ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠥᠬᠦᠨ ᠢ ᠬᠠᠮᠤᠷᠬᠤ︾ | ᠢᠨᠵᠧᠨᠧᠷᠢᠩ ᠤᠨ ᠬᠠᠮᠢᠶ᠎ᠡ ᠪᠦᠬᠦᠢ ᠮᠡᠳᠡᠭᠡ ᠵᠠᠩᠭᠢ ᠶᠢᠨ ᠪᠢᠴᠢᠯ ᠪᠯᠤᠭ ᠸᠢᠴᠠᠶᠢᠲ ᠶᠢᠨ ᠣᠯᠠᠨ ᠨᠡᠶᠢᠲᠡ ᠶᠢᠨ ᠨᠣᠮᠧᠷ | — — ︽ᠥᠪᠥᠷ ᠮᠣᠩᠭᠤᠯ · ᠠᠷᠪᠠ ᠪᠠᠷ ᠪᠥᠬᠦᠨ ᠢ ᠬᠠᠮᠤᠷᠬᠤ︾ ᠶᠢ ᠡᠷᠬᠡ ᠬᠥᠨᠳᠥᠲᠡᠢ ᠪᠠᠷ ᠨᠡᠶᠢᠲᠡᠯᠡᠵᠦ᠂ | ᠥᠨᠥᠳᠦᠷ ᠨᠡᠪᠲᠡᠷᠡᠵᠦ ᠰᠦᠯᠵᠢᠶᠡᠨ ᠳᠤ ᠭᠠᠷᠭᠠᠪᠠ᠃ ᠡᠨᠡ ᠪᠣᠯ ᠥᠪᠥᠷ ᠮᠣᠩᠭᠤᠯ ᠤᠨ ᠡᠳᠦᠷ ᠤᠨ ᠰᠣᠨᠢᠨ ᠤ | ᠬᠤᠷᠢᠶ᠎ᠠ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠤᠨ ᠰᠣᠨᠢᠨ ᠮᠡᠳᠡᠭᠡᠨ ᠤ ᠤᠬᠠᠭᠤᠯᠬᠤ ᠲᠠᠪᠴᠠᠩ ᠢ | ᠤᠯᠠᠮ ᠨᠢᠭᠡ ᠠᠯᠬᠤᠮ ᠥᠷᠭᠡᠳᠬᠡᠬᠦ ᠶᠢᠨ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠬᠤ ᠶᠤᠮ᠃ | ᠪᠦᠬᠦ ᠣᠷᠣᠨ ᠤ ᠡᠯ᠎ᠡ ᠭᠠᠵᠠᠷ ᠤᠨ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠢ ᠬᠥᠷ | ᠬᠥᠭᠵᠢᠶᠡᠨᠲᠡᠢ ᠪᠠᠶᠢᠭᠤᠯᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠢᠶᠠᠷ ᠥᠳᠲᠡᠷ ᠲᠥᠷᠭᠡᠨ ᠮᠡᠳᠡᠭᠡᠯᠡᠵᠦ᠂ ᠡᠯ᠎ᠡ | ᠱᠠᠲᠤᠨ ᠤ ᠺᠠᠳ᠋ᠷᠴᠤᠳ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠬᠦ ᠳᠤᠮᠳᠠ ᠠᠵᠢᠯ ᠤᠨ | ᠰᠤᠷᠲᠠᠯ ᠢᠶᠠᠨ ᠬᠤᠪᠢᠷᠠᠭᠤᠯᠵᠤ᠂ ᠣᠯᠠᠨ ᠲᠥᠮᠡᠨ ᠳᠤ ᠦᠢᠯᠡᠴᠢᠯᠡᠭᠰᠡᠨ ᠲᠡᠷᠢᠬᠦᠨ ᠤ ᠦᠢᠯᠡ ᠠᠵᠢᠯᠯᠠᠭ᠎ᠠ ᠶᠢ ᠪᠥᠬᠦ | ᠲᠠᠯ᠎ᠠ ᠪᠠᠷ ᠪᠡᠶᠡᠲᠦ ᠪᠠᠷ ᠢᠯᠡᠷᠡᠭᠦᠯᠵᠦ᠂ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠤᠨ ᠮᠠᠯᠵᠢᠬᠤ | ᠲᠠᠷᠢᠶᠠᠯᠠᠬᠤ ᠣᠷᠣᠨ ᠪᠣᠯᠣᠨ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ᠂ ᠦᠵᠡᠯ ᠰᠠᠨᠠᠭ᠎ᠠ | ᠦᠵᠡᠯᠲᠡ ᠳᠤ ᠠᠪᠴᠢᠷᠠᠵᠤ ᠥᠭᠭᠦᠭᠰᠡᠨ ᠰᠢᠨ᠎ᠡ ᠬᠤᠪᠢᠷᠠᠯᠲᠠ ᠶᠢ ᠠᠮᠢᠳᠤᠯᠢᠭ ᠲᠤᠰᠬᠠᠵᠠᠢ᠂ ᠥᠪᠥᠷ ᠮᠣᠩᠭᠤᠯ ᠤᠨ | ᠡᠳᠦᠷ ᠤᠨ ᠰᠣᠨᠢᠨ ︽ᠠᠷᠪᠠ ᠪᠠᠷ ᠪᠥᠬᠦᠨ ᠢ ᠬᠠᠮᠤᠷᠬᠤ ᠭᠠᠷᠠᠭ ᠤᠨ ᠰᠡᠳᠬᠦᠯ︾ ︵ᠮᠣᠩᠭᠤᠯ ᠬᠢᠲᠠᠳ ᠬᠡᠪᠯᠡᠯ︶ ᠢ | ᠡᠷᠬᠢᠯᠡᠨ ᠬᠡᠪᠯᠡᠭᠦᠯᠦᠭᠰᠡᠨ ᠰᠠᠭᠤᠷᠢᠨ ᠳᠡᠭᠡᠷ᠎ᠡ ᠳᠠᠬᠢᠨᠲᠠ ᠠᠯᠪᠠᠨ ᠤ ᠪᠢᠴᠢᠯ ᠪᠯᠤᠭ ᠸᠢᠴᠠᠶᠢᠲ ᠶᠢᠨ ᠣᠯᠠᠨ | ᠨᠡᠶᠢᠲᠡ ᠶᠢᠨ ᠲᠠᠪᠴᠠᠩ ᠢ ᠪᠥᠬᠦ ᠬᠦᠴᠦ ᠪᠠᠷ ᠢᠶᠠᠨ ᠪᠠᠶᠢᠭᠤᠯᠪᠠ᠃ ᠲᠤᠰ ᠲᠠᠪᠴᠠᠩ ᠨᠢ ︽ᠥᠪᠥᠷ ᠮᠣᠩᠭᠤᠯ ᠤᠨ | ᠡᠳᠦᠷ ᠤᠨ ᠰᠣᠨᠢᠨ︾ ︵ᠮᠣᠩᠭᠤᠯ ᠬᠢᠲᠠᠳ ᠬᠡᠪᠯᠡᠯ︶ ᠪᠣᠯᠣᠨ ᠰᠢᠨ᠎ᠡ ᠵᠠᠭᠤᠴᠢᠯᠠᠭᠤᠷ ᠤᠨ ︽ᠠᠷᠪᠠ ᠪᠠᠷ ᠪᠥᠬᠦᠨ ᠢ | ᠬᠠᠮᠤᠷᠬᠤ︾ ᠶᠢ ᠮᠡᠳᠡᠭᠡᠯᠡᠬᠦ ᠪᠠᠷ ᠭᠤᠣᠯ ᠪᠣᠯᠭᠠᠵᠤ᠂ ᠲᠥᠪ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠰᠣᠨᠢᠨ | ᠮᠡᠳᠡᠭᠡᠨ ᠤ ᠵᠠᠭᠤᠴᠢᠯᠠᠭᠤᠷ ᠤᠨ ᠮᠡᠳᠡᠭᠡᠯᠡᠯ ᠤᠳ ᠢ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠡᠯ᠎ᠡ | ᠠᠶᠢᠮᠠᠭ ᠬᠤᠲᠠ ᠪᠣᠯᠤᠨ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ︽ᠠᠷᠪᠠ ᠪᠠᠷ ᠪᠥᠬᠦᠨ ᠢ ᠬᠠᠮᠤᠷᠬᠤ︾ | ᠢᠨᠵᠧᠨᠧᠷᠢᠩ ᠢ ᠬᠡᠷᠡᠭᠵᠢᠭᠦᠯᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠵᠦ᠂ | ᠲᠠᠷᠬᠠᠭᠠᠬᠤ ᠬᠡᠷᠡᠭᠴᠡᠭᠡ ᠪᠠᠨ ᠦᠨᠳᠦᠰᠦᠯᠡᠨ ᠪᠣᠯᠪᠠᠰᠤᠷᠠᠭᠤᠯᠵᠤ᠂ ᠪᠦᠷᠢᠨ ᠵᠠᠭᠤᠴᠢᠯᠠᠭᠤᠷ ᠤᠨ ᠬᠡᠯᠪᠡᠷᠢ ᠪᠠᠷ | ᠨᠡᠶᠢᠲᠡᠯᠡᠬᠦ ᠪᠣᠯᠣᠨ᠎ᠠ᠃ |