| | | | 9 ᠳ᠋ᠦ᠋ᠭᠡᠷ ᠰᠠᠷ᠎ᠠ ᠶᠢᠨ 24 ᠡᠳᠦᠷ ᠠᠴᠠ 25 ᠤ ᠡᠳᠦᠷ᠂ ᠬᠠᠤᠯᠢ ᠴᠠᠭᠠᠵᠠ ᠶᠢᠨ ᠶᠠᠮᠤᠨ ᠤ ᠤᠯᠤᠰ | ᠲᠥᠷᠥ ᠶᠢᠨ ᠬᠡᠯᠲᠡᠰ ᠤᠨ ᠵᠠᠩ ᠭᠦᠸᠧ ᠰᠢᠶᠦ᠋ᠨ ᠳᠡᠳ᠋ ᠲᠣᠭᠤᠷᠢᠨ ᠪᠠᠶᠢᠴᠠᠭᠠᠭᠴᠢ ᠵᠡᠷᠭᠡ ᠭᠤᠷᠪᠠᠨ ᠬᠥᠮᠦᠨ ᠮᠠᠨ ᠤ | ᠣᠷᠣᠨ ᠳᠤ ᠮᠣᠷᠢᠯᠠᠨ ᠢᠷᠡᠵᠦ ᠠᠵᠢᠯ ᠢ ᠪᠠᠶᠢᠴᠠᠭᠠᠨ ᠵᠢᠯᠣᠭᠤᠳᠪᠠ᠂ ᠮᠠᠨ ᠤ ᠣᠷᠣᠨ ᠤ ︽2011 — 2015 | ᠣᠨ ᠤ ᠭᠢᠨᠳᠠᠨ ᠤ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠠᠷᠠᠳ ᠤᠨ ᠴᠠᠭᠳᠠᠭᠠᠨ ᠤ ᠡᠩᠨᠡᠭᠡᠨ ᠤ | ᠪᠠᠶᠢᠭᠤᠯᠤᠯᠲᠠ ᠶᠢᠨ ᠬᠥᠲᠥᠯᠪᠦᠷᠢ ᠶᠢᠨ ᠲᠣᠪᠴᠢ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠪᠡ᠃ | ᠪᠠᠶᠢᠴᠠᠭᠠᠬᠤ ᠳᠤᠭᠤᠶᠢᠯᠠᠩ ᠬᠠᠤᠯᠢ ᠴᠠᠭᠠᠵᠠ ᠶᠢᠨ ᠲᠢᠩᠬᠢᠮ᠂ ᠭᠢᠨᠳᠠᠨ ᠤ ᠲᠣᠪᠴᠢᠶ᠎ᠠ᠂ ᠬᠤᠣᠷ ᠲᠠᠲᠠᠬᠤ ᠶᠢ | ᠴᠡᠭᠡᠷᠯᠡᠭᠦᠯᠬᠦ ᠲᠣᠪᠴᠢᠶ᠎ᠠ ᠶᠢᠨ ︽ᠬᠥᠲᠥᠯᠪᠦᠷᠢ ᠶᠢᠨ ᠲᠣᠪᠴᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠪᠠᠶᠢᠭ᠎ᠠ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠬᠠᠮᠲᠤ ᠬᠥᠬᠡᠬᠤᠲᠠ ᠳᠠᠬᠢ ᠨᠢᠭᠡᠳᠦᠭᠡᠷ | ᠡᠮᠡᠭᠲᠡᠶ ᠶᠢᠨ ᠭᠢᠨᠳᠠᠨ᠂ ᠰᠠᠶᠢᠬᠠᠨ ᠤ ᠠᠯᠪᠠᠲᠠᠨ ᠲᠤᠰᠠᠭᠠᠷᠯᠠᠵᠤ ᠬᠤᠣᠷ ᠲᠠᠲᠠᠬᠤ ᠶᠢ ᠴᠡᠭᠡᠷᠯᠡᠭᠦᠯᠬᠦ ᠭᠠᠵᠠᠷ᠂ | ᠬᠥᠬᠡᠬᠤᠲᠠ ᠳᠠᠬᠢ ᠬᠤᠶᠠᠳᠤᠭᠠᠷ ᠭᠢᠨᠳᠠᠨ ᠵᠡᠷᠭᠡ ᠨᠢᠭᠡᠴᠡ ᠳᠤ ᠭᠦᠨᠵᠡᠭᠡᠶᠢᠷᠡᠵᠦ᠂ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠪᠢᠴᠢᠭ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠪᠠᠶᠢᠴᠠᠭᠠᠯᠲᠠ ᠬᠢᠪᠡ᠃ | ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ︵ᠴᠠᠭᠳᠠᠭᠠᠨ ᠤ | ᠶᠠᠪᠤᠳᠠᠯ︶ ᠶᠢᠨ ᠬᠡᠯᠲᠡᠰ ᠤᠨ ᠡᠷᠬᠢᠯᠡᠭᠴᠢ ᠹᠠᠨ ᠺᠦᠸᠧ ᠲᠢᠩᠬᠢᠮ ᠤᠨ ᠨᠠᠮ ᠤᠨ ᠬᠤᠷᠢᠶ᠎ᠠ ᠶᠢᠨ ᠡᠮᠦᠨ᠎ᠡ ᠠᠴᠠ | ᠮᠠᠨ ᠤ ᠣᠷᠣᠨ ᠤ ︽ᠬᠥᠲᠥᠯᠪᠦᠷᠢ ᠶᠢᠨ ᠲᠣᠪᠴᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠶᠡᠷᠦᠩᠬᠡᠢ | ᠪᠠᠶᠢᠳᠠᠯ ᠪᠠ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ ᠤᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ | ᠳᠠᠷᠠᠭᠠᠴᠢ ᠶᠢᠨ ᠭᠤᠷᠪᠠᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠣᠪᠴᠢ ᠶᠢ ᠲᠣᠭᠲᠠᠭᠠᠬᠤ ᠳᠤ | ᠰᠠᠨᠠᠭᠤᠯᠭ᠎ᠠ ᠳᠤᠷᠠᠳᠪᠠ᠃ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠣᠷ ᠲᠠᠲᠠᠬᠤ ᠶᠢ ᠴᠡᠭᠡᠷᠯᠡᠭᠦᠯᠬᠦ | ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠪᠠ ᠲᠢᠩᠬᠢᠮ ᠤᠨ ᠤᠯᠤᠰ ᠲᠥᠷᠥ ︵ | ᠴᠠᠭᠳᠠᠭᠠᠨ ᠤ ᠶᠠᠪᠤᠳᠠᠯ︶ ᠶᠢᠨ ᠬᠡᠯᠲᠡᠰ ᠤᠨ ᠠᠵᠢᠯᠲᠠᠨ ᠢ ᠪᠣᠯᠪᠠᠰᠤᠷᠠᠭᠤᠯᠬᠤ ᠭᠠᠵᠠᠷ ᠤᠨ ᠬᠤᠯᠪᠣᠭᠳᠠᠯ ᠪᠦᠬᠦᠢ | ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ᠵᠠᠩ ᠭᠦᠸᠧ ᠰᠢᠶᠦ᠋ᠨ ᠳᠡᠳ᠋ ᠲᠣᠭᠤᠷᠢᠨ ᠪᠠᠶᠢᠴᠠᠭᠠᠭᠴᠢ ᠮᠠᠨ ᠤ ᠣᠷᠣᠨ ᠤ ︽ᠬᠥᠲᠥᠯᠪᠦᠷᠢ ᠶᠢᠨ ᠲᠣᠪᠴᠢ︾ | ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ | ᠲᠡᠷᠡ᠄ ︽ᠬᠥᠲᠥᠯᠪᠦᠷᠢ ᠶᠢᠨ ᠲᠣᠪᠴᠢ︾ ᠶᠢ ᠬᠡᠷᠡᠭᠵᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠠ ᠭᠢᠨᠳᠠᠨ ᠤ ᠲᠣᠪᠴᠢᠶ᠎ᠠ᠂ ᠬᠤᠣᠷ ᠲᠠᠲᠠᠬᠤ ᠶᠢ ᠵᠣᠭᠰᠤᠭᠠᠬᠤ | ᠲᠣᠪᠴᠢᠶ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠭᠢᠨᠳᠠᠨ ᠤ ᠬᠤᠣᠷ ᠲᠠᠲᠠᠬᠤ ᠳᠤ ᠴᠡᠭᠡᠷᠯᠡᠭᠦᠯᠬᠦ ᠠᠷᠠᠳ ᠤᠨ | ᠴᠠᠭᠳᠠᠭᠠᠨ ᠤ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠪᠦᠲᠦᠭᠡᠨ ᠪᠠᠶᠢᠭᠤᠯᠤᠯᠲᠠ᠂ ᠲᠤᠬᠠᠶᠢᠯᠠᠭᠰᠠᠨ | ᠠᠵᠢᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ᠂ ᠳᠦᠷᠢᠮᠵᠢᠭᠦᠯᠦᠭᠰᠡᠨ ᠬᠠᠮᠢᠶᠠᠷᠤᠯᠲᠠ᠂ ᠤᠳᠤᠷᠢᠳᠬᠤ | ᠪᠠᠭ ᠤᠨ ᠪᠠᠶᠢᠭᠤᠯᠤᠯᠲᠠ᠂ ᠰᠣᠶᠣᠯ ᠤᠨ ᠪᠦᠲᠦᠭᠡᠨ ᠪᠠᠶᠢᠭᠤᠯᠤᠯᠲᠠ᠂ ᠢᠯᠵᠠᠷᠠᠯ ᠢ ᠡᠰᠡᠷᠭᠦᠴᠡᠨ ᠠᠷᠢᠭᠤᠨ | ᠴᠢᠬᠡᠴᠢ ᠶᠢ ᠡᠷᠬᠢᠮᠯᠡᠬᠦ ᠪᠦᠲᠦᠭᠡᠨ ᠪᠠᠶᠢᠭᠤᠯᠤᠯᠲᠠ ᠪᠠ ᠪᠠᠲᠤᠯᠠᠭ᠎ᠠ ᠶᠢᠨ ᠲᠣᠭᠲᠠᠴᠠ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠴᠥᠮ ᠥᠪ ᠦᠨᠡᠨ ᠠᠮᠵᠢᠯᠲᠠ ᠪᠦᠲᠦᠮᠵᠢ ᠣᠯᠵᠤ᠂ ᠭᠢᠨᠳᠠᠨ ᠤ ᠬᠤᠣᠷ | ᠲᠠᠲᠠᠬᠤ ᠶᠢ ᠴᠡᠭᠡᠷᠯᠡᠭᠦᠯᠬᠦ ᠠᠵᠢᠯ ᠤᠨ ᠥᠭᠡᠷᠡᠴᠢᠯᠡᠯᠲᠡ ᠬᠥᠭᠵᠢᠯᠲᠡ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠪᠠ ᠴᠢᠳᠠᠪᠤᠷᠢᠲᠠᠨ ᠤ ᠳᠡᠮᠵᠢᠯᠭᠡ ᠬᠠᠩᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠦᠷᠭᠦᠯᠵᠢᠯᠡᠨ ᠴᠢᠷᠮᠠᠶᠢᠵᠤ᠂ ᠦᠷᠭᠦᠯᠵᠢᠯᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠠᠭᠳᠠᠭᠠᠨ ᠤ ᠡᠩᠨᠡᠭᠡ ᠪᠠᠨ | ᠤᠯᠤᠰ ᠲᠥᠷᠥ ᠪᠠᠷ ᠪᠠᠶᠢᠭᠤᠯᠬᠤ᠂ ᠬᠡᠪ ᠴᠢᠨᠠᠷ ᠢᠶᠠᠷ ᠴᠢᠩᠭᠠᠳᠬᠠᠬᠤ ᠶᠢ ᠳᠣᠪᠣᠶᠢᠯᠭᠠᠵᠤ᠂ ᠴᠠᠭᠳᠠᠭ᠎ᠠ ᠪᠠᠨ | ᠴᠢᠩᠭ᠎ᠠ ᠪᠠᠷ ᠵᠠᠰᠠᠬᠤ ᠪᠠ ᠴᠠᠭᠳᠠᠭ᠎ᠠ ᠪᠠᠨ ᠰᠠᠶᠢᠲᠤᠷ ᠬᠠᠷᠠᠭᠠᠯᠵᠠᠬᠤ ᠶᠢ ᠤᠶᠠᠯᠳᠤᠭᠤᠯᠵᠤ᠂ ᠭᠢᠨᠳᠠᠨ ᠤ ᠬᠤᠣᠷ | ᠲᠠᠲᠠᠬᠤ ᠶᠢ ᠴᠡᠭᠡᠷᠯᠡᠭᠦᠯᠬᠦ ᠠᠷᠠᠳ ᠤᠨ ᠴᠠᠭᠳᠠᠭᠠᠨ ᠤ ᠡᠩᠨᠡᠭᠡᠨ ᠤ ᠪᠠᠶᠢᠭᠤᠯᠤᠯᠲᠠ᠂ ᠭᠢᠨᠳᠠᠨ ᠤ ᠬᠤᠣᠷ ᠲᠠᠲᠠᠬᠤ ᠶᠢ | ᠴᠡᠭᠡᠷᠯᠡᠭᠦᠯᠬᠦ ᠠᠷᠠᠳ ᠤᠨ ᠴᠠᠭᠳᠠᠭ᠎ᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠤᠯᠠᠮ ᠨᠢᠭᠡ ᠠᠯᠬᠤᠮ | ᠴᠢᠩᠭᠠᠳᠬᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ | ᠬᠠᠮᠠᠭᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ |