠢᠶᠠᠨ ᠦᠭᠡᠷᠡᠴᠢᠯᠡᠭᠦ ᠶᠢ ᠠᠬᠢᠭᠤᠯᠵᠣ᠂ ᠦᠪᠡᠷᠳᠡᠭᠡᠨ ᠵᠠᠰᠠᠬᠤ ᠣᠷᠣᠨ ᠤ ᠡᠯ᠎ᠡ | ᠵᠦᠢᠯ ᠤᠨ ᠴᠢᠬᠤᠯᠨ ᠶᠡᠭᠡ ᠰᠢᠢᠣᠡᠪᠣᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠠᠶᠢᠳᠠᠪᠣᠷᠢᠵᠢᠭᠤᠯᠬᠤ ᠪᠠᠨ | ᠪᠠᠳᠣᠯᠠᠵᠣ᠂ ᠮᠠᠨ ᠤ ᠣᠷᠣᠨ ᠤ ᠣᠷᠳᠣᠪᠳᠣᠷ ᠪᠠ ᠣᠷᠳᠣ ᠬᠤᠭᠤᠴᠠᠭᠠᠨ ᠤ ᠭᠦᠭᠵᠢᠯᠳᠠ ᠶᠢᠨ ᠬᠠᠷᠠᠯᠳᠠ ᠶᠢ | ᠪᠡᠶᠡᠯᠡᠭᠦᠯᠭᠦ ᠳᠤ ᠴᠢᠬᠤᠯᠨ ᠠᠴᠢ ᠬᠤᠯᠪᠣᠭᠳᠠᠯ ᠲᠠᠢ ᠶᠤᠮ᠃ | ᠬᠤᠶᠠᠷ᠂ ᠵᠢᠯᠣᠭᠤᠣᠠᠬᠤ ᠦᠵᠡᠯ ᠰᠠᠨᠠᠭ᠎ᠠ ᠪᠠ ᠦᠨᠳᠣᠰᠣᠨ ᠵᠠᠷᠴᠢᠮ | ︵ᠨᠢᠭᠡ︶ ᠵᠢᠯᠣᠭᠤᠣᠠᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ ᠬᠤᠭᠤᠴᠠᠭᠠᠨ ᠤ ᠲᠦᠪ | ᠬᠤᠷᠢᠶ᠎ᠠ ᠶᠢᠨ ᠭᠤᠷᠪᠠᠳᠣᠭᠠᠷ ᠪᠦᠭᠦᠳᠠ ᠬᠤᠷᠠᠯ᠂ ᠲᠦᠷᠪᠡᠳᠣᠭᠡᠷ ᠪᠦᠭᠦᠳᠠ ᠬᠤᠷᠠᠯ ᠵᠢᠴᠢ ᠦᠪᠡᠷᠳᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠶᠢᠰᠣᠳᠣᠭᠡᠷ ᠬᠤᠭᠤᠴᠠᠭᠠᠨ ᠤ ᠠᠷᠪᠠᠨ ᠨᠢᠭᠡᠳᠣᠭᠡᠷ ᠣᠳᠠᠭ᠎ᠠ᠂ ᠠᠷᠪᠠᠨ | ᠬᠤᠶᠠᠳᠣᠭᠠᠷ ᠣᠳᠠᠭ᠎ᠠ ᠶᠢᠨ ᠪᠦᠭᠦ ᠬᠡᠰᠢᠭᠦᠣᠨ ᠤᠨ ︵ᠦᠷᠭᠡᠣᠡᠭᠡᠭᠰᠠᠨ︶ ᠬᠤᠷᠠᠯ ᠪᠠ ᠶᠢᠰᠣᠳᠣᠭᠡᠷ ᠬᠤᠭᠤᠴᠠᠭᠠᠨ ᠤ | ᠠᠷᠪᠠᠨ ᠭᠤᠷᠪᠠᠳᠣᠭᠠᠷ ᠣᠳᠠᠭ᠎ᠠ ᠶᠢᠨ ᠪᠦᠭᠦ ᠭᠡᠰᠢᠭᠦᠣᠨ ᠤᠨ ᠬᠤᠷᠠᠯ ᠬᠢᠭᠡᠣᠨ ᠪᠦᠭᠦ ᠣᠷᠣᠨ ᠤ ᠠᠵᠣ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠣᠨ᠂ ᠲᠦᠷᠣ ᠲᠠᠷᠬᠠᠭᠠᠭᠰᠠᠨ ﹇2015﹈ 3 | ᠳ᠋ᠣᠭᠠᠷ ᠲᠣᠭᠠᠳᠣ ᠪᠢᠴᠢᠭ ᠮᠠᠲ᠋ᠤᠷᠢᠶᠠᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠭᠡᠷᠩᠵᠢᠭᠦᠯᠵᠣ ᠪᠠᠶᠢᠭ᠎ᠠ | ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢᠨ ᠠᠵᠢᠯᠯᠠᠭᠠᠨ ᠤ ᠪᠠᠶᠢᠳᠠᠯ ᠢ ᠬᠢᠨᠠᠮᠠᠭᠠᠢ | ᠳ᠋ᠦᠩᠨᠡᠵᠣ᠂ ᠠᠰᠠᠭᠤᠳᠠᠯ ᠢᠶᠠᠷ ᠭᠦᠳᠣᠯᠣᠮᠵᠢ ᠪᠣᠯᠭᠠᠵᠣ᠂ ᠬᠠᠮᠢᠶ᠎ᠠ ᠪᠦᠭᠦᠢ ᠡᠳ᠋ ᠤᠨ ᠵᠠᠰᠠᠭ ᠤᠨ ᠣᠷᠣᠯᠭ᠎ᠠ | ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢ ᠰᠣᠳᠣᠯᠵᠣ ᠲᠣᠬᠢᠷᠠᠭᠤᠯᠣᠨ᠂ ᠰᠢᠨᠵᠢᠯᠡᠭᠦ ᠣᠬᠠᠭᠠᠨᠴᠢ ᠪᠠᠷ ᠵᠣᠬᠢᠰᠳᠠᠢ | ᠲᠦᠰᠣᠪᠯᠡᠨ ᠪᠣᠳᠣᠬᠤ ᠪᠠᠷ ᠳᠡᠮᠵᠢᠭᠤᠯᠣᠨ᠂ ᠢᠷᠡᠭᠦ ᠬᠡᠳᠣᠨ ᠵᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠳᠤ | ᠨᠢᠭᠡᠳᠣᠯᠳᠠᠢ ᠲᠦᠯᠣᠪᠯᠡᠵᠣ ᠪᠠᠶᠢᠷᠢᠯᠠᠭᠤᠯᠣᠯᠳᠠ ᠬᠢᠵᠣ᠂ ᠡᠳ᠋ ᠤᠨ ᠵᠠᠰᠠᠭ ᠤᠨ ᠲᠦᠷᠣ ᠶᠢᠨ ᠪᠣᠳᠣᠯᠭ᠎ᠠ ᠶᠢᠨ | ᠪᠠᠷᠠᠭᠠᠯᠬᠢᠯᠡᠯ ᠤᠨ ᠴᠢᠨᠠᠷ᠂ ᠪᠦᠳᠣᠮᠵᠢᠳᠣ ᠴᠢᠨᠠᠷ ᠪᠠ ᠦᠷᠭᠦᠯᠵᠢᠯᠡᠯᠳᠣ ᠴᠢᠨᠠᠷ ᠢ ᠳᠡᠭᠡᠭᠰᠢᠯᠡᠭᠦᠯᠵᠣ᠂ ᠠᠵᠣ ᠠᠬᠤᠢ | ᠨᠠᠶᠢᠭᠡᠮ ᠤᠨ ᠲᠣᠭᠳᠠᠭᠤᠨ ᠡᠷᠡᠭᠦᠯ ᠢᠶᠠᠷ ᠭᠦᠭᠵᠢᠭᠦ ᠶᠢ ᠠᠬᠢᠭᠤᠯᠣᠨ᠎ᠠ᠃ | ︵ᠬᠤᠶᠠᠷ︶ ᠦᠨᠳᠣᠰᠣᠨ ᠵᠠᠷᠴᠢᠮ᠃ | 1. ᠣᠳᠣᠬᠠᠨ ᠳᠠᠬᠢ ᠪᠠ ᠠᠯᠣᠰ ᠬᠤᠯᠠᠬᠢ ᠶᠢ ᠨᠢᠭᠡᠳᠣᠯᠳᠠᠢ ᠲᠦᠯᠣᠪᠯᠡᠨᠠ᠃ ᠮᠠᠨ ᠤ ᠣᠷᠣᠨ ᠤ | ᠣᠳᠣᠬᠠᠨ ᠳᠠᠬᠢ ᠠᠵᠣ ᠠᠬᠤᠢ ᠶᠢᠨ ᠭᠦᠭᠵᠢᠯᠳᠠ ᠰᠢᠨ᠎ᠠ ᠭᠡᠪ ᠪᠠᠶᠢᠳᠠᠯ ᠳᠤ ᠣᠷᠣᠭᠰᠠᠨ᠂ ᠡᠳ᠋ ᠤᠨ ᠵᠠᠰᠠᠭ ᠤᠨ | ᠣᠷᠣᠯᠭ᠎ᠠ ᠶᠢᠨ ᠨᠡᠮᠡᠭᠳᠡᠯ ᠪᠠᠭᠤᠷᠠᠭᠰᠠᠨ ᠵᠡᠷᠭᠡ ᠠᠰᠠᠭᠤᠳᠠᠯ ᠢ ᠭᠦᠴᠣᠯᠡᠨ ᠠᠷᠭᠠᠴᠠᠬᠤ ᠪᠠᠷ ᠪᠠᠷᠠᠬᠤ ᠦᠭᠡᠢ᠂ ᠪᠠᠰᠨ | ᠠᠯᠣᠰ ᠬᠤᠯᠠᠬᠢ ᠭᠦᠭᠵᠢᠯᠳᠠ ᠶᠢ ᠪᠣᠳᠣᠯᠬᠢᠯᠠᠨ᠂ ᠠᠵᠣ ᠠᠬᠤᠢ ᠶᠢᠨ ᠪᠦᠳᠣᠭᠡᠨ ᠪᠠᠶᠢᠭᠤᠯᠣᠯᠳᠠ ᠪᠠ ᠠᠷᠠᠣᠨ ᠤᠨ | ᠠᠮᠢᠳᠣᠷᠠᠯ ᠢ ᠰᠠᠶᠢᠵᠢᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠬᠤᠭᠤᠷᠣᠨᠳᠣᠬᠢ | ᠬᠠᠷᠢᠴᠠᠭ᠎ᠠ ᠶᠢ ᠰᠠᠶᠢᠳᠣᠷ ᠰᠢᠢᠣᠡᠪᠣᠷᠢᠯᠡᠵᠣ᠂ ᠡᠳ᠋ ᠤᠨ ᠵᠠᠰᠠᠭ ᠤᠨ ᠪᠡᠯᠨ ᠮᠦᠩᠭᠦ ᠶᠢ ᠬᠤᠪᠢᠶᠠᠷᠢᠯᠠᠬᠤ ᠪᠠᠨ | ᠰᠢᠯᠢᠳᠡᠭᠵᠢᠭᠦᠯᠵᠣ᠂ ᠡᠳ᠋ ᠤᠨ ᠵᠠᠰᠠᠭ ᠤᠨ ᠠᠶᠣᠯ ᠲᠦᠭᠰᠢᠭᠦᠷᠢ ᠶᠢ ᠦᠨᠡᠡᠭᠦ ᠰᠡᠷᠭᠡᠶᠢᠯᠡᠭᠦ ᠭᠡᠷᠩᠳᠠᠢ᠃ | 2. ᠪᠦᠳᠣᠮᠵᠢᠳᠠᠢ ᠵᠣᠯᠭᠠᠯᠳᠣᠭᠤᠯᠣᠨ ᠠᠭᠤᠰᠣᠯᠴᠠᠭᠤᠯᠣᠨ᠎ᠠ᠃ ᠣᠷᠳᠣᠪᠳᠣᠷ ᠬᠤᠭᠤᠴᠠᠭᠠᠨ ᠤ ᠡᠳ᠋ ᠤᠨ | ᠵᠠᠰᠠᠭ ᠤᠨ ᠲᠦᠯᠣᠪᠵᠢᠭᠦᠯᠭᠡ ᠪᠠᠨ ᠲᠦᠯᠣᠪᠵᠢᠭᠦᠯᠭᠡ ᠶᠢᠨ ᠬᠤᠭᠤᠴᠠᠭᠠᠨ ᠳᠠᠬᠢ ᠣᠷᠣᠯᠭ᠎ᠠ ᠵᠠᠷᠣᠯᠭ᠎ᠠ ᠶᠢᠨ | ᠲᠦᠯᠣᠪᠯᠡᠭᠡ ᠪᠣᠯᠣᠨ ᠣᠯᠣᠰ᠂ ᠦᠪᠡᠷᠳᠡᠭᠡᠨ ᠵᠠᠰᠠᠬᠤ ᠣᠷᠣᠨ ᠤ ᠴᠢᠬᠤᠯᠨ ᠶᠡᠭᠡ ᠲᠦᠷᠣ ᠶᠢᠨ ᠪᠣᠳᠣᠯᠭ᠎ᠠ ᠲᠠᠢ | ᠭᠦᠢᠴᠡᠣᠨ ᠣᠶᠠᠯᠳᠣᠭᠤᠯᠬᠤ ᠪᠠ ᠣᠷᠭᠠᠨᠢᠭ ᠢᠶᠠᠷ ᠵᠣᠯᠭᠠᠭᠤᠯᠬᠤ ᠭᠡᠷᠩᠳᠠᠢ︔ ᠦᠪᠡᠷᠳᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠣᠯᠳᠠ ᠪᠠᠷ ᠦᠨᠳᠣᠰᠣᠯᠡᠯ ᠪᠣᠯᠭᠠᠵᠣ᠂ ᠪᠦᠭᠦ | ᠣᠷᠣᠨ ᠤ ᠣᠷᠳᠣᠪᠳᠣᠷ ᠪᠠ ᠣᠷᠳᠣ ᠬᠤᠭᠤᠴᠠᠭᠠᠨ ᠤ ᠭᠦᠭᠵᠢᠯᠳᠠ ᠶᠢᠨ ᠲᠦᠯᠣᠪᠵᠢᠭᠦᠯᠭᠡ ᠪᠠ ᠵᠢᠱᠢᠭᠰᠡᠨ | ᠠᠮᠵᠢᠯᠳᠠ ᠪᠦᠳᠣᠮᠵᠢ ᠶᠢᠨ ᠬᠠᠷᠠᠯᠳᠠ ᠶᠢ ᠪᠡᠶᠡᠯᠡᠭᠦᠯᠭᠦ ᠪᠠᠷ ᠴᠢᠭᠯᠡᠯ ᠪᠣᠯᠭᠠᠨ᠂ ᠡᠯ᠎ᠡ ᠰᠠᠯᠠᠭ᠎ᠠ ᠮᠦᠴᠢᠷ᠂ ᠡᠯ᠎ᠡ ᠠᠵᠢᠯ | ᠲᠦᠷᠣᠯ ᠤᠨ ᠣᠷᠳᠣᠪᠳᠣᠷ ᠪᠠ ᠣᠷᠳᠣ ᠬᠤᠭᠤᠴᠠᠭᠠᠨ ᠤ ᠲᠦᠯᠣᠪᠵᠢᠭᠦᠯᠭᠡ ᠪᠠ ᠣᠨ ᠤ ᠭᠦᠭᠵᠢᠯᠳᠠ ᠶᠢᠨ | ᠲᠦᠯᠣᠪᠯᠡᠭᠡ ᠪᠠᠷ ᠯᠠᠪᠯᠠᠯᠳᠠ ᠪᠣᠯᠭᠠᠵᠣ᠂ ᠣᠷᠳᠣᠪᠳᠣᠷ ᠪᠠ ᠣᠷᠳᠣ ᠬᠤᠭᠤᠴᠠᠭᠠᠨ ᠤ ᠵᠠᠰᠠᠭ ᠶᠠᠪᠣᠭᠤᠯᠬᠤ | ᠬᠠᠷᠠᠯᠳᠠ ᠶᠢ ᠪᠠᠶᠡᠯᠡᠭᠦᠯᠭᠦ ᠳᠤ ᠡᠳ᠋ ᠤᠨ ᠭᠦᠴᠣᠨ ᠤ ᠪᠠᠳᠣᠯᠠᠭ᠎ᠠ ᠬᠠᠩᠭᠠᠬᠤ ᠭᠡᠷᠩᠳᠠᠢ᠃ | 3. ᠡᠬᠢ ᠪᠠᠶᠠᠯᠢᠭ ᠢ ᠨᠢᠭᠡᠳᠣᠯᠳᠠᠢ ᠲᠦᠯᠣᠪᠯᠡᠨ ᠲᠣᠬᠢᠷᠠᠭᠤᠯᠣᠨ᠎ᠠ᠃ ᠣᠷᠳᠣᠪᠳᠣᠷ ᠬᠤᠭᠤᠴᠠᠭᠠᠨ ᠤ | ᠡᠳ᠋ ᠤᠨ ᠵᠠᠰᠠᠭ ᠤᠨ ᠲᠦᠯᠣᠪᠵᠢᠭᠦᠯᠭᠡ ᠨᠢ ᠡᠩ ᠤᠨ ᠣᠯᠠᠨ ᠨᠠᠶᠢᠳᠠ ᠶᠢᠨ ᠲᠦᠰᠣᠪ᠂ ᠵᠠᠰᠠᠭ ᠤᠨ ᠣᠷᠳᠣᠨ ᠤ | ᠴᠢᠨᠠᠷᠳᠠᠢ ᠰᠠᠭᠤᠷᠢ ᠮᠦᠩᠭᠦᠨ ᠤ ᠲᠦᠰᠣᠪ᠂ ᠣᠯᠣᠰ ᠤᠨ ᠦᠮᠴᠢᠯᠡᠯᠳᠣ ᠭᠦᠷᠣᠩᠭᠡ ᠶᠢ ᠡᠵᠡᠩᠨᠡᠭᠦ ᠲᠦᠰᠣᠪ ᠪᠠ | ᠨᠠᠶᠢᠭᠡᠮ ᠤᠨ ᠲᠠᠭᠠᠣᠠᠬᠠᠯ ᠤᠨ ᠰᠠᠭᠤᠷᠢ ᠮᠦᠩᠭᠦᠨ ᠤ ᠲᠦᠰᠣᠪ ᠢ ᠬᠠᠮᠣᠷᠣᠨᠠ᠃ ᠲᠦᠯᠣᠪᠵᠢᠭᠦᠯᠭᠡ ᠶᠢᠨ | ᠬᠤᠭᠤᠴᠠᠭᠠᠨ ᠳᠠᠬᠢ ᠡᠯ᠎ᠡ ᠵᠦᠢᠯ ᠤᠨ ᠡᠳ᠋ ᠤᠨ ᠭᠦᠴᠣᠨ ᠤ ᠢᠷᠡᠯᠳᠠ ᠪᠠᠷ ᠰᠠᠭᠤᠷᠢ ᠪᠣᠯᠭᠠᠵᠣ᠂ ᠨᠢᠭᠡᠳᠣᠯᠳᠠᠢ | ᠲᠦᠯᠣᠪᠯᠡᠨ ᠪᠣᠳᠣᠯᠬᠢᠯᠠᠬᠤ ᠪᠠ ᠶᠠᠷᠣᠩᠬᠡᠶᠢᠯᠡᠨ ᠲᠣᠬᠢᠷᠠᠭᠤᠯᠬᠤ ᠭᠡᠷᠩᠳᠠᠢ᠃ | 4. ᠠᠰᠠᠭᠤᠳᠠᠯ ᠤᠨ ᠭᠤᠣᠯᠳᠠᠯᠭ᠎ᠠ ᠶᠢ ᠲᠣᠪᠤᠶᠢᠯᠭᠠᠨ᠎ᠠ᠃ ᠣᠳᠣᠬᠠᠨ ᠳᠠᠬᠢ ᠡᠳ᠋ ᠤᠨ ᠵᠠᠰᠠᠭ ᠤᠨ | ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢ ︽ᠬᠡᠰᠡᠭ ᠪᠣᠰᠬᠠᠴᠢᠯᠠᠬᠤ︾᠂ ᠦᠷᠭᠦᠯᠵᠢᠯᠡᠯ ᠤᠨ ᠪᠤᠰᠤ ᠵᠡᠷᠭᠡ | ᠠᠰᠠᠭᠤᠳᠠᠯ ᠳᠤ ᠴᠢᠭᠯᠡᠭᠦᠯᠣᠨ᠂ ᠣᠳᠣᠬᠠᠨ ᠳᠤ ᠭᠡᠷᠩᠵᠢᠭᠦᠯᠵᠣ ᠪᠠᠶᠢᠭ᠎ᠠ ᠲᠦᠷᠣ ᠶᠢᠨ ᠪᠣᠳᠣᠯᠭ᠎ᠠ ᠶᠢᠨ ᠠᠭᠤᠯᠭ᠎ᠠ ᠪᠠ | ᠠᠵᠢᠯᠯᠠᠭᠠᠨ ᠤ ᠲᠣᠭᠳᠠᠴᠨ ᠠᠴᠠ ᠰᠢᠯᠳᠠᠭᠠᠨ ᠢ ᠨᠢ ᠡᠷᠢᠵᠣ᠂ ᠣᠷᠣᠨ ᠤ ᠪᠠᠶᠢᠳᠠᠯ ᠳᠤ ᠰᠠᠭᠤᠷᠢᠯᠠᠨ᠂ ᠪᠣᠰᠣᠣᠨ | ᠮᠣᠵᠢ ︵ᠣᠷᠣᠨ᠂ ᠬᠤᠳᠠ︶ ᠶᠢᠨ ᠲᠣᠷᠰᠢᠯᠭ᠎ᠠ ᠪᠠᠷ ᠲᠣᠯᠢᠳᠠᠨ᠂ ᠠᠰᠠᠭᠤᠳᠠᠯ ᠢ ᠰᠢᠢᠣᠡᠪᠣᠷᠢᠯᠡᠭᠦ | ᠦᠭᠡᠷᠡᠴᠢᠯᠡᠯᠳᠠ ᠶᠢᠨ ᠠᠷᠭ᠎ᠠ ᠭᠡᠮᠵᠢᠶ᠎ᠠ ᠶᠢ ᠲᠣᠷᠠᠣᠠᠬᠤ ᠭᠡᠷᠩᠳᠠᠢ᠃ ᠣᠷᠳᠣᠪᠳᠣᠷ ᠬᠤᠭᠤᠴᠠᠭᠠᠨ ᠤ ᠡᠳ᠋ ᠤᠨ | ᠵᠠᠰᠠᠭ ᠤᠨ ᠲᠦᠯᠣᠪᠵᠢᠭᠦᠯᠭᠡ ᠨᠢ ᠲᠦᠯᠣᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠨ ᠶᠡᠭᠡ ᠦᠭᠡᠷᠡᠴᠢᠯᠡᠯᠳᠠ᠂ | ᠴᠢᠬᠤᠯᠨ ᠲᠦᠷᠣ ᠶᠢᠨ ᠪᠣᠳᠣᠯᠭ᠎ᠠ ᠪᠠ ᠴᠢᠬᠤᠯᠨ ᠶᠡᠭᠡ ᠲᠦᠷᠣᠯ ᠵᠦᠢᠯ ᠳᠤ ᠬᠠᠷᠠᠭ᠎ᠠ ᠪᠠᠨ ᠲᠦᠪᠯᠡᠷᠡᠭᠦᠯᠣᠨ᠂ | ᠲᠦᠷᠣ ᠶᠢᠨ ᠪᠣᠳᠣᠯᠭ᠎ᠠ ᠶᠢᠨ ᠬᠠᠷᠠᠯᠳᠠ᠂ ᠠᠵᠢᠯᠯᠠᠭᠠᠨ ᠤ ᠲᠣᠭᠳᠠᠴᠨ ᠪᠠ ᠦᠨᠡᠯᠡᠭᠦ ᠠᠷᠭ᠎ᠠ ᠭᠡᠮᠵᠢᠶ᠎ᠠ ᠶᠢ ᠰᠣᠳᠣᠯᠬᠤ | ᠭᠡᠷᠩᠳᠠᠢ᠃ | 5. ᠦᠷᠭᠦᠯᠵᠢᠯᠡᠭᠰᠡᠨ ᠬᠠᠮᠢᠶᠠᠷᠣᠯᠳᠠ ᠶᠢ ᠬᠡᠷᠩᠵᠢᠭᠦᠯᠣᠨ᠎ᠠ᠃ ᠭᠤᠷᠪᠠᠨ ᠵᠢᠯ ᠦᠷᠭᠦᠯᠵᠢᠯᠡᠭᠦ ᠠᠷᠭ᠎ᠠ ᠪᠠᠷ | ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠨᠠᠶᠢᠷᠠᠭᠤᠯᠵᠣ ᠲᠣᠭᠳᠠᠭᠠᠬᠤ ᠭᠡᠷᠩᠳᠠᠢ᠃ | ᠨᠢᠭᠡᠳᠣᠭᠡᠷ ᠵᠢᠯ ᠤᠨ ᠲᠦᠯᠣᠪᠵᠢᠭᠦᠯᠭᠡ ᠪᠠᠷ ᠵᠣᠬᠢᠴᠠᠯᠳᠣᠬᠤ ᠣᠨ ᠤ ᠲᠦᠰᠣᠪ ᠢ ᠬᠢᠵᠠᠭᠠᠷᠯᠠᠵᠣ᠂ ᠬᠤᠶᠢᠰᠢᠳᠠ ᠶᠢᠨ | ᠬᠤᠶᠠᠷ ᠵᠢᠯ ᠤᠨ ᠲᠦᠯᠣᠪᠵᠢᠭᠦᠯᠭᠡ ᠪᠠᠷ ᠵᠣᠬᠢᠴᠠᠯᠳᠣᠬᠤ ᠣᠨ ᠤ ᠲᠦᠰᠣᠪ ᠢ ᠵᠢᠯᠣᠭᠤᠳᠣᠨ ᠳᠠᠭᠠᠭᠤᠯᠬᠤ ᠭᠡᠷᠩᠳᠠᠢ᠃ | ᠣᠨ ᠤ ᠲᠦᠰᠣᠪ ᠢ ᠭᠡᠷᠩᠵᠢᠭᠦᠯᠵᠣ ᠳᠠᠭᠤᠰᠣᠭᠰᠠᠨ ᠤ ᠳᠠᠷᠠᠭ᠎ᠠ᠂ ᠬᠤᠶᠢᠰᠢᠳᠠ ᠶᠢᠨ ᠬᠤᠶᠠᠷ ᠵᠢᠯ ᠤᠨ | ᠲᠦᠯᠣᠪᠵᠢᠭᠦᠯᠭᠡ ᠳᠤ ᠴᠠᠭ ᠲᠣᠬᠠᠢ ᠳᠤᠨᠢ ᠲᠣᠬᠢᠷᠠᠭᠤᠯᠣᠯᠳᠠ ᠬᠢᠵᠣ᠂ ᠣᠨ ᠤ ᠲᠦᠯᠣᠪᠵᠢᠭᠦᠯᠭᠡ ᠪᠠᠨ ᠳᠠᠬᠢᠵᠣ | ᠨᠢᠭᠡ ᠶᠢ ᠨᠡᠮᠡᠵᠣ᠂ ᠰᠢᠨ᠎ᠠ ᠨᠢᠭᠡ ᠡᠭᠡᠯᠵᠢ ᠶᠢᠨ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ | ᠲᠦᠯᠣᠪᠵᠢᠭᠦᠯᠭᠡ ᠶᠢ ᠪᠦᠷᠢᠯᠳᠣᠭᠦᠯᠭᠦ ᠭᠡᠷᠩᠳᠠᠢ᠃ | 6. ᠬᠢᠵᠠᠭᠠᠷᠯᠠᠬᠤ ᠲᠣᠭᠳᠠᠴᠨ ᠶᠢ ᠴᠢᠩᠭᠠᠣᠠᠬᠠᠨ᠎ᠠ᠃ ᠡᠳ᠋ ᠤᠨ ᠵᠠᠰᠠᠭ ᠤᠨ ᠲᠦᠷᠣ ᠶᠢᠨ ᠪᠣᠳᠣᠯᠭ᠎ᠠ ᠪᠠ | ᠪᠡᠯᠨ ᠮᠦᠩᠭᠦᠨ ᠤ ᠳᠡᠮᠵᠢᠯᠭᠡ ᠳᠤ ᠬᠤᠯᠪᠣᠭᠳᠠᠬᠤ ᠰᠠᠯᠠᠭ᠎ᠠ ᠮᠦᠴᠢᠷ᠂ ᠠᠵᠢᠯ ᠲᠦᠷᠣᠯ ᠤᠨ ᠬᠢᠨ ᠲᠦᠯᠣᠪᠵᠢᠭᠦᠯᠭᠡ | ᠪᠦᠭᠦᠨ ᠢᠶᠠᠨ ᠴᠦᠮ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠲᠠᠢ ᠵᠣᠯᠭᠠᠭᠤᠯᠬᠤ | ᠭᠡᠷᠩᠳᠠᠢ᠃ ᠣᠨ ᠤ ᠲᠦᠰᠣᠪ ᠢ ᠨᠠᠶᠢᠷᠠᠭᠤᠯᠵᠣ ᠲᠣᠭᠳᠠᠭᠠᠬᠤ ᠳᠠᠯ᠎ᠠ ᠳᠠᠬᠢ ᠣᠷᠳᠣᠪᠳᠣᠷ ᠬᠤᠭᠤᠴᠠᠭᠠᠨ ᠤ ᠡᠳ᠋ ᠤᠨ | ᠵᠠᠰᠠᠭ ᠤᠨ ᠲᠦᠯᠣᠪᠵᠢᠭᠦᠯᠭᠡ ᠶᠢᠨ ᠬᠢᠵᠠᠭᠠᠷᠯᠠᠯ ᠢ ᠴᠢᠩᠭᠠᠣᠠᠬᠠᠨ᠂ ᠣᠨ ᠤ ᠲᠦᠰᠣᠪ ᠢ ᠨᠠᠶᠢᠷᠠᠭᠤᠯᠵᠣ | ᠲᠣᠭᠳᠠᠭᠠᠬᠤ ᠳᠠᠭᠠᠨ ᠡᠷᠭᠡᠪᠡᠰᠢ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠪᠣᠷᠣ | ᠲᠦᠯᠣᠪ ᠤᠨ ᠲᠣᠣᠷ᠎ᠡ ᠠᠵᠢᠯᠯᠠᠭᠤᠯᠬᠤ ᠭᠡᠷᠩᠳᠠᠢ᠃ | ᠭᠤᠷᠪᠠ᠂ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠭᠤᠣᠯ ᠠᠭᠤᠯᠭ᠎ᠠ | ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠪᠣᠯ ᠣᠷᠳᠣᠪᠳᠣᠷ ᠬᠤᠭᠤᠴᠠᠭᠠᠨ ᠤ | ᠲᠦᠰᠣᠪ ᠤᠨ ᠰᠢᠯᠵᠢᠯᠳᠠ ᠶᠢᠨ ᠲᠦᠯᠣᠪ ᠪᠠᠶᠢᠳᠠᠯ ᠪᠣᠯᠣᠨ᠎ᠠ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ | ᠶᠠᠷᠣᠩᠬᠡᠢ ᠪᠠᠶᠢᠳᠠᠯ ᠳᠤ ᠰᠢᠨᠵᠢᠯᠡᠭᠦ ᠣᠬᠠᠭᠠᠨᠴᠢ ᠪᠠᠷ ᠣᠷᠢᠣᠡᠴᠢᠯᠠᠵᠣ ᠮᠠᠭᠠᠣᠡᠯᠠᠭᠰᠠᠨ ᠰᠠᠭᠤᠷᠢᠨ ᠳᠡᠭᠡᠷ᠎ᠡ᠂ ᠡᠳ᠋ ᠤᠨ | ᠵᠠᠰᠠᠭ ᠤᠨ ᠣᠷᠣᠯᠭ᠎ᠠ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠪᠠᠷ ᠰᠣᠳᠣᠯᠵᠣ ᠲᠣᠭᠳᠠᠭᠠᠨ᠂ | ᠭᠤᠣᠯ ᠪᠣᠯᠬᠤ ᠡᠳ᠋ ᠤᠨ ᠵᠠᠰᠠᠭ ᠤᠨ ᠲᠦᠷᠣ ᠶᠢᠨ ᠪᠣᠳᠣᠯᠭ᠎ᠠ ᠶᠢ ᠬᠠᠷᠢᠴᠠᠩᠭᠤᠢ ᠲᠣᠭᠳᠠᠭᠤᠨ ᠪᠠᠶᠢᠯᠭᠠᠬᠤ ᠶᠢᠨ | ᠬᠠᠮᠳᠣ᠂ ᠠᠵᠣ ᠠᠬᠤᠢ ᠨᠠᠶᠢᠭᠡᠮ ᠤᠨ ᠭᠦᠭᠵᠢᠯᠳᠠ ᠶᠢᠨ ᠪᠠᠶᠢᠳᠠᠯ ᠢ ᠦᠨᠳᠣᠰᠣᠯᠡᠵᠣ ᠴᠠᠭ ᠲᠤᠨᠢ ᠲᠣᠬᠢᠷᠠᠭᠤᠯᠵᠣ | ᠰᠣᠳᠣᠯᠣᠨ ᠲᠣᠬᠢᠷᠠᠭᠤᠯᠵᠣ ᠪᠠᠶᠢᠭᠠᠣᠨ᠂ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ | ᠲᠦᠯᠣᠪᠵᠢᠭᠦᠯᠭᠡ ᠪᠠᠨ ᠠᠯᠭᠤᠷ ᠠᠭᠠᠵᠢᠮ ᠢᠶᠠᠷ ᠵᠢᠩᠬᠢᠨᠢ ᠣᠷᠳᠣᠪᠳᠣᠷ ᠬᠤᠭᠤᠴᠠᠭᠠᠨ ᠤ ᠲᠦᠰᠣᠪ ᠪᠣᠯᠭᠠᠨ | ᠰᠢᠯᠵᠢᠭᠦᠯᠣᠨᠠ᠃ | ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠬᠢᠭᠡᠣᠨ ᠡᠩ ᠤᠨ ᠴᠢᠨᠠᠷᠳᠠᠢ | ᠣᠷᠳᠣᠪᠳᠣᠷ ᠪᠠ ᠣᠷᠳᠣ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠠᠳᠠᠯᠢ ᠪᠣᠰᠣ ᠳᠠᠯ᠎ᠠ᠄ | ᠣᠳᠣᠬᠠᠨ ᠳᠤ ᠭᠡᠷᠩᠵᠢᠭᠦᠯᠵᠣ ᠪᠠᠶᠢᠭ᠎ᠠ ᠡᠩ ᠤᠨ ᠴᠢᠨᠠᠷᠳᠠᠢ ᠣᠷᠳᠣᠪᠳᠣᠷ ᠪᠠ ᠣᠷᠳᠣ ᠬᠤᠭᠤᠴᠠᠭᠠᠨ ᠤ ᠡᠳ᠋ ᠤᠨ | ᠵᠠᠰᠠᠭ ᠤᠨ ᠲᠦᠯᠣᠪᠵᠢᠭᠦᠯᠭᠡ ᠪᠣᠯ ᠬᠤᠷᠸ᠎ᠠ ᠳᠠᠯ᠎ᠠ ᠶᠢᠨ᠂ ᠵᠢᠱᠢᠭᠰᠡᠨ ᠴᠢᠨᠠᠷᠳᠠᠢ᠂ ᠭᠤᠣᠯ ᠨᠢ ᠡᠳ᠋ ᠤᠨ ᠵᠠᠰᠠᠭ ᠤᠨ | ᠣᠷᠣᠯᠭ᠎ᠠ ᠵᠠᠷᠣᠯᠭ᠎ᠠ ᠶᠢᠨ ᠭᠦᠭᠵᠢᠯᠳᠠ ᠶᠢᠨ ᠬᠠᠷᠠᠯᠳᠠ ᠪᠣᠯᠣᠨ ᠴᠢᠬᠤᠯᠨ ᠶᠡᠭᠡ ᠲᠦᠷᠣ ᠶᠢᠨ ᠪᠣᠳᠣᠯᠭ᠎ᠠ ᠶᠢ | ᠲᠦᠷᠰᠣᠯᠡᠨ ᠲᠣᠭᠠᠴᠢᠵᠣ᠂ ᠠᠭᠤᠯᠭ᠎ᠠ ᠨᠢ ᠶᠡᠷᠣᠳᠡᠭᠡᠨ ᠬᠤᠪᠢᠷᠠᠬᠤ ᠦᠭᠡᠢ︔ ᠣᠷᠳᠣᠪᠳᠣᠷ ᠬᠤᠭᠤᠴᠠᠭᠠᠨ ᠤ | ᠡᠳ᠋ ᠤᠨ ᠵᠠᠰᠠᠭ ᠤᠨ ᠲᠦᠯᠣᠪᠵᠢᠭᠦᠯᠭᠡ ᠪᠣᠯ ᠪᠣᠳᠠᠳᠠᠢ᠂ ᠭᠡᠷᠩᠵᠢᠭᠦᠯᠭᠦ ᠴᠢᠨᠠᠷᠳᠠᠢ᠂ ᠭᠤᠣᠯ ᠨᠢ ᠵᠠᠷᠣᠯᠭ᠎ᠠ ᠶᠢᠨ | ᠪᠠᠶᠢᠷᠢᠯᠠᠭᠤᠯᠣᠯᠳᠠ ᠪᠠ ᠲᠦᠰᠣᠪ ᠤᠨ ᠡᠵᠡᠮᠳᠠᠯ ᠢ ᠲᠣᠰᠬᠠᠵᠣ᠂ ᠵᠢᠯ ᠪᠦᠷᠢ ᠦᠷᠭᠦᠯᠵᠢᠯᠡᠭᠦᠯᠣᠨ ᠲᠣᠬᠢᠷᠠᠭᠤᠯᠣᠯᠳᠠ | ᠬᠢᠨ᠎ᠠ᠃ ᠣᠷᠳᠣᠪᠳᠣᠷ ᠪᠠ ᠣᠷᠳᠣ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠳᠤ ᠭᠤᠣᠯᠳᠠᠭᠤ | ᠲᠦᠷᠪᠡᠨ ᠭᠡᠰᠡᠭ ᠠᠭᠤᠯᠭ᠎ᠠ ᠪᠠᠭᠳᠠᠨ᠎ᠠ᠄ | ︵ᠨᠢᠭᠡ︶ ᠣᠳᠣᠬᠠᠨ ᠳᠤ ᠭᠡᠷᠩᠵᠢᠭᠦᠯᠵᠣ ᠪᠠᠶᠢᠭ᠎ᠠ ᠲᠦᠷᠣ ᠶᠢᠨ ᠪᠣᠳᠣᠯᠭ᠎ᠠ ᠲᠣᠣᠷᠠᠬᠢ ᠡᠳ᠋ ᠤᠨ ᠵᠠᠰᠠᠭ ᠤᠨ | ᠣᠷᠣᠯᠭ᠎ᠠ ᠵᠠᠷᠣᠯᠭ᠎ᠠ ᠶᠢᠨ ᠪᠠᠶᠢᠳᠠᠯ ᠢ ᠣᠷᠢᠣᠡᠴᠢᠯᠡᠨ ᠲᠦᠰᠣᠭᠡᠯᠡᠨᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ | ᠦᠭᠡᠷᠡᠴᠢᠯᠡᠯᠳᠠ ᠭᠦᠭᠵᠢᠭᠦᠯᠣᠯᠳᠠ᠂ ᠲᠤᠭ᠎ᠠ ᠪᠦᠷᠢᠣᠡᠭᠡᠯ᠂ ᠭᠠᠶᠢᠯᠢ ᠶᠢᠨ ᠶᠠᠪᠣᠳᠠᠯ ᠵᠡᠷᠭᠡ ᠰᠠᠯᠠᠭ᠎ᠠ ᠮᠦᠴᠢᠷ ᠲᠠᠢ | ᠬᠠᠮᠳᠣᠷᠠᠯᠴᠠᠵᠣ᠂ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠪᠠ ᠨᠠᠶᠢᠭᠡᠮ ᠤᠨ ᠭᠦᠭᠵᠢᠯᠳᠠ ᠶᠢᠨ ᠲᠠᠪᠣᠨ | ᠵᠢᠯ ᠤᠨ ᠲᠦᠯᠣᠪᠵᠢᠭᠦᠯᠭᠡ ᠶᠢᠨ ᠲᠣᠪᠴᠢ ᠵᠢᠴᠢ ᠣᠨ ᠤ ᠲᠦᠯᠣᠪᠯᠡᠭᠡ ᠶᠢ ᠦᠨᠳᠣᠰᠣᠯᠡᠨ᠂ ᠣᠷᠣᠨ ᠤ ᠲᠣᠳᠣᠨ᠎ᠠ | ᠭᠠᠳᠠᠨᠠᠬᠢ ᠭᠦᠭᠵᠢᠯᠳᠠ ᠶᠢᠨ ᠣᠷᠴᠢᠨ ᠲᠣᠭᠤᠷᠢᠨ ᠤ ᠴᠢᠬᠤᠯᠨ ᠶᠡᠭᠡ ᠬᠤᠪᠢᠷᠠᠯᠳᠠ ᠶᠢ ᠪᠣᠳᠣᠯᠬᠢᠯᠠᠵᠣ᠂ ᠰᠠᠭᠤᠷᠢ | ᠬᠤᠭᠤᠴᠠᠭᠠᠳᠣ ᠣᠨ ᠤ ᠠᠵᠣ ᠠᠬᠤᠢ ᠶᠢᠨ ᠭᠦᠭᠵᠢᠯᠳᠠ ᠶᠢᠨ ᠪᠠᠶᠢᠳᠠᠯ ᠲᠠᠢ ᠣᠶᠠᠯᠳᠣᠭᠤᠯᠣᠨ᠂ ᠢᠷᠡᠭᠦ ᠭᠤᠷᠪᠠᠨ | ᠵᠢᠯ ᠳᠠᠬᠢ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠨᠠᠶᠢᠭᠡᠮ ᠤᠨ ᠭᠦᠭᠵᠢᠯᠳᠠ ᠶᠢᠨ ᠪᠠᠶᠢᠳᠠᠯ ᠵᠢᠴᠢ ᠭᠤᠣᠯ | ᠪᠣᠯᠬᠤ ᠠᠵᠣ ᠠᠬᠤᠢ ᠶᠢᠨ ᠭᠦᠢᠴᠡᠣᠡᠭᠡᠯ ᠲᠤᠭ᠎ᠠ ᠶᠢ ᠣᠷᠢᠣᠡᠴᠢᠯᠡᠨ ᠲᠦᠰᠣᠭᠡᠯᠡᠨᠠ᠃ ᠠᠵᠣ ᠠᠬᠤᠢ ᠶᠢ | ᠣᠷᠢᠣᠡᠴᠢᠯᠡᠨ ᠲᠦᠰᠣᠭᠡᠯᠡᠭᠦ ᠠᠵᠢᠯ ᠢᠶᠠᠨ ᠰᠠᠶᠢᠳᠣᠷ ᠬᠢᠭᠰᠡᠨ ᠰᠠᠭᠤᠷᠢᠨ ᠳᠡᠭᠡᠷ᠎ᠡ᠂ ᠣᠳᠣᠬᠠᠨ ᠳᠤ ᠭᠡᠷᠩᠵᠢᠭᠦᠯᠵᠣ | ᠪᠠᠶᠢᠭ᠎ᠠ ᠬᠤᠷᠸ᠎ᠠ ᠠᠵᠣ ᠠᠬᠤᠢ ᠶᠢᠨ ᠲᠦᠷᠣ ᠶᠢᠨ ᠪᠣᠳᠣᠯᠭ᠎ᠠ ᠶᠢᠨ ᠶᠣᠰᠣᠭᠠᠷ᠂ ᠢᠷᠡᠭᠡᠳᠣᠢ ᠶᠢᠨ ᠡᠳ᠋ ᠤᠨ | ᠵᠠᠰᠠᠭ ᠤᠨ ᠣᠷᠣᠯᠭ᠎ᠠ ᠵᠠᠷᠣᠯᠭ᠎ᠠ ᠶᠢᠨ ᠪᠠᠶᠢᠳᠠᠯ ᠢ ᠣᠷᠢᠣᠡᠴᠢᠯᠡᠵᠣ ᠲᠦᠰᠣᠭᠡᠯᠡᠨᠠ᠃ | ︵ᠬᠤᠶᠠᠷ︶ ᠣᠳᠣᠬᠠᠨ ᠳᠤ ᠭᠡᠷᠡᠭᠵᠢᠭᠦᠯᠵᠣ ᠪᠠᠶᠢᠭ᠎ᠠ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ | ᠲᠦᠷᠣ ᠶᠢᠨ ᠪᠣᠳᠣᠯᠭ᠎ᠠ ᠶᠢᠨ ᠠᠰᠠᠭᠤᠳᠠᠯ ᠢ ᠵᠠᠳᠠᠯᠣᠨ᠎ᠠ᠃ ᠣᠳᠣᠬᠠᠨ ᠳᠤ ᠬᠡᠷᠩᠵᠢᠭᠦᠯᠵᠣ ᠪᠠᠶᠢᠭ᠎ᠠ ᠲᠦᠷᠣ ᠶᠢᠨ | ᠪᠣᠳᠣᠯᠭ᠎ᠠ ᠲᠣᠣᠷᠡᠬᠢ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠣᠷᠢᠣᠡᠴᠢᠯᠠᠭᠰᠠᠨ ᠲᠦᠰᠣᠭᠡᠯᠡᠯ ᠪᠠ | ᠣᠳᠣᠬᠠᠨ ᠳᠤ ᠬᠡᠷᠩᠵᠢᠭᠦᠯᠵᠣ ᠪᠠᠶᠢᠭ᠎ᠠ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢᠨ | ᠭᠡᠷᠩᠵᠢᠭᠦᠯᠣᠭ᠍ᠳᠡᠭᠰᠡᠨ ᠦᠷ᠎ᠡ ᠪᠦᠳᠣᠮᠵᠢ ᠶᠢᠨ ᠳᠠᠯ᠎ᠠ ᠪᠠᠷ ᠬᠢ ᠵᠠᠳᠠᠯᠣᠯᠳᠠ ᠶᠢ ᠦᠨᠳᠣᠰᠣᠯᠠᠵᠣ᠂ ᠠᠰᠠᠭᠤᠳᠠᠯ ᠢ | ᠭᠦᠨᠵᠡᠭᠡᠢ ᠪᠠᠶᠢᠴᠠᠭᠠᠨ ᠡᠷᠢᠨ᠎ᠠ᠄ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠶᠢᠨ ᠲᠦᠷᠢᠮ ᠳᠤ ᠣᠷᠣᠰᠢᠵᠣ ᠪᠠᠶᠢᠭ᠎ᠠ | ᠠᠰᠠᠭᠤᠳᠠᠯ ᠪᠣᠯᠣᠨ᠎ᠠ᠃ ᠣᠯᠣᠰ ᠤᠨ ᠭᠠᠶᠢᠯᠢ ᠶᠢᠨ ᠲᠦᠷᠢᠮ ᠤᠨ ᠦᠭᠡᠷᠡᠴᠢᠯᠡᠯᠳᠠ ᠪᠠ ᠡᠳ᠋ ᠤᠨ ᠵᠠᠰᠠᠭ ᠤᠨ | ᠪᠠᠶᠢᠭᠤᠯᠣᠯ ᠳᠤ ᠲᠣᠬᠢᠷᠠᠭᠤᠯᠣᠯᠳᠠ ᠬᠢᠭᠦ ᠬᠠᠨᠳᠣᠰᠢ ᠶᠢ ᠦᠨᠳᠣᠰᠣᠯᠡᠵᠣ ᠡᠳ᠋ ᠤᠨ ᠵᠠᠰᠠᠭ ᠤᠨ ᠣᠷᠣᠯᠭ᠎ᠠ ᠳᠠᠬᠢ | ᠦᠭᠡᠷᠡᠴᠢᠯᠡᠯᠳᠠ ᠶᠢᠨ ᠨᠦᠯᠣᠭᠡ ᠶᠢ ᠮᠠᠭᠠᠣᠡᠯᠠᠨ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠣ ᠴᠢᠨᠠᠷ ᠵᠢᠴᠢ | ᠲᠣᠭᠳᠠᠩᠭᠤᠢ ᠴᠢᠨᠠᠷ ᠪᠠ ᠭᠠᠶᠢᠯᠢ ᠶᠢᠨ ᠪᠣᠰᠣ ᠣᠷᠣᠯᠭ᠎ᠠ ᠶᠢᠨ ᠬᠠᠮᠢᠶᠠᠷᠣᠯᠳᠠ ᠶᠢᠨ ᠵᠢᠷᠣᠮᠵᠢᠯ ᠵᠡᠷᠭᠡ ᠶᠢ ᠠᠩᠬᠠᠷᠣᠨ᠎ᠠ | ᠃ ᠬᠤᠶᠠᠷ ᠲᠤ ᠡᠳ᠋ ᠤᠨ ᠵᠠᠰᠠᠭ ᠤᠨ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠳᠤ ᠣᠷᠣᠰᠢᠵᠣ ᠪᠠᠶᠢᠭ᠎ᠠ ᠠᠰᠠᠭᠤᠳᠠᠯ | ᠪᠣᠯᠣᠨ᠎ᠠ᠃ ᠵᠢᠱᠢᠶᠡᠯᠡᠪᠡᠯ ᠨᠠᠶᠢᠭᠡᠮ ᠤᠨ ᠪᠠᠳᠣᠯᠠᠭ᠎ᠠ᠂ ᠡᠮᠴᠢᠯᠡᠭᠡᠡ ᠡᠷᠡᠭᠦᠯ ᠬᠠᠮᠠᠭᠠᠯᠠᠯ ᠤᠨ ᠵᠠᠷᠣᠯᠭ᠎ᠠ ᠨᠢ ᠭᠦᠮᠣᠨ | ᠠᠮᠨ ᠶᠢᠨ ᠪᠦᠳᠣᠴᠨ ᠶᠢᠨ ᠬᠤᠪᠢᠷᠠᠯᠳᠠ ᠠᠴᠠ ᠪᠣᠯᠵᠣ ᠵᠠᠷᠣᠯᠭ᠎ᠠ ᠶᠢᠨ ᠨᠡᠮᠡᠭᠳᠡᠯ ᠬᠡᠳᠣᠷᠬᠡᠢ ᠲᠦᠷᠭᠡᠨ ᠪᠣᠯᠵᠣ ᠮᠡᠳᠡᠭᠦ | ᠠᠰᠠᠭᠤᠳᠠᠯ᠂ ᠲᠦᠰᠣᠪ ᠤᠨ ᠲᠣᠣᠷᠠᠬᠢ ᠨᠢᠭᠡ ᠭᠡᠰᠡᠭ ᠪᠠᠴᠢᠮ ᠰᠢᠢᠳᠪᠦᠷᠢᠯᠡᠬᠦ ᠴᠢᠬᠤᠯᠳᠠᠢ ᠵᠠᠷᠣᠯᠭ᠎ᠠ ᠶᠢᠨ | ᠪᠠᠳᠣᠯᠠᠭ᠎ᠠ ᠶᠢᠨ ᠠᠰᠠᠭᠤᠳᠠᠯ᠂ ᠨᠢᠭᠡ ᠬᠡᠰᠡᠭ ᠭᠤᠣᠯᠳᠠᠯᠭ᠎ᠠ ᠲᠠᠢ ᠵᠠᠷᠣᠯᠭ᠎ᠠ ᠪᠠ ᠡᠳ᠋ ᠤᠨ ᠵᠠᠰᠠᠭ ᠤᠨ ᠣᠷᠣᠯᠭ᠎ᠠ | ᠵᠠᠷᠣᠯᠭ᠎ᠠ ᠶᠢᠨ ᠨᠡᠮᠡᠭᠳᠡᠯ ᠪᠣᠶᠣ ᠦᠢᠯᠡᠣᠡᠪᠣᠷᠢᠯᠡᠯ ᠤᠨ ᠶᠡᠷᠣᠩᠬᠡᠢ ᠲᠣᠭᠠᠨ ᠤ ᠬᠤᠯᠪᠣᠯᠳᠠ ᠨᠢ ᠡᠳ᠋ ᠤᠨ ᠵᠠᠰᠠᠭ ᠤᠨ | ᠵᠠᠷᠣᠯᠭ᠎ᠠ ᠶᠢᠨ ᠪᠦᠳᠣᠴᠨ ᠶᠢ ᠨᠦᠯᠣᠭᠡᠯᠡᠭᠦ ᠠᠰᠠᠭᠤᠳᠠᠯ᠂ ᠨᠢᠭᠡ ᠪᠦᠯᠦᠭ ᠲᠣᠷᠰᠢᠯᠳᠠ ᠶᠢᠨ ᠴᠢᠬ ᠤᠨ ᠲᠦᠷᠣ ᠶᠢᠨ | ᠪᠣᠳᠣᠯᠭ᠎ᠠ ᠶᠢ ᠪᠦᠭᠦ ᠳᠠᠯ᠎ᠠ ᠪᠠᠷ ᠠᠬᠢᠭᠤᠯᠵᠣ ᠡᠬᠢᠯᠡᠭᠰᠡᠨ ᠤ ᠳᠠᠷᠠᠭᠠᠬᠢ ᠪᠡᠯᠨ ᠮᠦᠩᠬᠦᠨ ᠤ ᠭᠡᠷᠩᠴᠡᠭᠡ | ᠱᠠᠭᠠᠷᠳᠠᠯᠭ᠎ᠠ ᠶᠢᠨ ᠠᠰᠠᠭᠤᠳᠠᠯ᠂ ᠨᠢᠭᠡᠨᠳᠠ ᠲᠣᠬᠢᠷᠠᠭᠤᠯᠣᠭᠰᠠᠨ ᠡᠳ᠋ ᠤᠨ ᠵᠠᠰᠠᠭ ᠤᠨ ᠪᠡᠯᠨ ᠮᠦᠩᠭᠦ ᠨᠢ ᠡᠯ᠎ᠡ | ᠵᠦᠢᠯ ᠤᠨ ᠰᠢᠯᠳᠠᠭᠠᠨ ᠠᠴᠠ ᠪᠣᠯᠵᠣ ᠦᠯᠡᠳᠡᠵᠣ ᠬᠤᠴᠣᠷᠬᠤ ᠪᠠᠶᠢᠳᠠᠯ ᠭᠠᠷᠬᠤ ᠵᠡᠷᠭᠡ ᠶᠠᠪᠣᠳᠠᠯ ᠪᠣᠯᠣᠨ᠎ᠠ᠃ | ᠭᠤᠷᠪᠠ ᠳᠤ ᠦᠷᠢ ᠦᠭᠴᠡᠭᠡᠨ ᠤ ᠠᠶᠣᠯ ᠲᠦᠭᠰᠢᠭᠦᠷᠢ ᠶᠢᠨ ᠠᠰᠠᠭᠤᠳᠠᠯ ᠪᠣᠯᠣᠨ᠎ᠠ᠃ ᠦᠷᠢᠳᠡᠭᠰᠡᠨ ᠨᠣᠷᠮ᠎ᠠ᠂ | ᠦᠷᠢ ᠦᠭᠴᠡᠭᠡᠨ ᠤ ᠨᠣᠷᠮ᠎ᠠ ᠵᠡᠷᠭᠡ ᠭᠦᠢᠴᠡᠣᠡᠭᠡᠯ ᠲᠤᠭ᠎ᠠ ᠶᠢ ᠬᠡᠷᠩᠯᠡᠵᠣ᠂ ᠦᠪᠡᠷᠳᠡᠭᠡᠨ ᠵᠠᠰᠠᠬᠤ ᠣᠷᠣᠨ᠂ ᠠᠶᠢᠮᠠᠭ | ᠬᠤᠳᠠ᠂ ᠬᠤᠰᠢᠭᠤ ᠰᠢᠶᠠᠨ ᠭᠤᠷᠪᠠᠨ ᠱᠠᠳᠣᠨ ᠤ ᠵᠠᠰᠠᠭ ᠤᠨ ᠣᠷᠳᠣᠨ ᠳᠤ ᠣᠷᠣᠰᠢᠵᠣ ᠪᠠᠶᠢᠭ᠎ᠠ ᠡᠳ᠋ ᠤᠨ | ᠵᠠᠰᠠᠭ ᠤᠨ ᠠᠶᠣᠯ ᠲᠦᠭᠰᠢᠭᠦᠷᠢ ᠶᠢᠨ ᠳᠠᠯᠳᠠ ᠭᠡᠮ ᠢ ᠮᠠᠭᠠᠣᠡᠯᠠᠨᠠ᠃ | ︵ᠭᠤᠷᠪᠠ︶ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢᠨ | ᠦᠭᠡᠷᠡᠴᠢᠯᠡᠯᠳᠠ ᠶᠢᠨ ᠲᠦᠰᠣᠯ ᠢ ᠲᠣᠭᠳᠠᠭᠠᠨ᠎ᠠ᠃ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠶᠢᠨ ᠲᠦᠷᠣ ᠶᠢᠨ | ᠪᠣᠳᠣᠯᠭ᠎ᠠ ᠶᠢᠨ ᠳᠠᠯ᠎ᠠ ᠪᠠᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠶᠢᠯᠢ ᠶᠢᠨ ᠶᠠᠪᠣᠳᠠᠯ᠂ ᠭᠦᠭᠵᠢᠭᠦᠯᠣᠯᠳᠠ | ᠦᠭᠡᠷᠡᠴᠢᠯᠡᠯᠳᠠ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠣᠯᠣᠰ ᠤᠨ ᠭᠠᠶᠢᠯᠢ ᠶᠢᠨ ᠲᠦᠷᠢᠮ ᠤᠨ | ᠦᠭᠡᠷᠡᠴᠢᠯᠡᠯᠳᠠ᠂ ᠴᠢᠬᠤᠯᠨ ᠶᠡᠭᠡ ᠭᠠᠶᠢᠯᠢ ᠶᠢᠨ ᠣᠷᠣᠯᠭ᠎ᠠ ᠶᠢᠨ ᠲᠦᠷᠣ ᠶᠢᠨ ᠪᠣᠳᠣᠯᠭ᠎ᠠ ᠶᠢᠨ ᠲᠣᠬᠢᠷᠠᠭᠤᠯᠣᠯᠳᠠ᠂ | ᠰᠦᠢᠣᠡᠭᠡᠯ ᠬᠤᠷᠢᠶᠠᠬᠤ ᠶᠢ ᠢᠯᠭᠠᠷᠠᠭᠤᠯᠵᠣ ᠵᠢᠷᠣᠮᠵᠢᠭᠤᠯᠬᠤ ᠪᠠ ᠵᠠᠰᠠᠭ ᠤᠨ ᠣᠷᠳᠣᠨ ᠤ ᠴᠢᠨᠠᠷᠳᠠᠢ ᠰᠠᠭᠤᠷᠢ | ᠮᠦᠩᠭᠦᠨ ᠤ ᠲᠦᠷᠣᠯ ᠵᠦᠢᠯ ᠤᠨ ᠵᠠᠮ ᠱᠣᠭᠤᠮ ᠤᠨ ᠵᠢᠷᠤᠭ ᠪᠣᠯᠣᠨ ᠴᠠᠭ ᠤᠨ ᠭᠦᠰᠣᠨᠣᠭ᠍ᠳᠣ ᠶᠢ ᠦᠨᠳᠣᠰᠣᠯᠡᠵᠣ᠂ | ᠮᠠᠨ ᠤ ᠣᠷᠣᠨ ᠤ ᠪᠣᠳᠠᠳᠠᠢ ᠭᠡᠷᠩᠵᠢᠭᠦᠯᠭᠦ ᠠᠷᠭ᠎ᠠ ᠶᠢ ᠵᠦᠪᠯᠡᠨ ᠲᠣᠷᠠᠣᠡᠴᠣ᠂ ᠮᠠᠨ ᠤ ᠣᠷᠣᠨ ᠤ ᠠᠵᠣ ᠠᠬᠤᠢ ᠶᠢᠨ | ᠡᠷᠬᠢᠯᠳᠠ ᠪᠣᠯᠣᠨ ᠬᠠᠮᠢᠶ᠎ᠠ ᠪᠦᠭᠦᠢ ᠠᠵᠣ ᠦᠢᠯᠡᠰ ᠲᠠᠬᠢ ᠲᠦᠷᠣ ᠶᠢᠨ ᠪᠣᠳᠣᠯᠭ᠎ᠠ ᠶᠢᠨ ᠨᠦᠯᠣᠭᠡ ᠵᠢᠴᠢ ᠠᠵᠣ | ᠠᠬᠤᠶᠢᠯᠡᠯ᠂ ᠬᠤᠪᠢ ᠭᠦᠮᠣᠨ ᠤ ᠭᠠᠶᠢᠯᠢ ᠶᠢᠨ ᠲᠠᠷᠣᠭᠠᠰᠣ ᠶᠢᠨ ᠬᠤᠪᠢᠷᠠᠯᠳᠠ ᠶᠢ ᠦᠨᠡᠯᠡᠨ ᠵᠢᠱᠢᠨ᠎ᠠ᠃ ᠬᠤᠶᠠᠷ ᠲᠤ | ᠡᠳ᠋ ᠤᠨ ᠵᠠᠰᠠᠭ ᠤᠨ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢᠨ ᠳᠠᠯ᠎ᠠ ᠪᠠᠷ᠂ ᠡᠳ᠋ ᠤᠨ ᠵᠠᠰᠠᠭ ᠤᠨ ᠰᠠᠯᠠᠭ᠎ᠠ | ᠮᠦᠴᠢᠷ ᠨᠢ ᠬᠤᠯᠪᠣᠭᠳᠠᠯ ᠪᠦᠭᠦᠢ ᠰᠠᠯᠠᠭ᠎ᠠ ᠮᠦᠴᠢᠷ ᠲᠠᠢ ᠲᠦᠯᠣᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠨ | ᠶᠡᠭᠡ ᠦᠭᠡᠷᠡᠴᠢᠯᠡᠯᠳᠠ᠂ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠪᠣᠯᠣᠨ ᠵᠠᠷᠣᠯᠭ᠎ᠠ ᠶᠢᠨ ᠲᠦᠷᠣᠯ ᠵᠦᠢᠯ ᠢ | ᠵᠣᠬᠢᠴᠠᠭᠤᠯᠵᠣ ᠡᠮᠬᠢᠯᠡᠵᠣ᠂ ᠲᠦᠷᠣ ᠶᠢᠨ ᠪᠣᠳᠣᠯᠭ᠎ᠠ ᠶᠢᠨ ᠬᠠᠷᠠᠯᠳᠠ ᠪᠠᠨ ᠲᠣᠳᠣᠷᠬᠠᠶᠢᠯᠠᠵᠣ᠂ ᠣᠨ ᠬᠤᠪᠢᠶᠠᠭᠰᠠᠨ | ᠠᠵᠢᠯ ᠤᠨ ᠡᠭᠦᠷᠭᠡ ᠪᠠ ᠴᠠᠭ ᠤᠨ ᠵᠠᠩᠬᠢᠯᠠᠭ᠎ᠠ ᠶᠢᠨ ᠴᠢᠬ ᠢ ᠵᠢᠭᠰᠠᠭᠠᠨ ᠵᠤᠷᠪᠤᠰᠯᠠᠵᠤ᠂ ᠪᠡᠯᠨ ᠮᠦᠩᠭᠦ ᠭᠡᠷᠩᠯᠡᠭᠦ | ᠡᠳᠡᠭᠡᠣᠨ᠂ ᠪᠠᠳᠣᠯᠭ᠎ᠠ ᠶᠢᠨ ᠪᠠᠷᠢᠮᠵᠢᠶ᠎ᠠ᠂ ᠠᠵᠢᠯᠯᠠᠭᠠᠨ ᠤ ᠴᠣᠪᠣᠷᠠᠯ ᠢᠶᠠᠨ ᠲᠣᠳᠣᠷᠬᠠᠶᠢᠯᠠᠵᠣ᠂ ᠲᠦᠰᠣᠪ ᠤᠨ | ᠠᠮᠵᠢᠯᠳᠠ ᠪᠦᠳᠣᠮᠵᠢ ᠶᠢ ᠦᠨᠡᠯᠡᠭᠦ ᠲᠣᠭᠳᠠᠴᠨ ᠶᠢ ᠪᠠᠶᠢᠭᠤᠯᠬᠤ ᠶᠢᠨ ᠬᠠᠮᠳᠣ᠂ ᠳ᠋ᠦᠩᠨᠡᠨ ᠰᠢᠯᠵᠢᠭᠦᠯᠣᠭ᠍ᠰᠡᠨ | ᠦᠯᠡᠳᠡᠪᠣᠷᠢ ᠪᠡᠯᠨ ᠮᠦᠩᠭᠦ ᠶᠢ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠦ᠂ ᠦᠯᠡᠳᠡᠭᠡᠵᠣ ᠬᠤᠴᠣᠷᠣᠬᠤ ᠪᠡᠯᠨ | ᠮᠦᠩᠭᠦ ᠶᠢᠨ ᠰᠢᠨ᠎ᠠ ᠪᠠᠷ ᠨᠡᠮᠡᠭᠳᠡᠭᠦ ᠶᠢ ᠪᠠᠭᠠᠰᠬᠠᠨ᠎ᠠ᠃ ᠭᠤᠷᠪᠠ ᠳᠤ᠂ ᠵᠠᠰᠠᠭ ᠤᠨ ᠣᠷᠳᠣᠨ ᠤ ᠦᠷᠢ ᠦᠭᠴᠡᠭᠡ ᠶᠢ | ᠬᠠᠮᠢᠶᠠᠷᠬᠤ ᠳᠠᠯ᠎ᠠ ᠪᠠᠷ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠪᠠ | ᠵᠠᠰᠠᠭ ᠤᠨ ᠣᠷᠳᠣᠨ ᠤ ᠦᠷᠢ ᠦᠭᠴᠡᠭᠡᠨ ᠤ ᠠᠶᠣᠯ ᠲᠦᠭᠰᠢᠭᠦᠷᠢ ᠶᠢ ᠣᠷᠢᠣᠡᠴᠢᠯᠡᠨ ᠲᠦᠰᠣᠭᠡᠯᠡᠭᠰᠡᠨ | ᠪᠠᠶᠢᠳᠠᠯ ᠢᠶᠠᠨ ᠦᠨᠳᠣᠰᠣᠯᠡᠵᠣ᠂ ᠡᠳ᠋ ᠤᠨ ᠵᠠᠰᠠᠭ ᠤᠨ ᠣᠯᠠᠭᠠᠨ ᠲᠣᠭᠠᠨ ᠤ ᠭᠦᠷᠢᠶ᠎ᠡ ᠭᠡᠪᠴᠢᠶ᠎ᠡ᠂ ᠵᠠᠰᠠᠭ ᠤᠨ | ᠣᠷᠳᠣᠨ ᠤ ᠦᠷᠢ ᠦᠭᠴᠡᠭᠡᠨ ᠤ ᠬᠢᠵᠠᠭᠠᠷ ᠲᠤᠭ᠎ᠠ ᠵᠡᠷᠭᠡ ᠠᠶᠣᠯ ᠲᠦᠭᠰᠢᠭᠦᠷᠢ ᠶᠢ ᠡᠵᠡᠮᠳᠠᠭᠦ ᠬᠠᠷᠠᠯᠳᠠ ᠪᠠᠨ | ᠵᠣᠬᠢᠰᠳᠠᠢ ᠲᠣᠭᠳᠠᠭᠠᠵᠣ᠂ ᠦᠷᠢ ᠦᠭᠴᠡᠭᠡᠨ ᠤ ᠬᠤᠪᠢᠶᠠᠷᠢᠯᠠᠯᠳᠠ ᠶᠢ ᠲᠦᠰᠣᠪ ᠤᠨ ᠬᠠᠮᠢᠶᠠᠷᠣᠯᠳᠠ ᠳᠤ | ᠣᠷᠣᠭᠤᠯᠬᠤ ᠶᠢᠨ ᠬᠠᠮᠳᠣ᠂ ᠦᠷᠢ ᠦᠭᠴᠡᠭᠡᠨ ᠤ ᠠᠶᠣᠯ ᠲᠦᠭᠰᠢᠭᠦᠷᠢ ᠶᠢ ᠣᠷᠢᠣᠡᠴᠢᠯᠡᠨ ᠰᠡᠷᠠᠮᠵᠢᠯᠡᠭᠦᠯᠭᠦ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠣᠡᠪᠣᠷᠢᠯᠡᠭᠦ ᠲᠣᠭᠳᠠᠴᠨ ᠶᠢ ᠪᠠᠶᠢᠭᠤᠯᠣᠨ᠎ᠠ᠃ | ︵ᠲᠦᠷᠪᠠ︶ ᠦᠭᠡᠷᠡᠴᠢᠯᠡᠯᠳᠠ ᠬᠢᠭᠰᠡᠨ ᠤ ᠳᠠᠷᠠᠭᠠᠬᠢ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ | ᠪᠠᠶᠢᠳᠠᠯ ᠢ ᠲᠦᠰᠣᠭᠡᠯᠡᠨᠠ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠲᠦᠷᠣ ᠶᠢᠨ ᠪᠣᠳᠣᠯᠭ᠎ᠠ ᠶᠢᠨ | ᠦᠭᠡᠷᠡᠴᠢᠯᠡᠯᠳᠠ ᠶᠢᠨ ᠲᠦᠰᠣᠯ ᠢ ᠦᠨᠳᠣᠰᠣᠯᠡᠵᠣ᠂ ᠢᠷᠡᠭᠦ ᠭᠤᠷᠪᠠᠨ ᠵᠢᠯ ᠳᠠᠬᠢ ᠡᠳ᠋ ᠤᠨ ᠵᠠᠰᠠᠭ ᠤᠨ ᠣᠷᠣᠯᠭ᠎ᠠ | ᠵᠠᠷᠣᠯᠭ᠎ᠠ ᠶᠢᠨ ᠪᠠᠶᠢᠳᠠᠯ ᠢ ᠲᠦᠰᠣᠭᠡᠯᠡᠨ ᠪᠣᠳᠣᠬᠤ ᠶᠢᠨ ᠬᠠᠮᠳᠣ᠂ ᠶᠠᠷᠣᠩᠬᠡᠶᠢᠯᠡᠨ ᠳᠡᠩᠴᠡᠭᠦᠷᠢᠰᠢᠭᠦᠯᠣᠨᠠ᠃ | ᠭᠤᠣᠯᠳᠠᠭᠤ᠄ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠶᠢᠨ ᠶᠠᠷᠣᠩᠭᠡᠢ ᠭᠡᠮᠵᠢᠶ᠎ᠠ ᠶᠢ ᠵᠢᠱᠢᠭᠦ ᠬᠠᠷᠠᠯᠳᠠ ᠪᠠ | ᠡᠳ᠋ ᠤᠨ ᠵᠠᠰᠠᠭ ᠤᠨ ᠵᠠᠷᠣᠯᠭ᠎ᠠ ᠶᠢᠨ ᠶᠠᠷᠣᠩᠬᠡᠢ ᠭᠡᠮᠵᠢᠶ᠎ᠠ ᠶᠢ ᠡᠵᠡᠮᠳᠡᠭᠦ ᠬᠠᠷᠠᠯᠳᠠ︔ ᠬᠤᠶᠠᠷ ᠲᠤ ᠣᠷᠣᠯᠭ᠎ᠠ ᠶᠢᠨ | ᠲᠦᠷᠣᠯ ᠠᠩᠬᠢᠯᠡᠯ ᠪᠠ ᠳᠠᠳᠠᠪᠣᠷᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠨᠢ ᠣᠷᠣᠯᠭ᠎ᠠ ᠶᠢᠨ ᠵᠢᠱᠢᠭᠰᠡᠨ | ᠬᠠᠷᠠᠯᠳᠠ ᠶᠢ ᠲᠦᠰᠣᠭᠡᠯᠡᠨ ᠪᠣᠳᠣᠬᠤ︔ ᠭᠤᠷᠪᠠ ᠳᠤ ᠰᠠᠯᠠᠭ᠎ᠠ ᠮᠦᠴᠢᠷ ᠪᠣᠶᠣ ᠲᠦᠷᠣᠯ ᠵᠦᠢᠯ ᠢᠶᠠᠷ ᠨᠢ | ᠵᠠᠷᠣᠯᠭ᠎ᠠ ᠶᠢᠨ ᠬᠢᠵᠠᠭᠠᠷ ᠲᠤᠭ᠎ᠠ ᠶᠢ ᠲᠣᠰ ᠲᠣᠰ ᠲᠣᠭᠳᠠᠭᠠᠬᠤ︔ ᠲᠦᠷᠪᠡ ᠳᠤ ᠣᠯᠠᠭᠠᠨ ᠲᠤᠭ᠎ᠠ ᠪᠣᠶᠣ ᠦᠷᠢ | ᠦᠭᠴᠡᠭᠡᠨ ᠤ ᠦᠯᠡᠳᠡᠪᠣᠷᠢ ᠲᠤᠭ᠎ᠠ ᠶᠢ ᠡᠵᠡᠮᠳᠡᠭᠦ ᠬᠠᠷᠠᠯᠳᠠ ᠪᠣᠶᠣ ᠰᠡᠷᠡᠮᠵᠢᠯᠡᠭᠦᠯᠭᠦ ᠱᠣᠭᠤᠮ ᠢ ᠲᠣᠭᠳᠠᠭᠠᠬᠤ | ᠪᠠᠭᠳᠠᠨ᠎ᠠ᠃ | ᠲᠦᠷᠪᠠ᠂ ᠨᠠᠶᠢᠷᠠᠭᠤᠯᠣᠨ ᠲᠣᠭᠳᠠᠭᠠᠬᠤ ᠭᠤᠣᠯ ᠴᠣᠭᠴᠨ ᠪᠠ ᠠᠯᠬᠤᠮ ᠳᠠᠷᠠᠭᠠᠯᠠᠯ | 2015 ᠣᠨ ᠠᠴᠠ ᠡᠬᠢᠯᠡᠵᠣ᠂ ᠪᠦᠭᠦ ᠣᠯᠣᠰ ᠤᠨ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ | ᠲᠦᠯᠣᠪᠵᠢᠭᠦᠯᠭᠡ ᠪᠠᠷ ᠵᠢᠯᠣᠭᠤᠳᠣᠯᠭ᠎ᠠ ᠪᠣᠯᠭᠠᠵᠣ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠲᠦᠷᠣᠭᠦᠯᠡᠨ ᠦᠪᠡᠷᠳᠡᠭᠡᠨ ᠵᠠᠰᠠᠬᠤ ᠣᠷᠣᠨ ᠤ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ | ᠲᠦᠯᠣᠪᠵᠢᠭᠦᠯᠭᠡ ᠶᠢ ᠨᠠᠶᠢᠷᠠᠭᠤᠯᠵᠣ ᠲᠣᠭᠳᠠᠭᠠᠨ᠎ᠠ᠃ ᠦᠪᠡᠷᠳᠡᠭᠡᠨ ᠵᠠᠰᠠᠬᠤ ᠣᠷᠣᠨ ᠤ ᠣᠷᠳᠣᠪᠳᠣᠷ | ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠨᠢ ᠦᠪᠡᠷᠳᠡᠭᠡᠨ ᠵᠠᠰᠠᠬᠤ ᠣᠷᠣᠨ ᠤ ᠲᠣᠰ ᠱᠠᠳᠣᠨ ᠤ | ᠤᠨ ᠤ ᠲᠦᠰᠣᠪ ᠲᠤ ᠬᠢᠵᠠᠭᠠᠷᠯᠠᠬᠤ ᠦᠢᠯᠡᠳᠣᠯ ᠲᠠᠢ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠣᠭᠤᠷᠢᠭ︶ ᠤ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠪᠠ ᠣᠨ ᠤ ᠲᠦᠰᠣᠪ ᠲᠤ | ᠵᠢᠯᠣᠭᠤᠣᠠᠬᠤ ᠦᠢᠯᠡᠳᠣᠯ ᠲᠠᠢ᠃ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠳᠠᠷᠠᠭ᠎ᠠ | ᠨᠢᠭᠡ ᠵᠢᠯ ᠤᠨ ᠲᠦᠰᠣᠪ ᠢᠶᠠᠨ ᠨᠠᠶᠢᠷᠠᠭᠤᠯᠵᠣ ᠲᠣᠭᠳᠠᠭᠠᠬᠤ ᠠᠵᠢᠯ ᠢ ᠡᠬᠢᠯᠡᠭᠦᠯᠭᠦ ᠠᠴᠠ ᠡᠮᠣᠨ᠎ᠠ᠂ ᠦᠪᠡᠷᠳᠡᠭᠡᠨ | ᠵᠠᠰᠠᠬᠤ ᠣᠷᠣᠨ ᠤ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠡᠬᠡ ᠨᠣᠣᠷᠠᠭ ᠢ | ᠣᠷᠢᠣᠡᠴᠢᠯᠠᠵᠣ ᠨᠠᠶᠢᠷᠠᠭᠤᠯᠣᠨ ᠲᠣᠭᠳᠠᠭᠠᠨ᠎ᠠ᠂ ᠡᠭᠡ ᠨᠣᠣᠷᠠᠭ ᠲᠤ ᠬᠤᠯᠪᠣᠭᠳᠠᠯ ᠪᠦᠭᠦᠢ ᠰᠠᠯᠠᠭ᠎ᠠ ᠮᠦᠴᠢᠷ ᠪᠠ | ᠬᠠᠮᠢᠶ᠎ᠠ ᠪᠦᠭᠦᠢ ᠳᠠᠯ᠎ᠠ ᠶᠢᠨ ᠬᠢᠨ ᠤ ᠰᠠᠨᠠᠯ ᠢ ᠬᠤᠷᠢᠶᠠᠵᠣ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ | ᠵᠠᠰᠠᠭ ᠤᠨ ᠣᠷᠳᠣᠨ ᠳᠤ ᠮᠡᠳᠡᠭᠦᠯᠵᠣ ᠵᠦᠪᠰᠢᠶᠡᠷᠡᠭᠦᠯᠣᠭ᠍ᠰᠡᠨ ᠤ ᠳᠠᠷᠠᠭ᠎ᠠ ᠭᠡᠷᠩᠵᠢᠭᠦᠯᠣᠨᠠ᠃ | ᠦᠪᠡᠷᠳᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠨᠢ ᠣᠯᠣᠰ ᠠᠷᠠᠣᠨ ᠤᠨ ᠠᠵᠣ ᠠᠬᠤᠢ ᠪᠠ | ᠨᠠᠶᠢᠭᠡᠮ ᠤᠨ ᠭᠦᠭᠵᠢᠯᠳᠠ ᠶᠢᠨ ᠳᠠᠪᠣᠨ ᠵᠢᠯ ᠤᠨ ᠲᠦᠯᠣᠪᠵᠢᠭᠦᠯᠭᠡ ᠶᠢᠨ ᠲᠣᠪᠴᠢ ᠵᠢᠴᠢ ᠬᠤᠯᠪᠣᠭᠳᠠᠯ ᠪᠦᠭᠦᠢ | ᠲᠣᠰᠬᠠᠢ ᠵᠦᠢᠯ ᠤᠨ ᠲᠦᠯᠣᠪᠵᠢᠭᠦᠯᠭᠡ᠂ ᠣᠷᠣᠨ ᠪᠦᠰᠨ ᠶᠢᠨ ᠲᠦᠯᠣᠪᠵᠢᠭᠦᠯᠭᠡ ᠶᠢ ᠭᠡᠷᠩᠵᠢᠭᠦᠯᠭᠦ ᠲᠠᠢ | ᠣᠶᠠᠯᠳᠣᠭᠤᠯᠵᠣ᠂ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯᠳᠠ ᠶᠣᠰᠣᠭᠠᠷ᠂ | ᠢᠷᠡᠭᠦ ᠭᠤᠷᠪᠠᠨ ᠵᠢᠯ ᠳᠠᠬᠢ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠲᠠᠢ ᠬᠤᠯᠪᠣᠭᠳᠠᠭᠰᠠᠨ ᠴᠢᠬᠤᠯᠨ ᠶᠡᠭᠡ | ᠦᠭᠡᠷᠡᠴᠢᠯᠡᠯᠳᠠ ᠪᠣᠯᠣᠨ ᠲᠦᠷᠣ ᠶᠢᠨ ᠪᠣᠳᠣᠯᠭ᠎ᠠ ᠶᠢᠨ ᠵᠦᠢᠯᠡᠰ ᠢ ᠰᠣᠳᠣᠯᠬᠤ ᠶᠢᠨ ᠬᠠᠮᠳᠣ᠂ ᠣᠷᠣᠯᠭ᠎ᠠ | ᠵᠠᠷᠣᠯᠭ᠎ᠠ ᠶᠢᠨ ᠲᠤᠭ᠎ᠠ ᠶᠢ ᠲᠦᠰᠣᠭᠡᠯᠡᠨ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ | ᠴᠠᠭ ᠲᠣᠬᠠᠢ ᠳᠤᠨᠢ ᠮᠡᠳᠡᠭᠦᠯᠵᠣ ᠳ᠋ᠦᠩᠨᠡᠨ ᠳᠡᠩᠴᠡᠭᠦᠷᠢᠰᠢᠭᠦᠯᠣᠨᠠ᠃ ᠡᠭᠦᠨ ᠤ ᠲᠠᠭᠠᠤ ᠳᠤ᠂ ᠦᠪᠡᠷᠳᠡᠭᠡᠨ ᠵᠠᠰᠠᠬᠤ | ᠣᠷᠣᠨ ᠤ ᠡᠯ᠎ᠡ ᠰᠠᠯᠠᠭ᠎ᠠ ᠮᠦᠴᠢᠷ ᠨᠢ ᠪᠡᠰᠨ ᠭᠤᠷᠪᠠᠨ ᠵᠢᠯ ᠤᠨ ᠦᠷᠭᠦᠯᠵᠢᠯᠡᠭᠰᠡᠨ ᠡᠳ᠋ ᠤᠨ ᠵᠠᠰᠠᠭ ᠤᠨ | ᠲᠦᠯᠣᠪᠵᠢᠭᠦᠯᠭᠡ ᠶᠢ ᠨᠠᠶᠢᠷᠠᠭᠤᠯᠵᠣ ᠲᠣᠭᠳᠠᠭᠠᠨ᠂ ᠰᠠᠯᠠᠭ᠎ᠠ ᠮᠦᠴᠢᠷ ᠤᠨ ᠲᠦᠰᠣᠪ ᠤᠨ ᠬᠠᠮᠢᠶᠠᠷᠣᠯᠳᠠ ᠶᠢᠨ | ᠬᠠᠮᠢᠶ᠎ᠠ ᠪᠦᠭᠦᠢ ᠲᠣᠭᠳᠠᠭᠠᠯ ᠶᠣᠰᠣᠭᠠᠷ ᠭᠡᠷᠩᠵᠢᠭᠦᠯᠣᠨᠠ᠃ | 2015 ᠣᠨ ᠳᠤ᠂ ᠡᠯ᠎ᠡ ᠠᠶᠢᠮᠠᠭ ᠬᠤᠳᠠ ᠶᠢᠨ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠦᠪ ᠪᠣᠯᠣᠨ | ᠦᠪᠡᠷᠳᠡᠭᠡᠨ ᠵᠠᠰᠠᠬᠤ ᠣᠷᠣᠨ ᠤ ᠬᠢᠳᠠᠯ ᠢ ᠯᠡᠪᠯᠡᠯᠳᠠ ᠪᠣᠯᠭᠠᠵᠣ᠂ ᠣᠷᠣᠨ ᠨᠣᠳᠤᠭ ᠤᠨ ᠣᠷᠳᠣᠪᠳᠣᠷ | ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠲᠣᠷᠰᠢᠨ ᠨᠠᠶᠢᠷᠠᠭᠤᠯᠬᠤ ᠭᠡᠷᠩᠳᠠᠢ᠃ 2016 | ᠣᠨ ᠠᠴᠠ ᠡᠬᠢᠯᠡᠵᠣ᠂ ᠡᠯ᠎ᠡ ᠠᠶᠢᠮᠠᠭ ᠬᠤᠳᠠ ᠶᠢᠨ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠣᠬᠠᠢ ᠶᠢᠨ | ᠭᠠᠵᠡᠷ ᠤᠨ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠵᠢᠩᠬᠢᠨᠢ ᠪᠠᠷ ᠨᠠᠶᠢᠷᠠᠭᠤᠯᠣᠨ | ᠲᠣᠭᠳᠠᠭᠠᠵᠣ᠂ ᠲᠣᠰ ᠱᠠᠳᠣᠨ ᠤ ᠠᠷᠠᠣᠨ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠣᠭ᠍ᠰᠡᠨ ᠤ ᠳᠠᠷᠠᠭ᠎ᠠ᠂ | ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠣ ᠳᠠᠩᠰᠠᠯᠠᠭᠤᠯᠬᠤ ᠭᠡᠷᠩᠳᠠᠢ᠃ | ᠠᠶᠢᠮᠠᠭ ᠬᠤᠳᠠ ᠶᠢᠨ ᠱᠠᠳᠣᠨ ᠤ ᠡᠯ᠎ᠡ ᠰᠠᠯᠠᠭ᠎ᠠ ᠮᠦᠴᠢᠷ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠬᠠᠮᠢᠶ᠎ᠠ ᠪᠦᠭᠦᠢ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠦᠴᠢᠷ ᠤᠨ | ᠭᠤᠷᠪᠡᠨ ᠵᠢᠯ ᠤᠨ ᠦᠷᠭᠦᠯᠵᠢᠯᠡᠭᠰᠡᠨ ᠡᠳ᠋ ᠤᠨ ᠵᠠᠰᠠᠭ ᠤᠨ ᠲᠦᠯᠣᠪᠵᠢᠭᠦᠯᠭᠡ ᠪᠠ ᠲᠣᠬᠠᠢ ᠶᠢᠨ ᠭᠠᠵᠡᠷ ᠤᠨ | ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠲᠣᠰ ᠲᠣᠰ ᠨᠠᠶᠢᠷᠠᠭᠤᠯᠵᠣ ᠲᠣᠭᠳᠠᠭᠠᠨ᠂ | ᠬᠤᠯᠪᠣᠭᠳᠠᠯ ᠪᠦᠭᠦᠢ ᠠᠵᠢᠯ ᠢᠶᠠᠨ ᠦᠷᠨᠢᠭᠦᠯᠭᠦ ᠭᠡᠷᠩᠳᠠᠢ᠃ | ᠳᠠᠪᠤ᠂ ᠵᠣᠬᠢᠶᠠᠨ ᠪᠠᠶᠢᠭᠤᠯᠵᠣ ᠭᠡᠷᠩᠵᠢᠭᠦᠯᠣᠨᠠ | ︵ᠨᠢᠭᠡ︶ ᠳᠡᠭᠡᠳᠣ ᠭᠡᠮᠵᠢᠶ᠎ᠡ ᠪᠠᠷ ᠴᠢᠬᠤᠯᠠᠴᠢᠯᠠᠵᠣ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ | ᠴᠢᠩᠭᠠᠣᠠᠬᠠᠨ᠎ᠠ᠃ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠨᠠᠶᠢᠷᠠᠭᠤᠯᠵᠣ | ᠲᠣᠭᠳᠠᠭᠠᠬᠤ ᠪᠣᠯ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ ᠴᠢᠬᠤᠯᠨ ᠠᠷᠭ᠎ᠠ ᠭᠡᠮᠵᠢᠶ᠎ᠠ ᠪᠣᠯᠣᠨ᠎ᠠ᠂ ᠦᠪᠡᠷᠳᠡᠭᠡᠨ ᠵᠠᠰᠠᠬᠤ | ᠣᠷᠣᠨ ᠤ ᠲᠣᠰ ᠱᠠᠳᠣᠨ ᠤ ᠡᠯ᠎ᠡ ᠰᠠᠯᠠᠭ᠎ᠠ ᠮᠦᠴᠢᠷ ᠨᠢ ᠠᠵᠢᠯ ᠢᠶᠠᠨ ᠬᠤᠪᠢᠶᠠᠨ ᠬᠠᠮᠵᠢᠯᠴᠠᠬᠤ ᠲᠣᠭᠳᠠᠴᠨ ᠶᠢ | ᠪᠠᠶᠢᠭᠤᠯᠵᠣ᠂ ᠬᠤᠯᠪᠣᠭᠳᠠᠯ ᠪᠦᠭᠦᠢ ᠠᠵᠢᠯ ᠲᠦᠷᠣᠯ᠂ ᠭᠦᠷᠢᠶᠠᠨ ᠴᠠᠷᠠᠭ᠎ᠠ ᠳᠠᠬᠢ ᠴᠢᠬᠤᠯᠨ ᠶᠡᠭᠡ ᠦᠭᠡᠷᠡᠴᠢᠯᠡᠯᠳᠠ | ᠪᠠ ᠲᠦᠷᠣ ᠶᠢᠨ ᠪᠣᠳᠣᠯᠭ᠎ᠠ ᠶᠢᠨ ᠠᠷᠭ᠎ᠠ ᠭᠡᠮᠵᠢᠶ᠎ᠠ ᠶᠢ ᠱᠠᠯᠠᠪᠳᠠᠨ ᠰᠣᠳᠣᠯᠵᠣ᠂ ᠡᠳ᠋ ᠤᠨ ᠵᠠᠰᠠᠭ ᠤᠨ ᠰᠠᠯᠠᠭ᠎ᠠ | ᠮᠦᠴᠢᠷ ᠲᠠᠢ ᠬᠠᠪᠰᠣᠷᠣᠯᠴᠠᠵᠣ ᠬᠠᠮᠢᠶ᠎ᠠ ᠪᠦᠭᠦᠢ ᠠᠵᠢᠯ ᠢ ᠢᠳᠡᠪᠬᠢᠳᠠᠢ ᠪᠠᠷ ᠰᠠᠶᠢᠳᠣᠷ ᠬᠢᠵᠣ᠂ ᠨᠠᠶᠢᠯᠡᠮᠡᠯ | ᠭᠦᠴᠣᠨ ᠢ ᠪᠦᠷᠢᠯᠳᠣᠭᠦᠯᠵᠣ᠂ ᠦᠪᠡᠷᠳᠡᠭᠡᠨ ᠵᠠᠰᠠᠬᠤ ᠣᠷᠣᠨ ᠤ ᠣᠷᠳᠣᠪᠳᠣᠷ ᠬᠤᠭᠤᠴᠠᠭᠠᠨ ᠤ ᠡᠳ᠋ ᠤᠨ | ᠵᠠᠰᠠᠭ ᠤᠨ ᠲᠦᠯᠣᠪᠵᠢᠭᠦᠯᠭᠡ ᠶᠢᠨ ᠨᠠᠶᠢᠷᠠᠭᠤᠯᠬᠤ ᠠᠵᠢᠯ ᠢ ᠴᠢᠨᠠᠷ ᠰᠠᠶᠢᠳᠠᠢ᠂ ᠦᠨᠳᠣᠷ ᠬᠢᠷᠢ ᠲᠦᠪᠰᠢᠨ ᠲᠠᠢ | ᠪᠡᠶᠡᠯᠡᠭᠦᠯᠭᠦ ᠪᠠᠨ ᠪᠠᠳᠣᠯᠠᠬᠤ ᠭᠡᠷᠩᠳᠠᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠭᠠᠵᠡᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠣ᠂ ᠢᠳᠡᠪᠬᠢᠳᠠᠢ | ᠪᠦᠭᠡᠣᠨ ᠵᠣᠷᠢᠭᠳᠠᠢ ᠪᠠᠷ ᠣᠷᠢᠳᠠᠪᠡᠷ ᠬᠢᠵᠣ ᠣᠷᠢᠳᠠᠪᠠᠷ ᠲᠣᠷᠰᠢᠨ᠂ ᠠᠵᠢᠯ ᠤᠨ ᠠᠷᠭ᠎ᠠ ᠭᠡᠮᠵᠢᠶ᠎ᠠ ᠪᠠᠨ | ᠨᠠᠷᠢᠯᠢᠬᠵᠢᠭᠤᠯᠣᠨ᠂ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠪᠣᠳᠠᠳᠠᠢ ᠠᠷᠭ᠎ᠠ | ᠭᠡᠮᠵᠢᠶ᠎ᠠ ᠶᠢ ᠲᠣᠭᠳᠠᠭᠠᠵᠣ ᠨᠠᠶᠢᠷᠠᠭᠤᠯᠬᠤ ᠭᠡᠷᠩᠳᠠᠢ᠃ | ︵ᠬᠤᠶᠠᠷ︶ ᠲᠣᠭᠳᠠᠴᠨ ᠪᠠᠨ ᠪᠠᠶᠢᠭᠤᠯᠵᠣ᠂ ᠨᠡᠪᠳᠡᠷᠡᠯᠴᠠᠨ ᠵᠣᠬᠢᠴᠠᠭᠤᠯᠬᠤ ᠶᠢ ᠠᠩᠬᠠᠷᠴᠤ ᠴᠢᠬᠤᠯᠠᠴᠢᠯᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠰᠠᠨᠠᠭᠠᠴᠢᠯᠠᠭ᠎ᠠ ᠠᠴᠠ ᠪᠠᠨ ᠪᠣᠰᠣᠣᠨ ᠰᠠᠯᠠᠭ᠎ᠠ ᠮᠦᠴᠢᠷ ᠲᠠᠢ | ᠨᠡᠪᠳᠡᠷᠡᠯᠴᠠᠨ ᠵᠣᠬᠢᠴᠠᠯᠳᠣᠬᠤ ᠪᠠᠨ ᠴᠢᠩᠭᠠᠣᠠᠬᠠᠵᠣ᠂ ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ | ᠲᠦᠯᠣᠪᠵᠢᠭᠦᠯᠭᠡ ᠬᠢᠭᠡᠣᠨ ᠣᠯᠣᠰ ᠠᠷᠠᠣᠨ ᠤᠨ ᠠᠵᠣ ᠠᠬᠤᠢ ᠪᠠ ᠨᠠᠶᠢᠭᠡᠮ ᠤᠨ ᠭᠦᠭᠵᠢᠯᠳᠠ ᠶᠢᠨ | ᠲᠦᠯᠣᠪᠵᠢᠭᠦᠯᠭᠡ ᠵᠢᠴᠢ ᠬᠤᠯᠪᠣᠭᠳᠠᠯ ᠪᠦᠭᠦᠢ ᠲᠣᠰᠬᠠᠢ ᠲᠦᠷᠣᠯ ᠤᠨ ᠲᠦᠯᠣᠪᠵᠢᠭᠦᠯᠭᠡ᠂ ᠣᠷᠣᠨ ᠪᠦᠰᠨ ᠶᠢᠨ | ᠲᠦᠯᠣᠪᠵᠢᠭᠦᠯᠭᠡ ᠶᠢᠨ ᠵᠣᠯᠭᠠᠯᠳᠣᠭᠤᠯᠬᠤ ᠠᠵᠢᠯ ᠢ ᠰᠠᠶᠢᠳᠣᠷ ᠬᠢᠭᠦ ᠭᠡᠷᠩᠳᠠᠢ᠃ ᠡᠯ᠎ᠡ ᠰᠠᠯᠠᠭ᠎ᠠ ᠮᠦᠴᠢᠷ ᠨᠢ | ᠣᠷᠳᠣᠪᠳᠣᠷ ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢᠨ ᠦᠵᠡᠯᠳᠠ ᠶᠢ ᠪᠣᠢ ᠪᠣᠯᠭᠠᠨ᠂ | ᠲᠣᠭᠤᠷᠪᠢᠨ ᠨᠠᠶᠢᠳᠡᠯᠡᠭᠦ ᠪᠠᠷ ᠪᠠᠶᠢᠭ᠎ᠠ ᠵᠠᠷᠣᠯᠭ᠎ᠠ ᠶᠢ ᠨᠡᠮᠡᠭᠳᠡᠭᠦᠯᠭᠦ ᠵᠦᠢᠯᠡᠰ ᠢᠶᠠᠨ ᠵᠠᠪᠡᠯ ᠣᠷᠳᠣᠪᠳᠣᠷ | ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠲᠠᠢ ᠬᠠᠷᠢᠯᠴᠠᠨ ᠵᠣᠯᠭᠠᠯᠳᠣᠭᠤᠯᠬᠤ ᠭᠡᠷᠩᠳᠠᠢ᠂ | ᠦᠷᠭᠦᠯᠵᠢᠯᠡᠯᠳᠣ ᠴᠢᠨᠠᠷᠳᠠᠢ ᠲᠦᠷᠣ ᠶᠢᠨ ᠪᠣᠳᠣᠯᠭ᠎ᠠ ᠶᠢ ᠲᠣᠭᠳᠠᠭᠠᠬᠤ ᠳᠠᠭᠠᠨ ᠣᠯᠠᠨ ᠣᠨ ᠵᠢᠯ ᠢ ᠨᠢᠭᠡᠳᠣᠯᠳᠠᠢ | ᠲᠦᠯᠣᠪᠯᠡᠨ ᠪᠣᠳᠣᠯᠬᠢᠯᠡᠠᠭᠰᠠᠨ ᠪᠠᠶᠢᠬᠤ ᠭᠡᠷᠩᠳᠠᠢ᠂ ᠦᠷᠭᠦᠯᠵᠢᠯᠡᠭᠦ ᠭᠦᠭᠵᠢᠯᠳᠠ ᠶᠢ ᠨᠢᠭᠡ ᠵᠢᠯ ᠳᠤ ᠨᠢᠭᠡ ᠣᠳᠠᠭ᠎ᠠ | ᠲᠣᠭᠳᠠᠭᠠᠵᠣ ᠪᠣᠯᠬᠤ ᠦᠭᠡᠢ᠃ ᠳᠠᠷᠢᠶᠠᠯᠠᠩ ᠮᠠᠯ ᠠᠵᠣ ᠠᠬᠤᠢ ᠶᠢᠨ ᠭᠦᠭᠵᠢᠯᠳᠠ᠂ ᠰᠣᠷᠭᠠᠨ ᠭᠦᠮᠣᠵᠢᠯ ᠰᠢᠨᠵᠢᠯᠡᠭᠦ | ᠣᠬᠠᠭᠠᠨ᠂ ᠨᠠᠶᠢᠭᠡᠮ ᠤᠨ ᠪᠠᠳᠣᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠴᠢᠬᠤᠯᠨ ᠶᠡᠭᠡ ᠵᠦᠢᠯᠡᠰ ᠲᠤ᠂ ᠡᠯ᠎ᠡ | ᠰᠠᠯᠠᠭ᠎ᠠ ᠮᠦᠴᠢᠷ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠬᠠᠮᠳᠣᠷᠠᠵᠣ ᠣᠷᠳᠣᠪᠳᠣᠷ ᠪᠠ ᠣᠷᠳᠣ | ᠬᠤᠭᠤᠴᠠᠭᠠᠨ ᠤ ᠴᠢᠬᠤᠯᠨ ᠶᠡᠭᠡ ᠵᠦᠢᠯᠡᠰ ᠤᠨ ᠰᠢᠨᠵᠢᠯᠡᠭᠦ ᠣᠬᠠᠭᠠᠨᠴᠢ ᠨᠣᠳᠠᠯᠠᠯᠳᠠ ᠭᠢᠭᠦ ᠲᠣᠭᠳᠠᠴᠨ ᠶᠢ | ᠪᠠᠶᠢᠭᠤᠯᠬᠤ ᠭᠡᠷᠩᠳᠠᠢ᠃ | ︵ᠭᠤᠷᠪᠠ︶ ᠰᠠᠭᠤᠷᠢ ᠪᠠᠨ ᠪᠠᠬᠢᠵᠢᠭᠦᠯᠵᠣ᠂ ᠲᠦᠯᠣᠪᠵᠢᠭᠦᠯᠭᠡ ᠶᠢ ᠨᠠᠶᠢᠷᠠᠭᠤᠯᠵᠣ ᠲᠣᠭᠳᠠᠭᠠᠬᠤ ᠬᠢᠷᠢ | ᠭᠡᠮᠵᠢᠶ᠎ᠠ ᠪᠠᠨ ᠳᠡᠭᠡᠭᠰᠢᠯᠡᠭᠦᠯᠣᠨ᠎ᠠ᠃ ᠡᠯ᠎ᠡ ᠰᠠᠯᠠᠭ᠎ᠠ ᠮᠦᠴᠢᠷ ᠨᠢ ᠲᠣᠰ ᠰᠠᠯᠠᠭ᠎ᠠ ᠮᠦᠴᠢᠷ ᠲᠣᠰ ᠠᠵᠢᠯ | ᠲᠦᠷᠣᠯ ᠤᠨ ᠬᠠᠮᠢᠶ᠎ᠠ ᠪᠦᠭᠦᠢ ᠲᠦᠯᠣᠪᠵᠢᠭᠦᠯᠭᠡ ᠪᠠᠨ ᠰᠠᠶᠢᠳᠣᠷ ᠨᠠᠶᠢᠷᠠᠭᠤᠯᠵᠣ ᠲᠣᠭᠳᠠᠭᠠᠨ᠂ ᠣᠨ ᠤ ᠠᠵᠢᠯ ᠤᠨ | ᠡᠭᠦᠷᠭᠡ ᠪᠠᠨ ᠵᠣᠬᠢᠰᠳᠠᠢ ᠲᠣᠭᠳᠠᠭᠠᠵᠣ᠂ ᠰᠠᠯᠠᠭ᠎ᠠ ᠮᠦᠴᠢᠷ ᠤᠨ ᠰᠠᠭᠤᠷᠢ ᠮᠡᠳᠡᠭᠡ ᠵᠠᠩᠬᠢ ᠪᠠ ᠬᠠᠮᠢᠶ᠎ᠠ ᠪᠦᠭᠦᠢ | ᠰᠠᠯᠠᠭ᠎ᠠ ᠮᠦᠴᠢᠷ ᠤᠨ ᠲᠤᠭ᠎ᠠ ᠪᠠᠷᠢᠮᠳᠠ ᠪᠠᠨ ᠴᠠᠭ ᠲᠣᠬᠠᠢ ᠳᠤᠨᠢ ᠬᠠᠩᠭᠠᠨ ᠦᠭᠴᠣ᠂ ᠣᠷᠳᠣᠪᠳᠣᠷ | ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠨᠠᠶᠢᠷᠠᠭᠤᠯᠵᠣ ᠲᠣᠭᠳᠠᠭᠠᠬᠤ ᠳᠤ ᠰᠠᠶᠢᠨ ᠰᠠᠶᠢᠬᠠᠨ | ᠲᠦᠰᠢᠭ ᠲᠣᠯᠭᠠᠭᠤᠷᠢ ᠶᠢ ᠬᠠᠩᠭᠠᠵᠣ ᠦᠭᠭᠦ ᠭᠡᠷᠩᠳᠠᠢ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠣᠨ ᠤᠨ | ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠣᠨ ᠤᠨ ᠵᠠᠰᠠᠭ ᠤᠨ ᠣᠷᠳᠣᠨ ᠨᠢ | ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠣᠨ᠂ ᠣᠷᠢᠣᠡᠴᠢᠯᠠᠨ ᠠᠷᠭ᠎ᠠ ᠤᠬᠠᠭᠠᠨ ᠰᠦᠪᠡᠭᠴᠢᠯᠡᠵᠣ | ᠂ ᠡᠳ᠋ ᠤᠨ ᠵᠠᠰᠠᠭ ᠪᠠ ᠪᠣᠰᠣᠣᠨ ᠬᠤᠯᠪᠣᠭᠳᠠᠯ ᠪᠦᠭᠦᠢ ᠰᠠᠯᠠᠭ᠎ᠠ ᠮᠦᠴᠢᠷ ᠢ ᠰᠢᠮᠳᠠᠭᠤᠯᠵᠣ ᠣᠷᠳᠣᠪᠳᠣᠷ | ᠬᠤᠭᠤᠴᠠᠭᠠᠨ ᠤ ᠡᠳ᠋ ᠤᠨ ᠵᠠᠰᠠᠭ ᠤᠨ ᠲᠦᠯᠣᠪᠵᠢᠭᠦᠯᠭᠡ ᠶᠢ ᠨᠠᠶᠢᠷᠠᠭᠤᠯᠵᠣ ᠲᠣᠭᠳᠠᠭᠠᠬᠤ ᠰᠠᠭᠤᠷᠢ ᠠᠵᠢᠯ ᠢᠶᠠᠨ | ᠰᠠᠶᠢᠳᠣᠷ ᠬᠢᠭᠦ ᠭᠡᠷᠩᠳᠠᠢ᠃ ᠡᠯ᠎ᠡ ᠱᠠᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠡᠳ᠋ ᠤᠨ ᠵᠠᠰᠠᠭ ᠤᠨ | ᠲᠤᠭ᠎ᠠ ᠪᠠᠷᠢᠮᠳᠠ ᠶᠢᠨ ᠮᠡᠳᠡᠭᠡ ᠵᠠᠩᠬᠢ ᠶᠢᠨ ᠬᠠᠮᠢᠶᠠᠷᠣᠯᠳᠠ᠂ ᠵᠠᠷᠣᠯᠭ᠎ᠠ ᠶᠢᠨ ᠲᠦᠷᠣᠯ ᠵᠦᠢᠯᠡᠰᠵᠢᠭᠰᠡᠨ | ᠬᠠᠮᠢᠶᠠᠷᠣᠯᠳᠠ ᠪᠣᠯᠣᠨ ᠨᠣᠷᠠᠮᠴᠢᠯᠠᠭᠰᠠᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠦᠳᠣᠭᠡᠨ ᠪᠠᠶᠢᠭᠤᠯᠣᠯᠳᠠ ᠶᠢ | ᠴᠢᠩᠭᠠᠣᠠᠬᠠᠵᠣ᠂ ᠲᠦᠯᠣᠪᠵᠢᠭᠦᠯᠭᠡ ᠨᠠᠶᠢᠷᠠᠭᠤᠯᠵᠣ ᠲᠣᠭᠳᠠᠭᠠᠬᠤ ᠳᠤ ᠴᠢᠬᠤᠯᠨ ᠪᠦᠭᠦᠢ ᠠᠵᠢᠯᠳᠠᠨ ᠤ ᠪᠠᠳᠣᠯᠠᠭ᠎ᠠ | ᠪᠠ ᠮᠡᠷᠭᠡᠵᠢᠯ ᠤᠨ ᠳᠡᠮᠵᠢᠯᠭᠡ ᠬᠠᠩᠭᠠᠵᠣ ᠦᠭᠭᠦ ᠭᠡᠷᠩᠳᠠᠢ᠃ | | |