9 ᠳ᠋ᠦ᠋ᠭᠡᠷ ᠰᠠᠷ᠎ᠠ ᠶᠢᠨ 2 ᠤᠨ ᠦᠲᠠ ᠶᠢᠨ ᠬᠤᠶᠢᠨ᠎ᠠ᠂ ᠦᠪᠠᠷᠲᠠᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠡᠳ᠋ ᠱᠦᠵᠢ᠂ ᠦᠪᠠᠷᠲᠠᠬᠡᠨ ᠵᠠᠰᠠᠬᠤ ᠤᠷᠤᠨ ᠤ ᠲᠠᠷᠢᠬᠦᠯᠡᠭᠴᠢ ᠪᠠᠭᠠᠲᠤᠷ ᠦᠪᠠᠷᠲᠠᠬᠡᠨ ᠵᠠᠰᠠᠬᠤ | ᠤᠷᠤᠨ ᠤ ᠵᠠᠰᠠᠭ ᠤᠨ ᠤᠷᠲᠤᠨ ᠤ ᠪᠠᠶᠢᠡᠭᠭᠤ ᠶᠢᠨ ᠬᠤᠷᠠᠯ ᠢ ᠡᠷᠬᠢᠯᠠᠨ ᠬᠤᠷᠠᠯᠲᠤᠭᠤᠯᠵᠤ᠂ ︽ᠦᠪᠤᠷ ᠮᠤᠩᠭᠤᠯ ᠤᠨ | ᠦᠪᠠᠷᠲᠠᠬᠡᠨ ᠵᠠᠰᠠᠬᠤ ᠤᠷᠤᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ | ᠬᠤᠷᠢᠶ᠎ᠠ ᠶᠢᠨ ᠶᠡᠷᠤᠩᠬᠡᠶᠢᠯᠡᠭᠰᠡᠨ ᠥᠬᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠬᠦᠯᠬᠦ ᠲᠤᠬᠠᠢ ᠬᠡᠷᠡᠭᠵᠢᠬᠦᠯᠬᠦ | ᠲᠦᠰᠤᠯ︾᠂ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠦᠨᠲᠤᠰᠤᠨ ᠱᠠᠲᠤᠨ ᠤ ᠡᠮ ᠡᠮᠨᠡᠯᠬᠡ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠥᠩᠬᠡᠶᠢᠯᠡᠭᠰᠡᠨ ᠥᠬᠡᠷᠡᠴᠢᠯᠡᠯᠲᠡ ᠶᠢ ᠴᠢᠨᠠᠭᠰᠢᠲᠠ ᠠᠬᠢᠭᠤᠯᠬᠤ | ᠲᠤᠬᠠᠢ ᠰᠠᠨᠠᠯ︾᠂ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ | ᠪᠠᠶ᠎ᠠ ᠶᠢᠨ ᠲᠠᠮᠢᠷ ᠤᠨ ᠠᠵᠤ ᠦᠢᠯᠡᠰ ᠢ ᠲᠦᠷᠬᠡᠳᠬᠡᠨ ᠬᠦᠭᠵᠢᠬᠦᠯᠵᠤ ᠪᠠᠶ᠎ᠠ ᠶᠢᠨ ᠲᠠᠮᠢᠷ ᠤᠨ ᠬᠡᠷᠡᠭᠯᠡᠭᠡ ᠶᠢ | ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ︾᠂ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ | ᠰᠢᠨᠵᠢᠯᠡᠬᠦ ᠤᠬᠠᠭᠠᠨ ᠮᠡᠷᠬᠡᠵᠢᠯ ᠤᠨ ᠨᠠᠶᠢᠬᠡᠮᠯᠢᠭ ᠲᠤ ᠬᠠᠷᠢᠶᠠᠯᠠᠭᠲᠠᠬᠤ ᠨᠠᠶᠢᠬᠡᠮᠯᠢᠭ ᠢ ᠵᠠᠰᠠᠭ ᠤᠨ ᠤᠷᠲᠤᠨ ᠤ | ᠡᠬᠦᠷᠬᠡ ᠴᠢᠲᠠᠪᠬᠢᠲᠤ ᠲᠤᠷᠰᠢᠯᠲᠠ ᠶᠢᠨ ᠴᠢᠭ᠋ ᠲᠤ ᠰᠢᠯᠵᠢᠬᠦᠯᠬᠦ ᠠᠵᠢᠯ ᠢ ᠡᠮᠬᠢ ᠲᠠᠷᠠᠭ᠎ᠠ ᠲᠠᠢ ᠪᠠᠷ ᠵᠠᠯᠭᠠᠭᠤᠯᠬᠤ | ᠲᠤᠬᠠᠢ ᠬᠡᠷᠡᠭᠵᠢᠬᠦᠯᠬᠦ ᠲᠦᠰᠤᠯ︾ ᠪᠠ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠬᠡᠷᠠᠴᠢ ᠶᠢᠨ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠤᠷᠤᠭᠤᠯᠬᠤ ᠲᠦᠰᠤᠯ︶︾ | ᠶᠢ ᠰᠤᠲᠤᠯᠪᠠ᠃ | ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠠᠷᠲᠠᠬᠡᠨ ᠵᠠᠰᠠᠬᠤ | ᠤᠷᠤᠨ ᠤ ᠲᠠᠳ᠋ ᠲᠠᠷᠢᠬᠦᠯᠡᠭᠴᠢ ᠹᠦ᠋ ᠲᠠᠢ ᠽᠸᠡᠭ᠂ ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠸᠠᠩ | ᠢᠤᠢ ᠮᠢᠩ᠂ ᠸᠠᠩ ᠪᠦᠸᠧ᠂ ᠪᠠᠢ ᠰᠢᠶᠠᠩ ᠴᠢᠶᠦ᠋ᠨ᠂ ᠴᠠᠩ ᠵᠢᠶᠦ᠋ᠨ ᠵᠸᠡᠭ᠂ ᠦᠪᠠᠷᠲᠠᠬᠡᠨ ᠵᠠᠰᠠᠬᠤ ᠤᠷᠤᠨ ᠤ | ᠵᠠᠰᠠᠭ ᠤᠨ ᠤᠷᠲᠤᠨ ᠤ ᠨᠠᠷᠢᠨ ᠪᠢᠴᠢᠭ ᠤᠨ ᠲᠠᠷᠤᠭ᠎ᠠ ᠳ᠋ᠸᠡᠭ ᠶᠤᠸᠠᠢ ᠯᠸᠤ ᠬᠤᠷᠠᠯ ᠳᠤ ᠤᠷᠤᠯᠴᠠᠵᠠᠢ᠃ | ᠦᠪᠠᠷᠲᠠᠬᠡᠨ ᠵᠠᠰᠠᠬᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠶᠢᠨ ᠬᠠᠷᠢᠭᠤᠴᠠᠯᠭᠠᠲᠠᠳ | ᠬᠤᠷᠠᠯ ᠳᠤ ᠰᠤᠯᠠ ᠤᠷᠤᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠬᠡ ᠶᠢᠨ ᠬᠤᠷᠢᠶ᠎ᠠ ᠶᠢ ᠶᠠᠷᠦᠩᠬᠡᠶᠢᠯᠠᠨ ᠦᠬᠡᠷᠠᠴᠢᠯᠠᠬᠦ ᠶᠢ ᠠᠬᠢᠭᠤᠯᠬᠤ ᠪᠤᠯ ᠡᠮ ᠡᠮᠨᠡᠯᠬᠡ ᠡᠷᠠᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠬᠡᠷᠠᠴᠢᠯᠠᠯᠲᠠ ᠶᠢᠨ ᠴᠢᠬᠤᠯᠠ ᠠᠭᠤᠯᠭ᠎ᠠ ᠪᠠᠶᠢᠵᠤ᠂ ᠦᠨᠲᠤᠰᠤᠨ ᠱᠠᠲᠤᠨ ᠤ ᠡᠮ | ᠡᠮᠨᠡᠯᠬᠡ ᠶᠢᠨ ᠲᠤᠤᠷ ᠢ ᠲᠠᠬᠦᠯᠲᠠᠷᠵᠢᠬᠦᠯᠬᠦ᠂ ᠦᠢᠯᠡᠴᠢᠯᠡᠬᠡᠨ ᠤ ᠴᠢᠨᠠᠷ ᠴᠢᠨᠰᠠᠭ᠎ᠠ ᠶᠢ ᠲᠠᠬᠡᠭᠰᠢᠯᠡᠬᠦᠯᠬᠦ᠂ ᠤᠯᠠᠨ | ᠲᠦᠮᠠᠨ ᠤ ︽ᠡᠪᠠᠳᠴᠢᠨ ᠦᠵᠡᠬᠦᠯᠬᠦ ᠳᠤ ᠬᠦᠴᠢᠷ᠂ ᠡᠪᠠᠳᠴᠢᠨ ᠦᠵᠡᠬᠦᠯᠬᠦ ᠳᠤ ᠦᠨᠠᠲᠠᠢ︾ ᠠᠰᠠᠭᠤᠳᠠᠯ ᠢ | ᠰᠢᠢᠳᠪᠦᠷᠢᠯᠡᠬᠦ ᠵᠠᠩᠬᠢᠯᠠᠭ᠎ᠠ ᠶᠢᠨ ᠠᠷᠭ᠎ᠠ ᠬᠡᠮᠵᠢᠶ᠎ᠠ ᠪᠤᠯᠤᠨ᠎ᠠ᠃ ᠡᠯ᠎ᠠ ᠭᠠᠵᠠᠷ ᠤᠷᠤᠨ᠂ ᠡᠯ᠎ᠠ ᠬᠤᠯᠪᠤᠭᠲᠠᠯ ᠪᠦᠬᠦᠢ | ᠰᠠᠯᠠᠭ᠎ᠠ ᠮᠦᠴᠢᠷ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶ᠎ᠠ ᠪᠠ ᠦᠪᠠᠷᠲᠠᠬᠡᠨ ᠵᠠᠰᠠᠬᠤ | ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠲᠤᠨ ᠤ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠲᠠ ᠶᠢ | ᠦᠨᠲᠤᠰᠤᠯᠠᠨ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶ᠎ᠠ ᠶᠢᠨ | ᠦᠬᠡᠷᠠᠴᠢᠯᠠᠯᠲᠠ ᠶᠢ ᠬᠦᠨᠵᠡᠬᠡᠶᠢᠷᠠᠬᠦᠯᠬᠦ ᠪᠠᠷ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ | ᠬᠡᠮᠵᠢᠶ᠎ᠠ ᠪᠤᠯᠭᠠᠨ ᠪᠦᠬᠦ ᠲᠠᠯ᠎ᠠ ᠪᠠᠷ ᠬᠡᠷᠡᠭᠵᠢᠬᠦᠯᠬᠦ ᠬᠡᠷᠡᠭᠲᠠᠢ᠃ ᠲᠦᠪ ᠭᠤᠤᠯᠴᠢ ᠶᠢ ᠡᠷᠬᠢᠮᠯᠠᠨ᠂ ᠤᠯᠠᠨ | ᠲᠦᠮᠠᠨ ᠳᠤ ᠠᠰᠢᠭ ᠬᠦᠷᠲᠠᠬᠡᠬᠦ ᠪᠠᠷ ᠦᠬᠡᠷᠠᠴᠢᠯᠠᠯᠲᠠ ᠶᠢᠨ ᠭᠠᠷᠤᠭ᠎ᠠ ᠪᠠ ᠳᠤᠰᠤᠯᠳᠠ ᠪᠤᠯᠭᠠᠵᠤ᠂ ᠡᠮᠴᠢᠯᠡᠭᠡ᠂ ᠡᠮ | ᠡᠮᠨᠡᠯᠬᠡ ᠶᠢᠨ ᠲᠠᠭᠠᠳᠬᠠᠯ᠂ ᠡᠮ ᠡᠮᠨᠡᠯᠬᠡ ᠵᠡᠷᠬᠡ 3 ᠲᠠᠯ᠎ᠠ ᠶᠢᠨ ᠦᠬᠡᠷᠠᠴᠢᠯᠠᠯᠲᠠ ᠶᠢ ᠨᠢᠬᠡᠲᠤᠯᠲᠠᠢ | ᠲᠦᠯᠦᠪᠵᠢᠬᠦᠯᠥᠨ᠂ ᠦᠬᠡᠷᠠᠴᠢᠯᠠᠯᠲᠠ ᠶᠢᠨ ᠰᠢᠰᠲ᠋ᠧᠮᠲᠤ ᠴᠢᠨᠠᠷ᠂ ᠪᠦᠬᠦᠯᠢ ᠴᠤᠭᠴᠠᠲᠤ ᠴᠢᠨᠠᠷ ᠪᠠ ᠬᠠᠮᠵᠢᠯᠴᠠᠬᠤ | ᠴᠢᠨᠠᠷ ᠢ ᠴᠢᠨᠠᠭᠰᠢᠲᠠ ᠴᠢᠩᠭᠠᠳᠬᠠᠨ᠂ ᠲᠠᠬᠡᠷ᠎ᠠ ᠲᠤᠤᠷ᠎ᠠ᠂ ᠤᠷᠤᠨ ᠪᠦᠰᠠ ᠪᠠ ᠲᠤᠲᠤᠨ᠎ᠠ ᠭᠠᠲᠠᠨᠠᠬᠢ | ᠬᠤᠯᠪᠤᠭᠠᠯᠠᠬᠤ ᠶᠢ ᠠᠬᠢᠭᠤᠯᠬᠤ ᠰᠢᠰᠲ᠋ᠧᠮ ᠢ ᠪᠦᠷᠢᠯᠲᠤᠬᠦᠯᠵᠤ᠂ ᠬᠠᠮᠢᠶᠠᠷᠤᠯᠲᠠ ᠶᠢᠨ ᠰᠢᠰᠲ᠋ᠧᠮ᠂ ᠡᠷᠬᠢᠯᠲᠠ ᠶᠢᠨ | ᠪᠠᠶᠢᠭᠤᠯᠤᠮᠵᠢ᠂ ᠦᠢᠯᠡᠴᠢᠯᠡᠬᠡᠨ ᠤ ᠦᠨ᠎ᠠ ᠬᠠᠨᠭ᠍ᠰᠢ ᠶᠢ ᠲᠤᠬᠢᠷᠠᠭᠤᠯᠬᠤ᠂ ᠡᠮ ᠡᠮᠨᠡᠯᠬᠡ ᠶᠢᠨ ᠲᠠᠭᠠᠳᠬᠠᠯ ᠤᠯᠭᠤᠬᠤ | ᠵᠡᠷᠬᠡ ᠲᠠᠯ᠎ᠠ ᠪᠠᠷ ᠦᠨᠡᠨᠬᠦ ᠲᠠᠪᠠᠯᠲᠠ ᠭᠠᠷᠭᠠᠬᠤ ᠪᠠᠷ ᠴᠢᠷᠮᠠᠶᠢᠬᠤ ᠬᠡᠷᠡᠭᠲᠠᠢ ᠬᠡᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶ᠎ᠠ ᠶᠢᠨ ᠲᠠᠮᠢᠷ ᠤᠨ ᠠᠵᠤ ᠦᠢᠯᠡᠰ ᠢ ᠲᠦᠷᠬᠡᠳᠬᠡᠨ | ᠬᠦᠭᠵᠢᠬᠦᠯᠬᠦ ᠨᠢ ᠪᠠᠶ᠎ᠠ ᠶᠢᠨ ᠲᠠᠮᠢᠷ ᠤᠨ ᠪᠦᠲᠦᠬᠡᠭᠲᠠᠬᠦᠨ ᠪᠠ ᠦᠢᠯᠡᠴᠢᠯᠡᠬᠡᠨ ᠤ ᠬᠠᠨᠭ᠍ᠭᠠᠯᠭ᠎ᠠ ᠬᠡᠷᠡᠭᠴᠡᠭᠡ ᠶᠢ | ᠲᠠᠰᠤᠷᠠᠯᠲᠠ ᠦᠬᠡᠢ ᠪᠠᠶᠠᠯᠢᠡᠡᠵᠢᠭᠤᠯᠵᠤ᠂ ᠪᠠᠶ᠎ᠠ ᠶᠢᠨ ᠲᠠᠮᠢᠷ ᠤᠨ ᠠᠵᠤ ᠦᠢᠯᠡᠰ ᠢᠶᠠᠷ ᠰᠢᠨ᠎ᠠ ᠨᠢᠬᠡᠨ ᠠᠵᠤ | ᠠᠬᠤᠢ ᠶᠢᠨ ᠨᠡᠮᠡᠭᠳᠡᠯ ᠴᠡᠭ ᠪᠤᠯᠭᠠᠬᠤ ᠶᠢ ᠠᠬᠢᠭᠤᠯᠤᠨ᠂ ᠲᠤᠲᠤᠭᠠᠲᠤ ᠬᠡᠷᠡᠭᠴᠡᠭᠡ ᠶᠢ ᠦᠷᠬᠡᠳᠬᠡᠵᠤ᠂ ᠬᠡᠷᠡᠭᠯᠡᠭᠡ ᠶᠢ | ᠲᠠᠶᠢᠴᠢᠯᠠᠬᠤ ᠳᠤ ᠪᠤᠲᠠᠲᠤ ᠴᠢᠬᠤᠯᠠ ᠠᠴᠢ ᠬᠤᠯᠪᠤᠭᠲᠠᠯ ᠲᠠᠢ ᠶᠤᠮ᠃ ᠡᠯ᠎ᠠ ᠭᠠᠵᠠᠷ ᠤᠷᠤᠨ ᠪᠠᠶ᠎ᠠ ᠶᠢᠨ ᠲᠠᠮᠢᠷ ᠤᠨ | ᠠᠵᠤ ᠦᠢᠯᠡᠰ ᠢ ᠬᠦᠭᠵᠢᠬᠦᠯᠬᠦ᠂ ᠪᠠᠶ᠎ᠠ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠶᠢ ᠵᠠᠰᠠᠭ ᠤᠨ ᠤᠷᠲᠤᠨ ᠤ | ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠦᠬᠡᠷᠠᠴᠢᠯᠠᠯᠲᠠ ᠰᠢᠨ᠎ᠠ ᠶᠢ ᠡᠬᠦᠳᠬᠦ ᠶᠢ ᠪᠠᠷᠢᠮᠲᠠᠯᠠᠨ᠂ ᠵᠠᠬ᠎ᠠ | ᠲᠠᠯᠬᠡᠬᠦᠷ ᠤᠨ ᠦᠢᠯᠡᠲᠤᠯ ᠢ ᠪᠠᠲᠠᠷᠠᠭᠤᠯᠤᠨ᠂ ᠡᠷᠠᠬᠦᠯ ᠴᠢᠬᠢᠷᠠᠭ ᠠᠮᠢᠲᠤᠷᠠᠯ ᠢ ᠰᠠᠨᠠᠭᠠᠴᠢᠯᠠᠨ᠂ ᠬᠦᠭᠵᠢᠯᠲᠠ ᠳᠤ | ᠨᠦᠬᠦᠴᠠᠯ ᠡᠬᠦᠲᠤᠨ᠂ ᠨᠢᠬᠡᠲᠤᠯᠲᠠᠢ ᠵᠤᠬᠢᠴᠠᠭᠤᠯᠬᠤ ᠶᠢ ᠴᠢᠬᠤᠯᠠᠴᠢᠯᠠᠬᠤ ᠵᠠᠷᠴᠢᠮ ᠢᠶᠠᠷ᠂ ᠪᠠᠶ᠎ᠠ ᠶᠢᠨ ᠲᠠᠮᠢᠷ ᠤᠨ | ᠠᠵᠤ ᠦᠢᠯᠡᠰ ᠤᠨ ᠰᠠᠭᠤᠷᠢ ᠶᠢ ᠪᠠᠬᠢᠵᠢᠬᠦᠯᠤᠨ᠂ ᠤᠯᠠᠨ ᠡᠰᠢᠲᠤ ᠭᠤᠤᠯ ᠴᠤᠭᠴᠠ ᠶᠢ ᠪᠤᠶᠢᠵᠢᠭᠤᠯᠤᠨ᠂ | ᠤᠨᠴᠠᠯᠢᠭᠲᠤ ᠠᠵᠤ ᠦᠢᠯᠡᠰ ᠢ ᠬᠦᠭᠵᠢᠬᠦᠯᠤᠨ᠂ ᠪᠠᠶ᠎ᠠ ᠶᠢᠨ ᠲᠠᠮᠢᠷ ᠤᠨ ᠠᠵᠤ ᠦᠢᠯᠡᠰ ᠤᠨ ᠰᠢᠰᠲ᠋ᠧᠮ ᠢ ᠨᠠᠩ | ᠲᠠᠬᠦᠯᠲᠠᠷᠵᠢᠬᠦᠯᠵᠤ᠂ ᠤᠷᠴᠢᠮ ᠲᠤᠭᠤᠷᠢᠨ ᠢ ᠮᠡᠳᠡᠭᠲᠠᠮᠠ ᠰᠠᠶᠢᠵᠢᠷᠠᠭᠤᠯᠵᠤ᠂ ᠰᠠᠭᠤᠷᠢ ᠶᠢ ᠨᠠᠩ ᠪᠠᠬᠢᠵᠢᠬᠦᠯᠬᠦ | ᠬᠡᠷᠡᠭᠲᠠᠢ ᠬᠡᠪᠠ᠃ | ᠬᠤᠷᠠᠯ ᠠᠴᠠ ᠱᠠᠭᠠᠷᠲᠠᠭᠰᠠᠨ ᠨᠢ᠂ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠦᠪᠤᠷ ᠮᠤᠩᠭᠤᠯ ᠤᠨ | ᠦᠪᠠᠷᠲᠠᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠨᠠᠶᠢᠬᠡᠮᠯᠢᠭ ᠳᠤ ᠬᠠᠷᠢᠶᠠᠯᠠᠭᠲᠠᠬᠤ | ᠨᠠᠶᠢᠬᠡᠮᠯᠢᠭ ᠢ ᠵᠠᠰᠠᠭ ᠤᠨ ᠤᠷᠲᠤᠨ ᠤ ᠡᠬᠦᠷᠬᠡ ᠴᠢᠲᠠᠪᠬᠢᠲᠤ ᠲᠤᠷᠰᠢᠯᠲᠠ ᠶᠢᠨ ᠴᠢᠭ᠋ ᠲᠤ ᠰᠢᠯᠵᠢᠬᠦᠯᠬᠦ ᠠᠵᠢᠯ ᠢ | ᠡᠮᠬᠢ ᠲᠠᠷᠠᠭ᠎ᠠ ᠲᠠᠢ ᠪᠠᠷ ᠵᠠᠯᠭᠠᠭᠤᠯᠵᠤ᠂ ᠨᠠᠪᠲᠠᠷᠠᠯᠴᠠᠨ ᠵᠤᠬᠢᠴᠠᠭᠤᠯᠬᠤ ᠪᠠᠨ ᠴᠢᠩᠭᠠᠳᠬᠠᠨ᠂ ᠡᠬᠦᠷᠬᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠠᠵᠢᠯ ᠤᠨ ᠨᠡᠶᠢᠯᠡᠯ ᠬᠦᠴᠤᠨ ᠢ ᠪᠦᠷᠢᠯᠲᠤᠬᠦᠯᠬᠦ ᠬᠡᠷᠡᠭᠲᠠᠢ᠃ | ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠲᠤᠭᠤᠯᠤᠨ᠂ | ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠵᠡᠷᠬᠡ ᠭᠤᠤᠯ ᠠᠵᠢᠯ ᠤᠨ ᠲᠤᠭᠤᠷᠢᠨ ᠳᠤ᠂ ᠠᠵᠢᠯ ᠤᠨ | ᠠᠷᠭ᠎ᠠ ᠶᠢᠨ ᠰᠢᠨ᠎ᠠ ᠶᠢ ᠡᠬᠦᠳᠴᠤ᠂ ᠦᠷ᠎ᠠ ᠪᠦᠲᠦᠮᠵᠢ ᠶᠢᠨ ᠬᠢᠨᠠᠯᠲᠠ ᠲᠠᠯᠪᠢᠬᠤ ᠪᠠ ᠰᠢᠯᠭᠠᠨ ᠦᠨᠡᠯᠡᠬᠦ ᠶᠢ | ᠴᠢᠩᠭᠠᠳᠬᠠᠬᠤ ᠬᠡᠷᠡᠭᠲᠠᠢ ᠬᠡᠵᠠᠢ᠃ | ᠬᠤᠷᠠᠯ ᠠᠴᠠ ᠪᠠᠰᠠ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠬᠡᠷᠡᠴᠢ ᠶᠢᠨ ᠬᠠᠮᠢᠶᠠᠷᠤᠯᠲᠠ ᠶᠢᠨ ᠠᠷᠭ᠎ᠠ ︵ᠲᠦᠰᠤᠯ︶︾ ᠶᠢ ᠰᠤᠲᠤᠯᠬᠤ ᠶᠢᠨ ᠬᠠᠮᠲᠤ ᠵᠠᠷᠴᠢᠮ | ᠲᠠᠬᠡᠷ᠎ᠠ ᠪᠠᠨ ᠪᠠᠲᠤᠯᠠᠵᠤ᠂ ᠵᠠᠰᠠᠭ ᠤᠨ ᠤᠷᠲᠤᠨ ᠤ ᠵᠠᠷᠯᠢᠭ ᠤᠨ ᠬᠡᠯᠪᠠᠷᠢ ᠪᠠᠷ ᠨᠠᠶᠢᠲᠠᠯᠠᠨ ᠬᠡᠷᠡᠭᠵᠢᠬᠦᠯᠬᠦ ᠪᠠᠷ | ᠲᠤᠭᠲᠠᠪᠠ᠃ |