ᠪᠦᠬᠦ ᠤᠷᠤᠨ ᠤ ︽ᠬᠡᠷᠡᠯ ᠬᠡᠬᠡ ᠤᠯᠭᠤᠬᠤ︾ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ ᠲᠦᠩᠯᠢᠶᠤᠤ ᠬᠤᠳᠠ ᠳᠤ ᠡᠬᠢᠯᠠᠯ᠎ᠠ  ᠪᠦ᠋ ᠰᠢᠶᠤᠤ ᠯᠢᠨ ᠤᠷᠤᠯᠴᠠᠵᠠᠢ
ᠨᠡᠶᠢᠲᠡᠯᠡᠭᠰᠡᠨ ᠴᠠᠭ᠄
2015/9/5
     ᠬᠢᠩᠭᠠᠨ ᠠᠶᠢᠮᠠᠬ᠂ ᠬᠦᠯᠤᠨ ᠪᠤᠶᠢᠷ ᠬᠤᠳᠠ ᠳᠤ ᠵᠠᠯᠭᠠᠪᠠᠷ ᠡᠬᠢᠯᠡᠬᠦᠯᠦᠭᠰᠡᠨ ᠤ ᠲᠠᠷᠠᠭ᠎ᠠ᠂ ᠪᠦᠬᠦ ᠤᠷᠤᠨ ᠤ ︽ᠬᠡᠷᠡᠯ ᠬᠡᠬᠡ ᠤᠯᠭᠤᠬᠤ︾ ᠨᠡᠶᠢᠬᠡᠮ ᠤᠨ ᠠᠰᠠᠷᠠᠮᠵᠢ ᠶᠢᠨ ᠠᠵᠢᠯᠯᠠᠭ᠎ᠠ 8 ᠰᠠᠷ᠎ᠠ ᠶᠢᠨ 31᠎ ᠤ ᠡᠳᠤᠷ ᠲᠦᠩᠯᠢᠶᠤᠤ ᠳᠤ ᠶᠠᠪᠤᠭᠳᠠᠵᠤ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠳᠤ ᠡᠬᠢᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠢᠬᠡᠳᠤᠮᠠᠯ ᠹᠷᠣᠨᠲ ᠤᠨ ᠬᠡᠯᠲᠡᠰ ᠤᠨ ᠲᠠᠷᠤᠭ᠎ᠠ᠂ ᠦᠪᠤᠷ ᠮᠤᠩᠭᠤᠯ ᠤᠨ ᠭᠡᠷᠡᠯ ᠬᠡᠬᠡ ᠶᠢᠨ ᠤᠢᠢᠯᠡᠰ ᠢ ᠠᠬᠢᠭᠤᠯᠬᠤ ᠬᠤᠷᠠᠯ ᠤᠨ ᠲᠠᠷᠤᠭ᠎ᠠ ᠪᠦ᠋ ᠰᠢᠶᠤᠤ ᠯᠢᠨ ᠡᠬᠢᠯᠡᠬᠦ ᠶᠤᠰᠤᠯᠠᠯ ᠳᠤ ᠤᠷᠤᠯᠴᠠᠪᠠ᠃      ᠤᠢᠢᠯᠠᠭᠠᠬᠰᠠᠨ ᠢᠶᠠᠷ᠂ ᠲᠤᠰ ᠠᠵᠢᠯᠯᠠᠭ᠎ᠠ ᠶᠢᠨ ᠬᠠᠷᠠᠯᠳᠠ ᠪᠤᠯ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠤᠯᠬᠤ ᠳᠤ᠂ ᠲᠦᠮᠡᠨ ᠶᠠᠲᠠᠭᠤ ᠬᠦᠴᠢᠷᠳᠠᠯ ᠲᠠᠢ ᠭᠡᠷ ᠪᠦᠯᠢ ᠶᠢᠨ ᠴᠠᠭᠠᠨ ᠬᠠᠷᠠᠩ ᠡᠪᠡᠳᠴᠢᠳᠠᠨ ᠢ ᠬᠠᠷᠠᠭ᠎ᠠ ᠤᠷᠤᠭᠤᠯᠵᠤ᠂ ᠬᠦᠴᠢᠷᠳᠠᠯ ᠲᠠᠢ ᠴᠠᠭᠠᠨ ᠬᠠᠷᠠᠩ ᠡᠪᠡᠳᠴᠢᠳᠠᠨ ᠵᠢᠴᠢ ᠭᠡᠷ ᠪᠦᠯᠢ ᠶᠢᠨ ᠬᠢᠨᠢ ᠤᠢᠢᠯᠡᠳᠪᠤᠷᠢᠯᠠᠯ ᠠᠮᠢᠳᠤᠷᠠᠯ ᠤᠨ ᠪᠠᠶᠢᠳᠠᠯ ᠢ ᠦᠨᠡᠨᠬᠦ ᠬᠤᠪᠢᠷᠠᠭᠤᠯᠤᠨ᠎ᠠ᠃ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠰᠢ᠂ ᠴᠤᠤ ᠵᠢᠤᠢ ᠨᠢᠳᠤᠨ ᠤ ᠡᠮᠨᠡᠯᠬᠡ ᠶᠢᠨ ᠬᠤᠷᠢᠶ᠎ᠠ ᠪᠤᠯᠤᠨ ᠨᠡᠬᠦᠳᠡᠯ ᠮᠡᠰᠠ ᠵᠠᠰᠠᠯ ᠤᠨ ᠮᠠᠰᠢᠨ ᠲᠡᠷᠭᠡ ᠨᠢ ᠪᠦᠬᠦ ᠤᠷᠤᠨ ᠤ ᠬᠡᠪᠴᠢᠶᠠᠨ ᠳᠤ ᠮᠠᠰᠠ ᠵᠠᠰᠠᠯ ᠬᠢᠵᠤ᠂ 8 ᠰᠠᠷ᠎ᠠ ᠶᠢᠨ 30 ᠪᠤᠯᠳᠠᠯ᠎ᠠ᠂ ᠪᠦᠬᠦ ᠤᠷᠤᠨ ᠳᠤ ᠨᠡᠶᠢᠳᠠ 77257 ᠨᠢᠳᠤᠨ ᠡᠪᠡᠳᠴᠢᠨ ᠲᠠᠢ ᠡᠪᠡᠳᠴᠢᠳᠠᠨ ᠢ ᠰᠤᠩᠭᠤᠵᠤ᠂ 1636 ᠶᠠᠳᠠᠭᠤ ᠬᠦᠴᠢᠷᠳᠠᠯ ᠲᠠᠢ ᠴᠠᠭᠠᠨ ᠬᠠᠷᠠᠩ ᠡᠪᠡᠳᠴᠢᠳᠠᠨ ᠳᠤ ᠮᠠᠰᠠ ᠵᠠᠰᠠᠯ ᠬᠢᠵᠥ ᠥᠭᠬᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号