ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠢᠭᠤᠨ ᠴᠡᠪᠡᠷ ᠢᠶᠠᠷ ᠬᠦᠭᠵᠢᠬᠦᠯᠬᠦ ᠲᠤᠭᠳᠠᠴᠠ ᠶᠢᠨ ᠰᠠᠭᠤᠷᠢ ᠮᠦᠩᠬᠦ ︽ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠭᠡᠷ︾᠎ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2015/9/6
     8 ᠳ᠋ᠤᠭᠠᠷ ᠰᠠᠷ᠎ᠠ ᠶᠢᠨ 31᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠢᠭᠤᠨ ᠴᠡᠪᠡᠷ ᠢᠶᠠᠷ ᠬᠦᠭᠵᠢᠬᠦᠯᠬᠦ ᠲᠤᠭᠳᠠᠴᠠ ᠶᠢᠨ ᠰᠠᠭᠤᠷᠢ ᠮᠦᠩᠬᠦ ᠬᠦᠬᠡᠬᠤᠳᠠ ᠳᠤ ︽ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠬᠡᠷ︾᠎ ᠲᠤ ᠭᠠᠷ ᠤᠨ ᠦᠰᠦᠭ ᠵᠢᠷᠤᠪᠠ᠃ ᠡᠳ᠋ ᠤᠨ ᠵᠠᠰᠠᠬ ᠤᠨ ᠶᠠᠮᠤᠨ ᠤ ᠲᠡᠳ᠋ ᠰᠠᠶᠢᠳ ᠱᠢ ᠶᠤᠤ ᠪᠢᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠠᠩ ᠵᠢᠶᠦ᠋ᠨ ᠵᠧᠩ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠵᠠᠢ᠃      ᠳᠤᠮᠳᠠᠳᠤ ᠤᠯᠤᠰ ᠤᠨ ᠠᠷᠢᠭᠤᠨ ᠴᠡᠪᠡᠷ ᠢᠶᠠᠷ ᠬᠦᠭᠵᠢᠬᠦᠯᠬᠦ ᠲᠤᠭᠳᠠᠴᠠ ᠶᠢᠨ ᠰᠠᠭᠤᠷᠢ ᠮᠦᠩᠬᠦ ᠪᠤᠯ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ᠂ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠶᠢ ᠲᠡᠮᠵᠢᠬᠦ ᠪᠠ ᠨᠡᠬᠦᠷᠡᠰᠤᠳᠦ᠋ᠷᠦᠭᠴᠢ ᠪᠠᠭ᠎ᠠ ᠠᠵᠤ ᠤᠢᠢᠯᠡᠰ ᠤᠨ ᠬᠦᠭᠵᠢᠯᠳᠠ ᠶᠢ ᠠᠬᠢᠭᠤᠯᠬᠤ ᠲᠦᠷᠤ ᠶᠢᠨ ᠪᠤᠳᠤᠯᠭ᠎ᠠ ᠶᠢᠨ ᠴᠢᠨᠠᠷᠳᠠᠢ ᠰᠠᠭᠤᠷᠢ ᠮᠦᠩᠬᠦ ᠪᠤᠯᠤᠨ᠎ᠠ᠃ ᠤᠳᠤ ᠪᠤᠯᠳᠠᠯ᠎ᠠ᠂ ᠮᠠᠨ ᠤ ᠤᠷᠤᠨ ᠤ 7 ᠠᠶᠢᠮᠠᠬ ᠬᠤᠳᠠ ᠠᠷᠢᠭᠤᠨ ᠴᠡᠪᠡᠷ ᠢᠶᠠᠷ ᠬᠦᠭᠵᠢᠬᠦᠯᠬᠦ ᠰᠠᠭᠤᠷᠢ ᠮᠦᠩᠬᠦᠨ ᠤ ᠵᠢᠬᠡᠯᠡᠯᠬᠡ ᠶᠢᠨ 20 ᠲᠦᠷᠤᠯ ᠵᠦᠢᠯ ᠢ ᠭᠤᠶᠤᠴᠢᠯᠠᠵᠤ᠂ ᠵᠢᠬᠡᠯᠡᠯᠬᠡ ᠭᠤᠶᠤᠴᠢᠯᠠᠬᠰᠠᠨ ᠬᠡᠮᠵᠢᠶ᠎ᠠ ᠨᠢ 16 ᠳ᠋ᠦᠩᠰᠢᠭᠤᠷ ᠲᠦᠬᠦᠷᠢᠭ ᠲᠤ ᠬᠦᠷᠴᠠᠢ᠃ ᠳᠤᠮᠳᠠᠳᠤ ᠤᠯᠤᠰ ᠤᠨ ᠠᠷᠢᠭᠤᠨ ᠴᠡᠪᠡᠷ ᠢᠶᠠᠷ ᠬᠦᠭᠵᠢᠬᠦᠯᠬᠦ ᠲᠤᠭᠳᠠᠴᠠ ᠶᠢᠨ ᠰᠠᠭᠤᠷᠢ ᠮᠦᠩᠬᠦᠨ ᠤ ᠬᠤᠯᠪᠤᠬᠳᠠᠯ ᠪᠦᠬᠦᠢ ᠬᠠᠷᠢᠭᠤᠴᠠᠯᠭᠠᠳᠠᠨ᠂ ᠮᠠᠨ ᠤ ᠤᠷᠤᠨ ᠳᠠᠬᠢ ᠵᠢᠬᠡᠯᠡᠯᠬᠡ ᠶᠢᠨ ᠬᠡᠮᠵᠢᠶ᠎ᠠ ᠶᠢ ᠲᠡᠭᠡᠭᠰᠢᠯᠡᠬᠦᠯᠵᠤ᠂ ᠦᠪᠡᠷᠳᠡᠬᠡᠨ ᠵᠠᠰᠠᠬᠤ ᠤᠷᠤᠨ ᠤ ᠨᠡᠬᠦᠷᠡᠰᠦᠳᠦ᠋ᠷᠦᠭᠴᠢ ᠪᠠᠭ᠎ᠠ ᠠᠵᠦ ᠤᠢᠢᠯᠡᠰ ᠤᠨ ᠬᠦᠭᠵᠢᠯᠳᠠ ᠶᠢ ᠠᠬᠢᠭᠤᠯᠤᠨ᠎ᠠ ᠬᠡᠵᠤ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号