9 ᠳ᠋ᠤᠭᠡᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ | ᠲᠢᠩᠬᠢᠮ ᠤᠨ ᠠᠮᠢᠳᠤᠷᠠᠯ ᠤᠨ ᠴᠢᠬᠤᠯᠠ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠨ ᠰᠢᠯᠭᠠᠬᠤ ᠰᠢᠰᠲ᠋ᠧᠮᠵᠢ ᠶᠢᠨ | ᠲᠤᠭ᠎ᠠ ᠪᠠᠷᠢᠮᠲᠠ ᠶᠢᠨ ᠢᠯᠡᠳᠬᠡᠮᠵᠢ ᠶᠢ ᠦᠨᠳᠦᠰᠦᠯᠡᠪᠡᠯ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ | ᠪᠠᠶᠠᠷ ᠤᠨ ᠡᠳᠦᠷ ᠬᠦᠷᠴᠦ ᠢᠷᠡᠬᠦ ᠦᠶ᠎ᠡ ᠢᠶᠠᠷ᠂ ᠮᠠᠨ ᠤ ᠣᠷᠣᠨ ᠤ ᠠᠮᠢᠳᠤᠷᠠᠯ ᠤᠨ ᠴᠢᠬᠤᠯᠠ ᠬᠡᠷᠡᠭᠰᠡᠯ ᠤᠨ ᠵᠠᠬ᠎ᠠ | ᠳᠡᠯᠭᠡᠭᠦᠷ ᠤᠨ ᠪᠠᠷᠠᠭ᠎ᠠ ᠲᠠᠸᠠᠷ ᠤᠨ ᠬᠠᠩᠭᠠᠯᠭ᠎ᠠ ᠡᠯᠪᠡᠭ ᠳᠡᠯᠪᠡᠭ᠂ ᠠᠷᠠᠯᠵᠢᠶ᠎ᠠ ᠬᠥᠭᠵᠢᠶᠡᠨᠲᠡᠶ᠂ ᠦᠨ᠎ᠡ ᠬᠠᠩᠰᠢ | ᠲᠣᠭᠲᠠᠪᠤᠷᠢ ᠦᠭᠡᠶ ᠰᠢᠤᠬᠠᠨ ᠪᠠᠶᠢᠯ᠎ᠠ ᠬᠡᠳ ᠥᠰᠥᠯᠲᠡ ᠪᠠᠭᠤᠷᠠᠯᠲᠠ ᠶᠢᠨ ᠬᠡᠮᠵᠢᠶ᠎ᠡ ᠨᠢ ᠴᠥᠮ ᠬᠡᠪ ᠤᠨ ᠬᠡᠮᠵᠢᠶᠡᠨ | ᠳᠣᠲᠣᠷ᠎ᠠ ᠪᠠᠶᠢᠪᠠ᠃ ᠣᠳᠣᠬᠠᠨ ᠳᠤ᠂ ᠬᠤᠣᠰ ᠪᠠᠶᠠᠷ ᠤᠨ ᠡᠳᠦᠷ ᠤᠨ ᠠᠮᠤ ᠪᠤᠳᠠᠭ᠎ᠠ ᠢᠳᠡᠰᠢᠨ ᠲᠣᠰᠣ ᠵᠡᠷᠭᠡ | ᠪᠠᠷᠠᠭ᠎ᠠ ᠶᠢ ᠦᠨᠳᠦᠰᠦᠨ ᠳᠡᠭᠡᠨ ᠪᠡᠯᠡᠳᠬᠡᠨ ᠳᠠᠭᠤᠰᠴᠤ᠂ ᠠᠮᠤ ᠪᠤᠳᠠᠭ᠎ᠠ ᠢᠳᠡᠰᠢᠨ ᠲᠣᠰᠣᠨ ᠤ ᠵᠠᠬ᠎ᠠ ᠳᠡᠯᠭᠡᠭᠦᠷ | ᠬᠡᠪ ᠤᠨ ᠪᠠᠶᠢᠳᠠᠯ ᠳᠤ ᠪᠠᠨ ᠣᠷᠣᠵᠣ᠂ ᠦᠨ᠎ᠡ ᠬᠠᠩᠰᠢ ᠲᠣᠭᠲᠠᠭᠤᠨ ᠢᠶᠠᠷ ᠭᠤᠣᠯᠯᠠᠵᠤ᠂ ᠳᠡᠭᠡᠷ᠎ᠡ ᠭᠠᠷᠠᠭ ᠤᠨ ᠠᠮᠤ | ᠪᠤᠳᠠᠭᠠᠨ ᠤ ᠦᠨ᠎ᠡ ᠬᠠᠩᠰᠢ ᠲᠣᠭᠲᠠᠭᠤᠨ ᠪᠠᠶᠢᠵᠤ᠂ ᠢᠳᠡᠰᠢᠨ ᠲᠣᠰᠣᠨ ᠤ ᠦᠨ᠎ᠡ ᠭᠠᠷᠠᠬᠠᠨ ᠬᠠᠷᠢᠴᠠᠯ ᠢᠶᠠᠷ 0. | 6% ᠥᠰᠪᠡ︔ ᠦᠬᠡᠷ ᠬᠤᠨᠢᠨ ᠮᠢᠬ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠡᠯᠪᠡᠭ ᠳᠡᠯᠪᠡᠭ᠂ ᠦᠨ᠎ᠡ ᠨᠢ | ᠪᠠᠭ᠎ᠠ ᠬᠡᠮᠵᠢᠶ᠎ᠡ ᠪᠠᠷ ᠪᠠᠭᠤᠷᠠᠵᠤ᠂ ᠦᠬᠡᠷ ᠬᠤᠨᠢᠨ ᠮᠢᠬ᠎ᠠ ᠶᠢᠨ ᠵᠢᠵᠢᠭᠯᠡᠨ ᠬᠤᠳᠠᠯᠳᠤᠬᠤ ᠦᠨ᠎ᠡ ᠶᠢᠨ ᠪᠠᠭᠤᠷᠠᠯᠲᠠ ᠨᠢ | ᠲᠤᠰ ᠪᠦᠷᠢ 1.41%᠂ 4.57% ᠪᠠᠶᠢᠪᠠ︔ ᠶᠧᠪᠡᠩ ᠤᠨ ᠪᠣᠷᠣᠯᠠᠭᠤᠯᠭ᠎ᠠ ᠶᠡᠬᠡᠲᠦᠭᠰᠡᠨ ᠢᠶᠠᠷ᠂ ᠲᠦᠭᠦᠬᠡᠶ ᠡᠳ᠋ | ᠮᠠᠲ᠋ᠧᠷᠢᠶᠠᠯ ᠲᠠᠬᠢᠶᠠᠨ ᠥᠨᠳᠡᠭᠡ ᠬᠡᠷᠡᠭᠰᠡᠬᠦ ᠬᠡᠷᠡᠭᠴᠡᠭᠡ ᠴᠤ ᠶᠡᠬᠡᠰᠴᠦ᠂ ᠦᠨ᠎ᠡ ᠨᠢ ᠥᠰᠴᠦ᠂ ᠥᠰᠴᠡ ᠨᠢ 4. | 75% ᠬᠦᠷᠪᠡ︔ ᠨᠤᠲᠤᠭ ᠤᠨ ᠢᠳᠡᠰᠢᠨ ᠨᠣᠭᠤᠭᠠᠨ ᠤ ᠬᠠᠩᠭᠠᠯᠭ᠎ᠠ ᠪᠠᠭᠠᠰᠴᠤ᠂ ᠢᠳᠡᠰᠢᠨ ᠨᠣᠭᠤᠭᠠᠨ ᠤ ᠦᠨ᠎ᠡ | ᠥᠰᠴᠦ᠂ ᠥᠰᠴᠡ ᠨᠢ 1.44% ᠬᠦᠷᠪᠡ︔ ᠲᠠᠷᠪᠤᠰ᠂ ᠦᠵᠦᠮ ᠵᠡᠷᠭᠡ ᠤᠯᠠᠷᠢᠯ ᠤᠨ ᠵᠢᠮᠢᠰ ᠶᠡᠭᠡ ᠬᠡᠮᠵᠢᠶ᠎ᠡ ᠪᠠᠷ | ᠵᠠᠬ᠎ᠠ ᠳᠡᠯᠭᠡᠭᠦᠷ ᠲᠤ ᠭᠠᠷᠴᠣ᠂ ᠦᠨ᠎ᠡ ᠨᠢ ᠪᠠᠭ᠎ᠠ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ |