ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠬᠥᠨᠳᠥ ᠨᠣᠴᠢᠲᠠᠢ ᠦᠢᠯᠡ ᠠᠵᠢᠯᠯᠠᠭ᠎ᠠ ᠶᠢ ᠤᠯᠠᠮ ᠨᠢᠭᠡ | ᠠᠯᠬᠤᠮ ᠴᠢᠩᠭ᠎ᠠ ᠪᠠᠶᠢᠴᠠᠭᠠᠵᠤ᠂ ᠬᠤᠣᠷ ᠲᠠᠲᠠᠭᠠᠳ ᠲᠡᠷᠭᠡ ᠵᠢᠯᠣᠭᠤᠳᠬᠤ᠂ ᠮᠥᠷᠥᠶᠢᠴᠡᠨ ᠬᠥᠭᠡᠭᠡᠴᠡᠯᠳᠦᠵᠦ | ᠵᠢᠯᠤᠭᠤᠳᠬᠤ᠂ ᠠᠶᠠᠨᠴᠢᠳ ᠨᠢ ᠲᠤᠭ᠎ᠠ ᠠᠴᠠ ᠬᠡᠲᠦᠷᠡᠬᠦ᠂ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ | ᠬᠠᠦᠯᠢ ᠶᠢ ᠵᠥᠷᠢᠴᠡᠨ ᠲᠡᠭᠡᠭᠡᠪᠦᠷᠢᠯᠡᠬᠦ ᠵᠡᠷᠭᠡ ᠦᠢᠯᠡ ᠠᠵᠢᠯᠯᠠᠭ᠎ᠠ ᠶᠢ ᠪᠠᠭᠠᠰᠬᠠᠵᠤ᠂ ︽ᠵᠠᠮ ᠬᠠᠷᠢᠯᠴᠠᠭ᠎ᠠ ᠶᠢᠨ | ᠬᠦᠨᠳᠦ ᠨᠣᠴᠢᠲᠠᠶ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠦᠮ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠬᠤ︾ ᠠᠭᠤᠯᠭ᠎ᠠ ᠪᠣᠯᠭᠠᠬᠤ ᠶᠢᠨ | ᠲᠥᠯᠥᠭᠡ᠂ ᠣᠶᠢᠷ᠎ᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ︽ᠡᠷᠡᠭᠦᠦ ᠶᠢᠨ ᠬᠠᠤᠯᠢ ᠶᠢᠨ | ᠵᠠᠰᠠᠪᠤᠷᠢ ᠣᠷᠣᠭᠤᠯᠤᠭᠰᠠᠨ ᠲᠥᠰᠦᠯ ︵ᠶᠢᠰᠦ︶︾ ᠶᠢ ᠲᠣᠭᠲᠠᠭᠠᠵᠤ᠂ ᠳᠣᠣᠷ᠎ᠠ ᠬᠠᠭᠠᠰ ᠵᠢᠯ ᠳᠤ ᠨᠡᠶᠢᠲᠡᠯᠡᠨ | ᠬᠡᠷᠡᠭᠵᠢᠭᠦᠯᠬᠦ ᠪᠣᠯᠣᠮᠵᠢᠲᠠᠢ ᠪᠠᠶᠢᠨ᠎ᠠ᠂ ᠡᠭᠦᠨ ᠤ ᠳᠣᠲᠣᠷ᠎ᠠ ᠵᠠᠰᠠᠮᠠᠯ ᠵᠠᠮ ᠤᠨ ᠮᠠᠰᠢᠨ ᠲᠡᠷᠬᠡᠨ ᠤ ᠠᠶᠠᠨᠴᠢᠳ ᠨᠢ | ᠲᠤᠭ᠎ᠠ ᠠᠴᠠ ᠬᠡᠲᠦᠷᠡᠬᠦ᠂ ᠬᠡᠳᠦ ᠬᠤᠷᠳᠤᠨ ᠶᠠᠪᠤᠭᠤᠯᠬᠤ ᠪᠠ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ | ᠲᠡᠷᠭᠡ ᠬᠠᠦᠯᠢ ᠶᠢ ᠵᠥᠷᠢᠴᠡᠨ ᠲᠡᠭᠡᠭᠡᠪᠦᠷᠢᠯᠡᠬᠦ ᠶᠢ ᠨᠢᠭᠡᠨᠲᠡ ᠭᠡᠨᠡᠨ ᠢᠶᠠᠷ ᠵᠢᠯᠣᠭᠤᠳᠤᠭᠰᠠᠨ ᠶᠠᠯ᠎ᠠ ᠳᠤ ᠣᠷᠤᠭᠤᠯᠵᠤ᠂ | ︽ᠬᠤᠣᠷ ᠲᠠᠲᠠᠭᠰᠠᠨ ᠤ ᠳᠠᠷᠠᠭ᠎ᠠ ᠵᠢᠯᠤᠭᠤᠳᠬᠤ︾ ᠶᠢ ᠴᠤ ᠡᠷᠡᠭᠦᠦ ᠶᠢᠨ ᠬᠠᠦᠯᠢ ᠳᠤ ᠣᠷᠤᠭᠤᠯᠬᠤ ᠪᠣᠯᠣᠮᠵᠢᠲᠠᠢ | ᠪᠠᠶᠢᠨ᠎ᠠ᠃ | ᠠᠯᠪᠠᠨ ᠠᠵᠢᠯᠲᠠᠨ ᠠᠷᠢᠬᠢᠨ ᠤ ᠳᠠᠷᠠᠭ᠎ᠠ ᠲᠡᠷᠭᠡ ᠵᠢᠯᠤᠭᠤᠳᠬᠤ ᠰᠣᠭᠲᠣᠭᠤ ᠪᠠᠷ ᠲᠡᠷᠭᠡ ᠵᠢᠯᠤᠭᠤᠳᠬᠤ ᠶᠢ | ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠤᠨ᠎ᠠ | ᠠᠷᠢᠬᠢ ᠤᠤᠭᠤᠭᠠᠳ ︵ᠰᠣᠭᠲᠣᠭᠤ︶ ᠲᠡᠷᠭᠡ ᠵᠢᠯᠤᠭᠤᠳᠬᠤ᠂ ᠬᠤᠣᠷ ᠲᠠᠲᠠᠭᠠᠳ ᠲᠡᠷᠭᠡ ᠵᠢᠯᠣᠭᠤᠳᠬᠤ᠂ | ᠬᠡᠳᠦ ᠬᠤᠷᠳᠤᠨ ᠵᠢᠯᠣᠭᠤᠳᠬᠤ᠂ ᠮᠥᠷᠥᠶᠢᠴᠡᠨ ᠬᠥᠭᠡᠭᠡᠴᠡᠯᠳᠦᠵᠦ ᠵᠢᠯᠤᠭᠤᠳᠬᠤ᠂ ᠦᠨᠡᠮᠯᠡᠯ ᠦᠭᠡᠶ ᠪᠠᠷ ᠲᠡᠷᠭᠡ | ᠵᠢᠯᠣᠭᠤᠳᠬᠤ᠂ ᠠᠶᠠᠨᠴᠢᠳ ᠨᠢ ᠲᠤᠭ᠎ᠠ ᠠᠴᠠ ᠬᠡᠲᠦᠷᠡᠬᠦ᠂ ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ | ᠬᠠᠦᠯᠢ ᠶᠢ ᠵᠥᠷᠢᠴᠡᠨ ᠲᠡᠭᠡᠭᠡᠪᠦᠷᠢᠯᠡᠬᠦ᠂ ᠮᠠᠰᠢᠨ ᠲᠡᠷᠭᠡ ᠪᠠᠨ ᠬᠤᠭᠤᠴᠠᠭ᠎ᠠ ᠶᠣᠰᠤᠭᠠᠷ ᠰᠢᠯᠭᠠᠨ ᠪᠠᠶᠢᠴᠠᠭᠠᠯᠭᠠᠭᠰᠠᠨ | ᠦᠭᠡᠢ᠂ ᠵᠢᠯᠣᠭᠤᠴᠢ ᠶᠢᠨ ᠦᠨᠡᠮᠯᠡᠯ ᠢᠶᠠᠨ ᠬᠤᠭᠤᠴᠠᠭ᠎ᠠ ᠶᠣᠰᠣᠭᠠᠷ ᠰᠢᠯᠭᠠᠨ ᠪᠠᠶᠢᠴᠠᠭᠠᠵᠤ ᠬᠢᠨᠠᠨ | ᠪᠠᠲᠤᠯᠠᠭᠤᠯᠤᠭᠰᠠᠨ ᠦᠭᠡᠢ ᠪᠥᠭᠡᠳ ᠪᠣᠬᠢᠷᠲᠤᠭᠤᠯᠤᠨ ᠰᠡᠪᠲᠦᠭᠡᠭᠰᠡᠨ ᠲᠡᠷᠭᠡᠨ ᠤ ᠨᠣᠮᠧᠷ ᠫᠠᠶᠢᠰᠠ ᠶᠢ ᠬᠠᠭᠤᠷᠮᠠᠭᠯᠠᠨ | ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠪᠤᠶᠤ ᠵᠣᠷᠢᠭᠤᠳᠠ ᠳᠠᠯᠳᠠᠯᠠᠨ ᠬᠠᠯᠠᠬᠠᠯᠠᠭᠰᠠᠨ ᠵᠡᠷᠭᠡ ᠬᠦᠨᠳᠦ | ᠨᠣᠴᠢᠲᠠᠶ ᠵᠠᠮ ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ | ᠵᠥᠷᠢᠴᠡᠭᠰᠡᠳ ᠢ ᠴᠥᠮ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠵᠦ᠂ ᠵᠠᠮ | ᠬᠠᠷᠢᠯᠴᠠᠭᠠᠨ ᠤ ᠬᠠᠦᠯᠢ ᠠᠴᠠ ᠵᠥᠷᠢᠴᠡᠭᠰᠡᠨ ᠬᠥᠨᠳᠥ ᠨᠣᠴᠢᠲᠠᠢ ᠦᠢᠯᠡ ᠠᠵᠢᠯᠯᠠᠭ᠎ᠠ ᠶᠢ ᠴᠥᠮ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠤᠭᠤᠯᠤᠨ᠎ᠠ᠃ | ᠲᠥᠷᠥ ᠶᠢᠨ ᠠᠯᠪᠠᠨ ᠠᠵᠢᠯᠲᠠᠨ ᠳᠡᠭᠡᠷ᠎ᠡ ᠳᠤᠷᠠᠳᠤᠭᠰᠠᠨ ᠬᠠᠦᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠢᠭᠰᠡᠨ ᠪᠠᠶᠢᠪᠠᠯ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠡᠭᠦᠨ ᠤ ᠪᠠᠶᠢᠭ᠎ᠠ ᠨᠢᠭᠡᠴᠡ ᠪᠣᠯᠤᠨ ᠠᠳᠠᠯᠢ ᠱᠠᠲᠤᠨ ᠤ ᠬᠢᠨᠠᠨ ᠪᠠᠶᠢᠴᠠᠭᠠᠬᠤ᠂ | ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠳᠡᠵᠦ᠂ ᠬᠠᠤᠯᠢ ᠰᠠᠬᠢᠯᠭ᠎ᠠ ᠶᠢᠨ ᠶᠣᠰᠤᠭᠠᠷ ᠬᠠᠷᠢᠭᠤᠴᠠᠯᠭ᠎ᠠ | ᠨᠡᠬᠡᠮᠵᠢᠯᠡᠨ᠎ᠡ᠃ | ᠬᠠᠭᠤᠷᠮᠠᠭ ᠢᠶᠠᠷ ᠴᠠᠭ ᠲᠡᠮᠳᠡᠭᠯᠡᠭᠰᠡᠨ ᠵᠢᠯᠣᠭᠤᠴᠢ ᠶᠢᠨ ᠰᠤᠷᠭᠠᠭᠤᠯᠢ ᠪᠣᠯᠣᠨ ᠰᠤᠷᠤᠭᠴᠢ ᠶᠢ ᠴᠢᠩᠭ᠎ᠠ | ᠪᠠᠶᠢᠴᠠᠭᠠᠨ᠎ᠠ | ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠶᠢ ᠴᠠᠭ ᠲᠡᠮᠳᠡᠭᠯᠡᠨ | ᠪᠣᠯᠪᠠᠰᠤᠷᠠᠭᠤᠯᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠭᠤᠷᠮᠠᠭ ᠢᠶᠠᠷ ᠴᠠᠭ ᠲᠡᠮᠳᠡᠭᠯᠡᠭᠰᠡᠨ | ᠵᠢᠯᠣᠭᠤᠴᠢ ᠶᠢᠨ ᠰᠤᠷᠭᠠᠭᠤᠯᠢ ᠪᠣᠯᠣᠨ ᠠᠵᠢᠯᠲᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠢᠯᠣᠭᠤᠴᠢ ᠶᠢᠨ | ᠰᠢᠯᠭᠠᠯᠲᠠ ᠳᠠᠬᠢ ᠪᠦᠬᠦ ᠶᠠᠪᠤᠴᠠ ᠶᠢ ᠲᠡᠷᠡ ᠳᠠᠷᠤᠢ ᠳᠤᠨᠢ ᠬᠢᠨᠠᠨ ᠵᠠᠬᠢᠷᠴᠤ᠂ ᠮᠠᠰᠢᠨ ᠲᠡᠷᠭᠡᠨ ᠤ ᠲᠥᠷᠥᠯ ᠤᠨ | ᠵᠢᠯᠣᠭᠤᠴᠢ ᠶᠢᠨ ᠰᠢᠯᠭᠠᠯᠲᠠ ᠶᠢᠨ ᠪᠥᠬᠦ ᠶᠠᠪᠤᠴᠠ ᠶᠢ ᠳᠠᠭᠤᠨ ᠳᠠᠪᠲᠠᠮᠵᠢ ᠬᠠᠷᠠᠭᠠᠨ ᠳᠠᠪᠲᠠᠮᠵᠢ ᠪᠠᠷ ᠬᠢᠨᠠᠨ | ᠡᠵᠡᠮᠰᠢᠬᠦ ᠶᠢ ᠬᠡᠷᠡᠭᠵᠢᠭᠦᠯᠦᠨ᠎ᠡ᠃ ︽ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ ᠪᠠᠶᠢᠭᠤᠯᠤᠮᠵᠢ ᠶᠢᠨ | ᠬᠢᠷᠢ ᠬᠡᠮ ᠤᠨ ᠨᠥᠬᠦᠴᠡᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠯᠣᠭᠤᠴᠢ ᠪᠣᠯᠪᠠᠰᠤᠷᠠᠭᠤᠯᠬᠤ | ᠲᠤᠬᠠᠶᠢᠯᠠᠭᠰᠠᠨ ᠠᠵᠢᠯ ᠤᠨ ᠵᠥᠪᠰᠢᠶᠡᠷᠡᠯ ᠢ ᠵᠢᠷᠤᠮᠵᠢᠭᠤᠯᠤᠨ᠎ᠠ᠃ ᠲᠡᠷᠭᠡᠨ ᠤ ᠵᠢᠯᠣᠭᠤᠴᠢ ᠵᠠᠮ ᠲᠡᠭᠡᠭᠡᠪᠦᠷᠢ ᠶᠢᠨ | ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠢ ᠭᠤᠶᠤᠴᠢᠯᠠᠬᠤ ᠳᠤ ᠡᠷᠬᠡᠪᠰᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠭᠠᠷᠭᠠᠵᠤ ᠥᠭᠭᠦᠭᠰᠡᠨ 3 ᠵᠢᠯ ᠤᠨ ᠳᠣᠲᠣᠷ᠎ᠠ ᠭᠤᠣᠯ ᠬᠠᠷᠢᠭᠤᠴᠠᠯᠭ᠎ᠠ ᠡᠭᠦᠷᠭᠡᠯᠡᠬᠦ ᠠᠴᠠ | ᠳᠡᠭᠡᠭᠰᠢᠬᠢ ᠵᠠᠮ ᠬᠠᠷᠢᠯᠴᠠᠭᠠᠨ ᠤ ᠨᠡᠯᠢᠶᠡᠳ ᠶᠡᠭᠡ ᠠᠳᠡᠯ ᠭᠠᠷᠭᠠᠭᠰᠠᠨ ᠦᠭᠡᠢ᠂ ᠵᠠᠮ ᠬᠠᠷᠢᠯᠴᠠᠭᠠᠨ ᠤ ᠬᠠᠦᠯᠢ | ᠵᠦᠷᠢᠴᠡᠭᠡᠳ 12 ᠬᠤᠪᠢ ᠪᠠᠨ ᠲᠦᠭᠦᠷᠲᠡᠯ᠎ᠡ ᠲᠡᠮᠳᠡᠭᠯᠡᠭᠦᠯᠦᠭᠰᠡᠨ ᠦᠭᠡᠶ᠂ ᠠᠷᠢᠬᠢ ᠤᠤᠭᠤᠭᠠᠳ ︵ᠰᠣᠭᠲᠣᠭᠤ︶ | ᠵᠢᠯᠤᠭᠤᠳᠤᠭᠰᠠᠨ ᠲᠡᠮᠳᠡᠭᠯᠡᠯ ᠦᠭᠡᠢ᠂ ᠬᠤᠣᠷᠲᠤ ᠡᠳ᠋ ᠲᠠᠲᠠᠭᠰᠠᠨ ᠲᠡᠮᠳᠡᠭᠯᠡᠯ ᠦᠭᠡᠶ ᠪᠠᠶᠢᠬᠤ ᠭᠡᠷᠡᠴᠢ ᠶᠢ ᠣᠯᠭᠤᠬᠤ | ᠬᠡᠷᠡᠭᠲᠡᠢ᠃ | ᠬᠡᠰᠡᠭ ᠮᠠᠰᠢᠨ ᠲᠡᠷᠭᠡ ᠬᠡᠳᠦ ᠬᠤᠷᠳᠤᠨ ᠶᠠᠪᠤᠭᠤᠯᠤᠭᠰᠠᠨ ᠪᠣᠶᠣ ᠠᠴᠢᠶ᠎ᠡ ᠨᠢ ᠬᠡᠲᠦᠷᠡᠭᠰᠡᠨ ᠪᠠᠶᠢᠪᠠᠯ ᠠᠵᠢᠯ | ᠡᠷᠬᠢᠯᠡᠬᠦ ᠬᠢᠷᠢ ᠬᠡᠮ ᠤᠨ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ | ᠲᠡᠭᠡᠭᠡᠪᠦᠷᠢ ᠶᠢᠨ ᠲᠡᠷᠭᠡ᠂ ᠵᠢᠭᠤᠯᠴᠢᠯᠠᠯ ᠤᠨ ᠬᠥᠯᠥᠰᠦᠨ ᠲᠡᠷᠭᠡ᠂ ᠠᠶᠤᠯᠲᠤ ᠡᠳ᠋ ᠤᠨ ᠲᠡᠭᠡᠭᠡᠪᠦᠷᠢ ᠶᠢᠨ | ᠲᠡᠷᠭᠡ᠂ ᠰᠤᠷᠭᠠᠭᠤᠯᠢ ᠶᠢᠨ ᠲᠡᠷᠭᠡᠨ ᠤ ᠠᠶᠠᠨᠴᠢᠳ ᠤᠨ ᠲᠤᠭ᠎ᠠ ᠨᠢ ᠲᠣᠭᠲᠠᠭᠰᠠᠨ ᠲᠤᠭ᠎ᠠ ᠶᠢᠨ 20% ᠶᠢ ᠳᠠᠪᠠᠵᠤ | ᠂ ᠲᠣᠭᠲᠠᠭᠠᠭᠰᠠᠨ ᠴᠠᠭ ᠤᠨ ᠬᠤᠷᠳᠤᠴᠠ ᠠᠴᠠ 30 % ᠬᠡᠲᠦᠷᠡᠭᠰᠡᠨ ᠵᠡᠷᠭᠡ ᠬᠠᠦᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠵᠢᠴᠢ ᠲᠣᠮᠣ ᠳᠤᠮᠳᠠ ᠬᠡᠯᠪᠡᠷᠢ ᠶᠢᠨ ᠠᠶᠠᠨᠴᠢᠳ ᠪᠣᠶᠤ ᠲᠡᠭᠡᠭᠡᠪᠦᠷᠢ ᠶᠢᠨ ᠲᠡᠷᠭᠡ ᠨᠢ ᠬᠤᠭᠤᠴᠠᠭ᠎ᠠ | ᠬᠡᠲᠦᠷᠡᠲᠡᠯ᠎ᠡ ᠰᠢᠯᠭᠠᠨ ᠪᠠᠶᠢᠴᠠᠭᠠᠯᠭᠠᠭᠰᠠᠨ ᠦᠭᠡᠢ ᠪᠠᠷ ᠵᠠᠮ ᠳᠤ ᠭᠠᠷᠴᠤ ᠶᠠᠪᠤᠭᠰᠠᠨ ᠢ ᠬᠦᠨᠳᠦ ᠶᠡᠭᠡ ᠠᠮᠤᠷ | ᠲᠦᠪᠰᠢᠨ ᠤ ᠳᠠᠯᠳᠠ ᠭᠡᠮ ᠢᠶᠠᠷ ᠦᠵᠡᠵᠦ᠂ ᠬᠠᠤᠯᠢ ᠶᠣᠰᠣᠭᠠᠷ ᠰᠢᠳᠬᠡᠨ ᠲᠣᠷᠭᠠᠬᠤ ᠠᠴᠠ ᠭᠠᠳᠠᠨ᠎ᠠ ᠬᠠᠮᠢᠶ᠎ᠡ | ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠮᠠᠰᠢᠨ ᠲᠡᠷᠭᠡᠨ ᠤ ᠬᠠᠷᠢᠶ᠎ᠠ ᠠᠵᠤ ᠠᠬᠤᠶᠢᠯᠠᠯ ᠢ ᠰᠢᠪᠠᠳᠠᠨ | ᠱᠠᠭᠠᠷᠳᠠᠵᠤ ᠪᠠᠶᠢᠭᠠᠳ ᠠᠷᠭ᠎ᠠ ᠬᠡᠮᠵᠢᠶ᠎ᠡ ᠠᠪᠤᠭᠤᠯᠵᠤ ᠳᠠᠯᠳᠠ ᠭᠡᠮ ᠢ ᠠᠷᠢᠯᠭᠠᠬᠤ ᠬᠡᠷᠡᠭᠲᠡᠢ᠃ 12 ᠰᠠᠷ᠎ᠠ ᠶᠢᠨ | ᠳᠣᠲᠣᠷ᠎ᠠ ᠬᠤᠶᠠᠷ ᠤᠳᠠᠭ᠎ᠠ ᠭᠠᠷᠤᠭᠰᠠᠨ ᠪᠠᠶᠢᠪᠠᠯ ᠠᠷᠭ᠎ᠠ ᠬᠡᠮᠵᠢᠶ᠎ᠡ ᠠᠪᠴᠤ ᠳᠠᠯᠳᠠ ᠭᠡᠮ ᠢ ᠠᠷᠢᠯᠭᠠᠭᠰᠠᠨ | ᠦᠭᠡᠢ ᠪᠠᠷ ᠦᠷᠭᠦᠯᠵᠢᠯᠡᠨ ᠠᠵᠢᠯᠯᠠᠭᠰᠠᠨ ᠢᠶᠠᠷ ᠦᠵᠡᠵᠦ᠂ ᠲᠡᠭᠦᠨ ᠤ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ | ᠬᠡᠮ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ︔ ᠬᠡᠲᠦᠷᠡᠭᠰᠡᠨ ᠬᠤᠷᠳᠤᠴᠠ ᠨᠢ | 50% ᠠᠴᠠ ᠳᠡᠭᠡᠭᠰᠢ ᠪᠣᠯᠣᠭᠰᠠᠨ ᠪᠠᠶᠢᠪᠠᠯ ᠵᠢᠯᠤᠭᠤᠴᠢ ᠶᠢᠨ ᠦᠨᠡᠮᠯᠡᠯ ᠢ ᠪᠠᠰᠠ ᠬᠦᠴᠦᠨ ᠦᠭᠡᠢ ᠪᠣᠯᠭᠠᠨ᠎ᠠ︔ | ᠠᠷᠢᠬᠢ ᠤᠤᠭᠤᠭᠰᠠᠨ ᠤ ᠳᠠᠷᠠᠭ᠎ᠠ ᠮᠠᠰᠢᠨ ᠲᠡᠷᠭᠡ ᠵᠢᠯᠤᠭᠤᠳᠴᠤ᠂ ᠬᠥᠮᠦᠨ ᠢ ᠦᠬᠦᠭᠦᠯᠦᠭᠰᠡᠨ ᠵᠠᠮ ᠬᠠᠷᠢᠯᠴᠠᠭᠠᠨ ᠤ | ᠠᠳᠡᠯ ᠭᠠᠷᠭᠠᠵᠤ ᠭᠤᠣᠯ ᠬᠠᠷᠢᠭᠤᠴᠠᠯᠭ᠎ᠠ ᠠᠴᠠ ᠳᠡᠭᠡᠭᠰᠢᠬᠢ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠠᠶᠢᠪᠠᠯ | ᠲᠡᠭᠦᠨ ᠤ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ | ᠪᠣᠯᠭᠠᠨ᠎ᠠ᠃ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠨᠢ ᠬᠦᠴᠦᠨ ᠦᠭᠡᠢ ᠪᠣᠯᠭᠠᠭᠰᠠᠨ ᠪᠠᠶᠢᠪᠠᠯ 3 ᠵᠢᠯ ᠤᠨ | ᠳᠣᠲᠣᠷ᠎ᠠ ᠳᠠᠬᠢᠨ ᠭᠤᠶᠤᠴᠢᠯᠠᠵᠤ ᠪᠣᠯᠬᠤ ᠦᠭᠡᠢ ᠪᠥᠭᠡᠳ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠬᠦ ᠮᠥᠷᠲᠡᠭᠡᠨ ︽ᠬᠠᠷ᠎ᠠ ᠳᠠᠩᠰᠠ︾ ᠶᠢ ᠨᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠰᠢᠨ᠎ᠡ ᠬᠡᠪᠯᠡᠯ ᠤᠨ ᠴᠠᠭ ᠤᠨ ᠬᠤᠷᠳᠤ ᠶᠢᠨ ᠬᠢᠵᠠᠭᠠᠷᠯᠠᠯᠲᠠ ᠶᠢ ᠭᠠᠳᠠᠭᠰᠢ ᠭᠠᠷᠬᠤ ᠳᠤ ᠪᠠᠨ ᠰᠠᠶᠢᠲᠤᠷ | ᠦᠵᠡᠭᠡᠷᠡᠢ | ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠲᠡᠷᠭᠡ ᠲᠦᠷᠭᠡᠨ ᠬᠤᠷᠳᠤ ᠶᠢᠨ ᠵᠠᠰᠠᠮᠠᠯ ᠵᠠᠮ ᠳᠡᠭᠡᠷ᠎ᠡ | ᠬᠤᠷᠳᠤᠴᠠ ᠪᠠᠨ 100 ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ ᠨᠢᠭᠡᠳᠦᠭᠡᠷ ᠳᠡᠰ ᠤᠨ ᠵᠠᠰᠠᠮᠠᠯ | ᠵᠠᠮ᠂ ᠬᠤᠶᠠᠳᠤᠭᠠᠷ ᠳᠡᠰ ᠤᠨ ᠵᠠᠰᠠᠮᠠᠯ ᠵᠠᠮ᠂ ᠭᠤᠷᠪᠠᠳᠤᠭᠠᠷ ᠳᠡᠰ ᠠᠴᠠ ᠳᠣᠷᠣᠭᠰᠢᠬᠢ ᠵᠠᠰᠠᠮᠠᠯ ᠵᠠᠮ ᠳᠡᠭᠡᠷ᠎ᠡ | ᠶᠠᠪᠤᠬᠤ ᠬᠤᠷᠳᠤᠴᠠ ᠪᠠᠨ ᠲᠤᠰᠪᠣᠷᠢ 80 ᠺᠢᠯᠣᠮᠧᠲᠷ᠂ 70 ᠺᠢᠯᠣᠮᠧᠲᠷ᠂ 60 ᠺᠢᠯᠣᠮᠧᠲᠷ \ ᠴᠠᠭ ᠠᠴᠠ | ᠳᠠᠪᠠᠭᠤᠯᠵᠤ ᠪᠣᠯᠬᠤ ᠦᠭᠡᠢ᠂ ᠰᠥᠨᠢ ᠶᠢᠨ ᠬᠤᠷᠳᠤᠴᠠ ᠪᠠᠨ ᠬᠤᠷᠳᠤᠴᠠ ᠬᠢᠵᠠᠭᠠᠷᠯᠠᠬᠤ ᠬᠡᠮᠵᠢᠭᠳᠡᠯ ᠤᠨ | 80% ᠠᠴᠠ ᠬᠡᠲᠦᠷᠡᠭᠦᠯᠵᠦ ᠪᠣᠯᠬᠤ ᠦᠭᠡᠶ᠃ ᠲᠣᠮᠣ ᠳᠤᠮᠳᠠ ᠬᠡᠯᠪᠡᠷᠢ ᠶᠢᠨ ᠠᠴᠢᠶᠠᠨ ᠤ ᠲᠡᠷᠭᠡ ᠲᠦᠷᠭᠡᠨ | ᠬᠤᠷᠳᠤ ᠶᠢᠨ ᠵᠠᠰᠠᠮᠠᠯ ᠵᠠᠮ ᠳᠡᠭᠡᠷ᠎ᠡ ᠬᠤᠷᠳᠤᠴᠠ ᠪᠠᠨ 80 ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠂ | ᠨᠢᠭᠡᠳᠦᠭᠡᠷ ᠳᠡᠰ ᠤᠨ ᠵᠠᠰᠠᠮᠠᠯ ᠵᠠᠮ᠂ ᠬᠤᠶᠠᠳᠤᠭᠠᠷ ᠳᠡᠰ ᠤᠨ ᠵᠠᠰᠠᠮᠠᠯ ᠵᠠᠮ᠂ ᠭᠤᠷᠪᠠᠳᠤᠭᠠᠷ ᠳᠡᠰ ᠠᠴᠠ | ᠳᠣᠷᠣᠭᠰᠢᠬᠢ ᠵᠠᠰᠠᠮᠠᠯ ᠵᠠᠮ ᠳᠡᠭᠡᠷ᠎ᠡ ᠬᠤᠷᠳᠤᠴᠠ ᠪᠠᠨ ᠲᠤᠰᠪᠣᠷᠢ 70 ᠺᠢᠯᠣᠮᠧᠲᠷ᠂ 60 ᠺᠢᠯᠣᠮᠧᠲᠷ᠂ 50 | ᠺᠢᠯᠣᠮᠧᠲᠷ \ ᠴᠠᠭ ᠠᠴᠠ ᠳᠠᠪᠠᠭᠤᠯᠵᠤ ᠪᠣᠯᠬᠤ ᠦᠭᠡᠢ᠃ ᠬᠤᠷᠳᠤᠴᠠ ᠬᠢᠵᠠᠭᠠᠷᠯᠠᠬᠤ ᠪᠠᠷᠢᠮᠵᠢᠶ᠎ᠠ ᠨᠢ ᠳᠡᠭᠡᠷᠡᠬᠢ | ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠲᠤᠰ ᠵᠠᠮ ᠤᠨ ᠬᠡᠰᠡᠭ ᠤᠨ ᠪᠠᠷᠢᠮᠵᠢᠶ᠎ᠠ ᠪᠠᠷ ᠪᠠᠷᠢᠮᠵᠢᠶᠠᠯᠠᠨ᠎ᠠ᠃ | ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠲᠡᠷᠭᠡ ᠳᠤ ᠰᠢᠨ᠎ᠡ | ᠲᠣᠭᠲᠠᠭᠠᠯ ᠭᠠᠷᠭᠠᠪᠠ | ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠶᠢ | ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠶᠢ ᠴᠠᠭᠠᠵᠠᠯᠠᠬᠤ ᠶᠢᠨ ᠲᠥᠯᠥᠭᠡ᠂ ︽ᠲᠡᠭᠡᠭᠡᠪᠦᠷᠢ ᠶᠢᠨ ᠲᠡᠷᠭᠡ ᠶᠢ | ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠳᠤ ᠡᠷᠬᠡᠪᠰᠢ ᠨᠢᠬᠡᠲᠦᠯᠲᠡᠢ | ᠢᠯᠡᠳᠬᠡᠮᠵᠢ ᠶᠢᠨ ᠲᠡᠮᠳᠡᠭ ᠨᠠᠭᠠᠬᠤ ᠪᠣᠶᠤ ᠰᠦᠷᠴᠢᠨ ᠪᠣᠳᠣᠬᠤ ᠬᠡᠷᠡᠭᠲᠡᠢ᠃ ᠵᠢᠭᠤᠯᠴᠢᠯᠠᠯ ᠤᠨ ᠬᠥᠯᠦᠰᠦᠨ ᠲᠡᠷᠭᠡᠨ | ᠳᠤ ︽ᠲᠡᠷᠭᠡ ᠬᠥᠯᠦᠰᠦᠯᠡᠭᠦᠯᠬᠦ ᠡᠵᠡᠩᠨᠡᠯᠲᠡ ᠶᠢᠨ ᠲᠡᠮᠳᠡᠭ︾ ᠦᠭᠡᠢ ᠪᠤᠶᠤ ᠬᠠᠭᠤᠷᠮᠠᠭ ︽ᠲᠡᠷᠭᠡ ᠬᠥᠯᠦᠰᠦᠯᠡᠭᠦᠯᠬᠦ | ᠡᠵᠡᠩᠨᠡᠯᠲᠡ ᠶᠢᠨ ᠲᠡᠮᠳᠡᠭ︾ ᠲᠠᠢ᠂ ᠬᠡᠪᠴᠢᠶ᠎ᠡ ᠠᠴᠠ ᠪᠠᠨ ᠬᠡᠲᠦᠷᠡᠨ ᠡᠵᠡᠩᠨᠡᠭᠰᠡᠨ᠂ ᠵᠢᠴᠢ ︽ᠲᠡᠭᠡᠭᠡᠪᠦᠷᠢ ᠶᠢᠨ | ᠲᠡᠷᠭᠡ ᠶᠢ ᠲᠡᠭᠡᠭᠡᠪᠦᠷᠢ ᠶᠢᠨ ᠪᠣᠰᠣ ᠲᠡᠷᠭᠡ ᠪᠣᠯᠭᠠᠭᠰᠠᠨ︾ ᠠᠶᠠᠨᠴᠢᠳ ᠤᠨ ᠲᠡᠷᠭᠡ ᠬᠠᠤᠯᠢ ᠪᠤᠰᠤ ᠪᠠᠷ ᠡᠵᠡᠩᠨᠡᠬᠦ ᠳᠤ | ᠬᠤᠯᠪᠣᠭᠳᠠᠭᠰᠠᠨ ᠪᠠᠶᠢᠪᠠᠯ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ︽ᠵᠠᠮ ᠲᠡᠭᠡᠭᠡᠪᠦᠷᠢ ᠶᠢᠨ ᠳᠦᠷᠢᠮ︾ ᠶᠣᠰᠣᠭᠠᠷ | ᠴᠢᠩᠭ᠎ᠠ ᠪᠠᠷ ᠰᠢᠳᠬᠡᠨ ᠲᠣᠷᠭᠠᠨ᠎ᠠ᠃ | ᠠᠶᠤᠯᠲᠤ ᠬᠢᠮᠢ ᠶᠢᠨ ᠵᠦᠢᠯ ᠤᠨ ᠲᠡᠭᠡᠭᠡᠪᠦᠷᠢ ᠶᠢᠨ ᠲᠡᠷᠭᠡ 500 ᠮᠧᠲᠷ ᠠᠴᠠ ᠳᠡᠭᠡᠭᠰᠢᠬᠢ ᠵᠠᠰᠠᠮᠠᠯ ᠵᠠᠮ ᠤᠨ | ᠨᠦᠬᠡᠨ ᠵᠠᠮ ᠢᠶᠠᠷ ᠨᠡᠪᠲᠡᠷᠡᠬᠦ ᠶᠢ ᠴᠢᠩᠭ᠎ᠠ ᠴᠠᠭᠠᠵᠠᠯᠠᠨ᠎ᠠ᠃ ᠠᠵᠤ ᠠᠬᠤᠶᠢᠯᠠᠯ ᠲᠡᠬᠡᠬᠡᠪᠦᠷᠢ ᠶᠢᠨ ᠬᠢᠷᠢ ᠴᠢᠳᠠᠮᠵᠢ | ᠣᠯᠣᠭᠰᠠᠨ ᠦᠭᠡᠢ᠂ ᠲᠡᠷᠭᠡ ᠨᠢ ᠲᠡᠭᠡᠭᠡᠪᠦᠷᠢ ᠶᠢᠨ ᠵᠥᠪᠰᠢᠶᠡᠷᠡᠯ ᠣᠯᠤᠭᠰᠠᠨ ᠦᠭᠡᠢ᠂ ᠵᠢᠯᠣᠭᠤᠴᠢ ᠪᠣᠯᠣᠨ ᠳᠠᠷᠤᠨ | ᠬᠦᠷᠭᠡᠭᠴᠢ ᠨᠢ ᠠᠶᠤᠯᠲᠤ ᠬᠢᠮᠢ ᠶᠢᠨ ᠵᠦᠢᠯ ᠢ ᠲᠡᠬᠡᠬᠡᠪᠦᠷᠢᠯᠡᠬᠦ ᠠᠵᠢᠯ ᠡᠷᠬᠢᠯᠡᠬᠦ ᠬᠢᠷᠢ ᠬᠡᠮ ᠣᠯᠤᠭᠰᠠᠨ ᠦᠭᠡᠢ ᠪᠠᠷ | ᠠᠶᠤᠯᠲᠤ ᠬᠢᠮᠢ ᠶᠢᠨ ᠵᠦᠢᠯ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ | ᠭᠡᠷᠡᠴᠢ ᠦᠨᠡᠮᠯᠡᠯ ᠪᠦᠷᠢᠨ ᠪᠤᠰᠤ᠂ ᠠᠵᠢᠯᠯᠠᠬᠤ ᠬᠢᠷᠢ ᠬᠡᠮ ᠤᠨ ᠦᠨᠡᠮᠯᠡᠯ ᠦᠭᠡᠶ ᠪᠠ ᠬᠢᠷᠢ ᠲᠡᠩᠴᠡᠭᠰᠡᠨ ᠦᠭᠡᠢ | ᠲᠡᠷᠭᠡᠨ ᠳᠤ ᠠᠶᠤᠯᠲᠤ ᠬᠢᠮᠢ ᠶᠢᠨ ᠵᠦᠢᠯ ᠠᠴᠢᠶᠠᠯᠠᠬᠤ ᠶᠢ ᠴᠢᠩᠭ᠎ᠠ ᠴᠠᠭᠠᠵᠠᠯᠠᠵᠤ᠂ ᠬᠠᠤᠯᠢ ᠪᠤᠰᠤ ᠪᠠᠷ ᠠᠶᠤᠯᠲᠤ | ᠬᠢᠮᠢ ᠶᠢᠨ ᠵᠦᠢᠯ ᠠᠴᠢᠶᠠᠯᠠᠬᠤ ᠶᠢ ᠴᠢᠩᠭ᠎ᠠ ᠴᠠᠭᠠᠵᠠᠯᠠᠨ᠎ᠠ᠃ | ᠰᠢᠨ᠎ᠡ ᠪᠠᠷ ᠪᠦᠷᠢᠳᠬᠡᠭᠦᠯᠦᠭᠰᠡᠨ ᠰᠢᠩᠭᠡᠨ ᠪᠡᠶᠡᠲᠦ ᠠᠶᠤᠯᠲᠤ ᠡᠳ᠋ ᠰᠠᠪᠠᠯᠠᠬᠤ ᠪᠢᠲᠡᠭᠦᠦ ᠲᠡᠷᠭᠡ ᠶᠢᠨ ᠪᠠᠴᠢᠮ | ᠲᠠᠰᠤᠯᠪᠤᠷᠢ ᠶᠢᠨ ᠲᠥᠬᠦᠭᠡᠷᠦᠮᠵᠢ ᠶᠢᠨ ᠰᠢᠯᠭᠠᠨ ᠪᠠᠶᠢᠴᠠᠭᠠᠯᠲᠠ ᠪᠠ ᠡᠬᠢ ᠡᠭᠦᠰᠦᠯ ᠠᠴᠠ ᠨᠢ ᠠᠳᠬᠤᠬᠤ ᠶᠢ | ᠴᠢᠩᠭᠠᠳᠬᠠᠵᠤ᠂ ᠪᠠᠴᠢᠮ ᠲᠠᠰᠤᠯᠪᠤᠷᠢ ᠶᠢᠨ ᠲᠥᠬᠦᠭᠡᠷᠦᠮᠵᠢ ᠤᠭᠰᠠᠷᠠᠭᠰᠠᠨ ᠦᠭᠡᠶ ᠰᠢᠩᠭᠡᠨ ᠪᠡᠶᠡᠲᠦ ᠠᠶᠤᠯᠲᠤ ᠡᠳ᠋ | ᠰᠠᠪᠠᠯᠠᠬᠤ ᠪᠢᠲᠡᠭᠦᠦ ᠲᠡᠷᠭᠡ ᠵᠠᠮ ᠳᠡᠭᠡᠷ᠎ᠡ ᠭᠠᠷᠬᠤ ᠶᠢ ᠴᠢᠩᠭ᠎ᠠ ᠴᠠᠭᠠᠵᠠᠯᠠᠬᠤ ᠪᠥᠭᠡᠳ ᠶᠠᠪᠤᠬᠤ ᠳᠤᠮᠳᠠ ᠪᠠᠴᠢᠮ | ᠲᠠᠰᠤᠯᠪᠤᠷᠢ ᠶᠢᠨ ᠲᠥᠬᠦᠭᠡᠷᠦᠮᠵᠢ ᠶᠢᠨ ᠨᠡᠬᠡᠬᠡᠭᠳᠡᠬᠦ ᠦᠭᠡᠢ ᠪᠠᠶᠢᠬᠤ ᠶᠢ ᠡᠷᠬᠡᠪᠰᠢ ᠪᠠᠲᠤᠯᠠᠬᠤ ᠬᠡᠷᠡᠭᠲᠡᠢ᠃ ᠠᠳᠠᠯᠢ | ᠨᠢᠭᠡᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠤᠶᠠᠷ ᠵᠢᠯ ᠤᠨ ᠳᠣᠲᠣᠷ᠎ᠠ ᠠᠶᠠᠨᠴᠢᠳ ᠤᠨ ᠲᠤᠭ᠎ᠠ ᠨᠢ | ᠬᠡᠲᠦᠷᠡᠭᠰᠡᠨ᠂ ᠳᠠᠭᠠᠭᠠᠴᠠ ᠨᠢ ᠬᠡᠲᠦᠷᠡᠵᠦ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠤᠶᠠᠷ | ᠤᠳᠠᠭ᠎ᠠ ᠠᠴᠠ ᠳᠡᠭᠡᠭᠰᠢ ᠭᠠᠷᠭᠠᠭᠰᠠᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠪᠣᠯᠣᠨ ᠡᠵᠡᠩᠨᠡᠯᠲᠡ ᠶᠢ ᠭᠤᠣᠯᠴᠢᠯᠠᠨ ᠬᠠᠮᠢᠶᠠᠷᠬᠤ | ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯᠲᠠᠨ ᠢ ᠲᠤᠰ ᠲᠤᠰ 2000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ | ᠬᠦᠨᠳᠦ ᠶᠡᠭᠡ ᠠᠴᠠ ᠳᠡᠭᠡᠭᠰᠢᠬᠢ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠤᠰᠢᠶᠠᠯ ᠢ ᠤᠭᠴᠠᠷᠠᠭᠤᠯᠤᠨ᠎ᠠ | ᠲᠡᠭᠡᠭᠡᠪᠦᠷᠢ ᠶᠢᠨ ᠠᠶᠠᠨᠴᠢᠳ ᠤᠨ ᠲᠡᠷᠭᠡ ᠨᠢ ᠨᠡᠯᠢᠶᠡᠳ ᠶᠡᠭᠡ ᠠᠴᠠ ᠳᠡᠭᠡᠭᠰᠢᠬᠢ ᠵᠠᠮ ᠬᠠᠷᠢᠯᠴᠠᠭᠠᠨ ᠤ | ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠪᠠᠶᠢᠪᠠᠯ᠂ ᠠᠮᠤᠷ ᠲᠥᠪᠰᠢᠨ ᠳᠤ ᠬᠢᠨᠠᠯᠲᠠ ᠲᠠᠯᠪᠢᠬᠤ᠂ ᠵᠠᠮ ᠬᠠᠷᠢᠯᠴᠠᠭ᠎ᠠ | ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ ᠶᠡᠭᠡ ᠠᠴᠠ ᠳᠡᠭᠡᠭᠰᠢᠬᠢ ᠬᠠᠷᠢᠭᠤᠴᠠᠯᠭ᠎ᠠ ᠶᠢᠨ ᠠᠳᠡᠯ | ᠭᠠᠷᠭᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠢ ᠬᠠᠤᠯᠢ ᠶᠣᠰᠣᠭᠠᠷ ᠤᠭᠴᠠᠷᠠᠭᠤᠯᠵᠤ᠂ 5 | ᠵᠢᠯ ᠤᠨ ᠳᠣᠲᠣᠷ᠎ᠠ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠲᠤᠰᠢᠶᠠᠯ ᠢ | ᠡᠭᠦᠷᠭᠡᠯᠡᠵᠦ ᠪᠣᠯᠬᠤ ᠦᠭᠡᠢ︔ ᠶᠠᠯ᠎ᠠ ᠬᠢᠭᠰᠡᠨ ᠳᠤ ᠲᠣᠭᠠᠴᠢᠭᠳᠠᠭᠰᠠᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠬᠦᠨᠳᠦ ᠶᠡᠭᠡ ᠠᠴᠠ ᠳᠡᠭᠡᠭᠰᠢᠬᠢ ᠪᠤᠶᠤ ᠬᠠᠭᠠᠰ ᠵᠢᠯ ᠤᠨ ᠳᠣᠲᠣᠷ᠎ᠠ ᠨᠡᠯᠢᠶᠡᠳ | ᠶᠡᠭᠡ ᠬᠠᠷᠢᠭᠤᠴᠠᠯᠭ᠎ᠠ ᠶᠢᠨ ᠠᠳᠡᠯ ᠢ ᠬᠤᠶᠠᠷ ᠤᠳᠠᠭ᠎ᠠ ᠭᠠᠷᠭᠠᠭᠰᠠᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠢ ᠵᠠᠮ | ᠬᠠᠷᠢᠯᠴᠠᠭᠠᠨ ᠤ ᠰᠠᠯᠠᠭ᠎ᠠ ᠮᠥᠴᠢᠷ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ | ᠴᠡᠭᠴᠡᠯᠡᠭᠦᠯᠵᠦ᠂ ᠴᠡᠭᠴᠡᠯᠡᠭᠰᠡᠨ ᠤ ᠳᠠᠷᠠᠭ᠎ᠠ ᠠᠶᠤᠯᠭᠦᠶ ᠦᠢᠯᠡᠳᠪᠦᠷᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ | ᠰᠡᠷᠭᠦᠭᠡᠨ ᠡᠵᠡᠩᠨᠡᠬᠦ ᠶᠢ ᠵᠦᠪᠰᠢᠶᠡᠷᠡᠨ᠎ᠡ︔ ᠠᠵᠢᠯ ᠢ ᠨᠢ ᠵᠣᠭᠰᠣᠭᠠᠨ ᠴᠡᠭᠴᠡᠯᠡᠭᠦᠯᠦᠭᠡᠳ ᠮᠥᠨ ᠯᠡ ᠠᠶᠤᠯᠭᠦᠶ | ᠦᠢᠯᠡᠳᠪᠦᠷᠢᠯᠡᠬᠦ ᠨᠥᠬᠦᠴᠡᠯ ᠪᠦᠷᠢᠯᠳᠦᠭᠦᠯᠦᠭᠰᠡᠨ ᠦᠭᠡᠶ ᠪᠠᠶᠢᠪᠠᠯ᠂ ᠵᠠᠮ ᠲᠡᠭᠡᠭᠡᠪᠦᠷᠢ ᠡᠵᠡᠩᠨᠡᠬᠦ ᠵᠥᠪᠰᠢᠶᠡᠷᠡᠯ ᠤᠨ | ᠦᠨᠡᠮᠯᠡᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠪᠢᠷᠠᠭᠠᠬᠤ᠂ ᠲᠡᠮᠳᠡᠭᠯᠡᠯᠲᠡ ᠶᠢ | ᠨᠢ ᠬᠦᠴᠦᠨ ᠦᠭᠡᠢ ᠪᠣᠯᠭᠠᠨ᠎ᠠ᠃ |