| 9 ᠳ᠋ᠦ᠋ᠭᠡᠷ ᠰᠠᠷ᠎ᠠ ᠶᠢᠨ 5 ᠤ ᠦᠳᠡ ᠶᠢᠨ ᠡᠮᠦᠨ᠎ᠡ ᠶᠢᠨ 8 ᠴᠠᠭ ᠤᠨ ᠦᠶ᠎ᠡ ᠪᠠᠷ᠂ ᠠᠮᠧᠷᠢᠺᠠ᠂ ᠺᠧᠨᠢᠶᠠ᠂ | ᠡᠸ᠋ᠽᠢᠣᠫᠢᠶᠠ᠂ ᠭᠧᠷᠮᠠᠨ ᠵᠡᠷᠭᠡ 20 ᠭᠠᠷᠤᠶ ᠤᠯᠤᠰ ᠤᠨ ᠮᠠᠷᠠᠽᠤᠨ ᠤ ᠲᠠᠮᠢᠷᠴᠢᠳ᠂ ᠤᠯᠤᠰ ᠤᠨ ᠳᠣᠲᠣᠭᠠᠳᠤ ᠶᠢᠨ | ᠬᠤᠯᠠ ᠭᠦᠶᠦᠯᠲᠡ ᠶᠢᠨ ᠨᠡᠷᠡᠲᠦ ᠲᠠᠮᠢᠷᠴᠢᠳ ᠤᠨ ᠳᠠᠭᠠᠭᠤᠯᠭ᠎ᠠ ᠪᠠᠷ᠂ ᠮᠠᠷᠠᠽᠤᠨ ᠤ ᠤᠷᠤᠯᠳᠤᠭᠠᠨ ᠳᠤ ᠣᠷᠣᠯᠴᠠᠬᠤ | 2000 ᠭᠠᠷᠤᠢ ᠲᠠᠮᠢᠷᠴᠢᠨ ᠪᠠ 10000 ᠭᠠᠷᠤᠢ ᠶᠠᠪᠠᠭᠠᠨ ᠠᠯᠬᠤᠬᠤ ᠤᠯᠠᠭᠠᠨᠴᠠᠪ ᠬᠤᠲᠠ ᠶᠢᠨ ᠺᠠᠳ᠋ᠷ ᠣᠯᠠᠨ | ᠲᠦᠮᠡᠨ ᠲᠤᠬᠢᠶ᠎ᠠ ᠲᠠᠭᠠᠨ ᠮᠤᠷᠳᠠᠵᠤ᠂ ᠤᠯᠠᠭᠠᠨᠴᠠᠪ ᠤᠨ ᠣᠯᠠᠨ ᠤᠯᠤᠰ ᠤᠨ ᠮᠠᠷᠠᠽᠤᠨ ᠤ ᠤᠷᠤᠯᠳᠤᠭᠠᠨ ᠵᠢᠴᠢ | ᠲᠠᠪᠤᠳᠤᠭᠠᠷ ᠬᠤᠭᠤᠴᠠᠭᠠᠨ ᠤ ᠲᠦᠮᠡᠨ ᠬᠥᠮᠦᠨ ᠤ ᠶᠠᠪᠠᠭᠠᠨ ᠠᠯᠬᠤᠬᠤ ᠠᠵᠢᠯᠯᠠᠭ᠎ᠠ ᠶᠢ ᠡᠬᠢᠯᠡᠭᠦᠯᠪᠡ᠃ | ᠲᠤᠰ ᠬᠤᠭᠤᠴᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ | ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠭᠤᠣᠯᠯᠠᠨ ᠡᠷᠬᠢᠯᠡᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠵᠢᠦᠳᠣᠣ ᠵᠡᠪᠰᠡᠭ ᠤᠨ | ᠡᠷᠳᠡᠮ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ | ᠲᠣᠪᠴᠢᠶ᠎ᠠ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠨ ᠡᠷᠬᠢᠯᠡᠪᠡ᠃ ᠤᠷᠤᠯᠳᠤᠭᠠᠨ ᠢ ᠮᠠᠷᠠᠽᠤᠨ ︵42. | 195 ᠺᠢᠯᠣᠮᠧᠲᠷ︶᠂ ᠬᠠᠭᠠᠰ ᠵᠠᠢ ᠶᠢᠨ ᠮᠠᠷᠠᠽᠣᠨ ︵21.0975 ᠺᠢᠯᠣᠮᠧᠲᠷ︶᠂ 10 ᠺᠢᠯᠣᠮᠧᠲᠷ ᠤᠨ | ᠭᠦᠶᠦᠯᠲᠡ᠂ ᠪᠢᠴᠢᠯ ᠮᠠᠷᠠᠽᠤᠨ ︵5 ᠺᠢᠯᠣᠮᠧᠲᠷ︶ ᠵᠢᠴᠢ ᠲᠦᠮᠡᠨ ᠬᠥᠮᠦᠨ ᠤ ᠶᠠᠪᠠᠭᠠᠨ ᠠᠯᠬᠤᠬᠤ 5 ᠲᠥᠷᠥᠯ | ᠵᠦᠢᠯ ᠬᠤᠪᠢᠶᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠥᠩᠭᠡᠨ | ᠪᠡᠶ᠎ᠡ ᠶᠢᠨ ᠲᠠᠮᠢᠷ ᠤᠨ ᠭᠠᠵᠠᠷ ᠤᠨ ᠵᠠᠩ ᠳᠡᠳ᠋ ᠳᠠᠷᠤᠭ᠎ᠠ ᠶᠢᠨ ᠲᠠᠨᠢᠯᠴᠠᠭᠤᠯᠤᠭᠰᠠᠨ ᠢᠶᠠᠷ᠂ ᠥᠨᠥᠳᠦᠷ ᠤᠨ | ᠤᠷᠤᠯᠳᠤᠭᠠᠨ ᠳᠤ ᠣᠷᠣᠯᠴᠠᠭᠰᠠᠨ ᠤᠯᠤᠰ ᠤᠨ ᠳᠡᠰ ᠤᠨ ᠮᠠᠷᠠᠽᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠵᠦᠢᠯ ᠤᠨ ᠰᠢᠯᠢᠳᠡᠭ ᠲᠠᠮᠢᠷᠴᠢᠨ 80 ᠭᠠᠷᠤᠢ ᠪᠠᠶᠢᠵᠤ᠂ ᠡᠭᠦᠨ ᠳᠤ ᠥᠪᠥᠷ ᠮᠣᠩᠭᠤᠯ ᠤᠨ ᠬᠠᠷᠢᠶ᠎ᠠ ᠲᠠᠢ 43 | ᠬᠥᠮᠦᠨ ᠪᠠᠶᠢᠨ᠎ᠠ᠃ | ᠬᠠᠮᠤᠭ ᠤᠨ ᠡᠴᠦᠰ ᠲᠤ᠂ 2015 ᠤᠯᠠᠭᠠᠨᠴᠠᠪ ᠤᠨ ᠣᠯᠠᠨ ᠤᠯᠤᠰ ᠤᠨ ᠮᠠᠷᠠᠽᠤᠨ ᠤ ᠤᠷᠤᠯᠳᠤᠭᠠᠨ ᠤ | ᠡᠷᠡᠭᠲᠡᠢ ᠶᠢᠨ ᠪᠦᠬᠦ ᠵᠠᠢ ᠶᠢᠨ ᠲᠡᠷᠢᠭᠦᠨ᠂ ᠳᠡᠳ᠋ ᠨᠡᠷ᠎ᠡ ᠶᠢ ᠡᠸ᠋ᠽᠢᠣᠫᠢᠶᠠ ᠶᠢᠨ ᠲᠠᠮᠢᠷᠴᠢᠨ ᠲᠡᠮᠡᠴᠡᠨ ᠣᠯᠵᠤ᠂ | ᠭᠤᠲᠠᠭᠠᠷ ᠨᠡᠷ᠎ᠡ ᠶᠢ ᠺᠧᠨᠢᠶᠠ ᠶᠢᠨ ᠲᠠᠮᠢᠷᠴᠢᠨ ᠣᠯᠵᠤ᠂ ᠮᠠᠨ ᠤ ᠤᠯᠤᠰ ᠤᠨ ᠲᠠᠮᠢᠷᠴᠢᠨ ᠵᠢᠶᠠ ᠵᠢᠶᠦ᠋ᠨ ᠹᠧᠩ | ᠳᠥᠲᠥᠭᠡᠷ ᠲᠤ ᠣᠷᠣᠪᠠ᠃ ᠡᠮᠡᠭᠲᠡᠶ ᠶᠢᠨ ᠪᠦᠬᠦ ᠵᠠᠢ ᠶᠢᠨ ᠲᠡᠷᠢᠭᠦᠨ᠂ ᠭᠤᠳᠠᠭᠠᠷ ᠨᠡᠷ᠎ᠡ ᠶᠢ ᠺᠧᠨᠢᠶᠠ ᠶᠢᠨ ᠲᠠᠮᠢᠷᠴᠢᠨ | ᠲᠡᠮᠡᠴᠡᠨ ᠣᠯᠵᠤ᠂ ᠮᠠᠨ ᠤ ᠤᠯᠤᠰ ᠤᠨ ᠲᠠᠮᠢᠷᠴᠢᠨ ᠥᠪᠥᠷ ᠮᠣᠩᠭᠤᠯ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ | ᠠᠩᠭᠢ ᠶᠢᠨ ᠲᠠᠮᠢᠷᠴᠢᠨ ᠭᠦᠩ ᠯᠢ ᠬᠤᠸᠠ ᠳᠡᠳ᠋ ᠲᠤ ᠤᠷᠤᠭᠰᠠᠨ ᠰᠠᠶᠢᠨ ᠬᠢᠷᠢ ᠪᠦᠲᠦᠮᠵᠢ ᠣᠯᠤᠭᠰᠠᠨ ᠪᠠᠶᠢᠨ᠎ᠠ᠃ | ᠬᠠᠭᠠᠰ ᠵᠠᠢ ᠶᠢᠨ ᠤᠷᠤᠯᠳᠤᠭᠠᠨ ᠳᠤ᠂ ᠡᠷᠡᠭᠲᠡᠶ ᠶᠢᠨ ᠬᠠᠭᠠᠰ ᠵᠠᠢ ᠶᠢᠨ᠂ ᠡᠮᠡᠭᠲᠡᠢ ᠶᠢᠨ ᠬᠠᠭᠠᠰ ᠵᠠᠢ ᠶᠢᠨ | ᠤᠷᠤᠯᠳᠤᠭᠠᠨ ᠤ ᠲᠦᠷᠦᠭᠦᠦ ᠭᠤᠷᠪᠠᠨ ᠨᠡᠷ᠎ᠡ ᠶᠢ ᠥᠪᠥᠷ ᠮᠣᠩᠭᠤᠯ ᠤᠨ ᠲᠠᠮᠢᠷᠴᠢᠨ ᠬᠠᠮᠤᠷᠪᠠ᠃ | | ᠣᠶᠢᠯᠭᠠᠭᠰᠠᠨ ᠢᠶᠠᠷ᠂ 2015 ᠤᠯᠠᠭᠠᠨᠴᠠᠪ ᠤᠨ ᠣᠯᠠᠨ ᠤᠯᠤᠰ ᠤᠨ ᠮᠠᠷᠠᠽᠣᠨ ᠤ ᠤᠷᠤᠯᠳᠤᠭᠠᠨ ᠪᠣᠯ | ᠤᠯᠤᠰ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠡᠨᠡ ᠵᠢᠯ ᠠᠩᠬ᠎ᠠ ᠤᠳᠠᠭ᠎ᠠ ᠮᠠᠭᠠᠳᠯᠠᠨ | ᠦᠨᠡᠮᠰᠢᠭᠰᠡᠨ ᠤᠯᠤᠰ ᠤᠨ ᠵᠢᠩᠬᠢᠨᠢ ᠤᠷᠤᠯᠳᠤᠭᠠᠨ ᠤ ᠨᠢᠭᠡ ᠪᠣᠯᠣᠨ᠎ᠠ᠃ ᠤᠯᠠᠭᠠᠨᠴᠠᠪ ᠤᠨ ᠣᠯᠠᠨ ᠤᠯᠤᠰ ᠤᠨ | ᠮᠠᠷᠠᠽᠤᠨ ᠤᠷᠤᠯᠳᠤᠭᠠᠨ ᠵᠢᠴᠢ ᠲᠦᠮᠡᠨ ᠬᠥᠮᠥᠨ ᠤ ᠶᠠᠪᠤᠭᠠᠨ ᠠᠯᠬᠤᠬᠤ ᠨᠢ ᠤᠯᠠᠭᠠᠨᠴᠠᠪ ᠬᠤᠲᠠ ᠶᠢᠨ ᠣᠷᠴᠢᠮ | ᠵᠢᠯ ᠤᠨ ᠨᠠᠷᠢᠨ ᠨᠢᠮᠪᠠᠶ ᠪᠣᠶᠢᠵᠢᠭᠤᠯᠤᠭᠰᠠᠨ ᠪᠠ ᠭᠤᠣᠯᠳᠠᠯᠭ᠎ᠠ ᠲᠠᠢ ᠴᠣᠭᠴᠠᠯᠠᠭᠰᠠᠨ ᠨᠢᠭᠡᠨ ᠲᠣᠮᠣ ᠬᠡᠯᠪᠡᠷᠢ ᠶᠢᠨ | ᠣᠯᠠᠨ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠪᠦᠬᠦ ᠠᠷᠠᠳ ᠤᠨ ᠪᠡᠶ᠎ᠡ ᠪᠣᠯᠪᠠᠰᠤᠷᠠᠭᠤᠯᠬᠤ | ᠦᠪᠡᠳᠡᠭᠰᠢ ᠶᠡᠭᠡ ᠴᠤᠭᠯᠠᠭᠠᠨ ᠪᠣᠯᠤᠭᠰᠠᠨ ᠤ ᠬᠤᠪᠢ ᠳᠤ᠂ ᠥᠷᠭᠡᠨ ᠣᠯᠠᠨ ᠪᠡᠶ᠎ᠡ ᠪᠣᠯᠪᠠᠰᠤᠷᠠᠬᠤ ᠶᠢ | ᠡᠷᠬᠢᠮᠯᠡᠭᠴᠢ ᠶᠢᠨ ᠬᠦᠷᠢᠶᠡᠯᠡᠯ ᠢ ᠭᠦᠨ ᠣᠯᠵᠤ᠂ ᠣᠷᠣᠯᠴᠠᠬᠤ ᠬᠡᠪᠴᠢᠶ᠎ᠡ ᠨᠢ ᠴᠦ ᠵᠢᠯ ᠳᠠᠷᠠᠭᠠᠯᠠᠨ ᠥᠷᠭᠡᠨ ᠪᠣᠯᠵᠤ᠂ | ᠤᠯᠠᠭᠠᠨᠴᠠᠪ ᠬᠤᠲᠠ ᠶᠢᠨ ᠪᠦᠬᠦ ᠠᠷᠠᠳ ᠤᠨ ᠪᠡᠶ᠎ᠡ ᠤ ᠪᠣᠯᠪᠠᠰᠤᠷᠠᠬᠤ ᠬᠥᠳᠡᠯᠭᠡᠭᠡᠨ ᠥᠷᠨᠢᠭᠦᠯᠬᠦ᠂ ᠬᠤᠲᠠ ᠶᠢᠨ | ᠰᠣᠶᠣᠯ ᠤᠨ ᠬᠢᠷᠢ ᠲᠦᠪᠰᠢᠨ ᠪᠠ ᠲᠥᠷᠥᠯ ᠲᠡᠮᠳᠡᠭ ᠢ ᠳᠡᠭᠡᠭᠰᠢᠯᠡᠭᠦᠯᠬᠦ᠂ ᠭᠠᠳᠠᠭᠠᠳᠤ ᠤᠬᠠᠭᠤᠯᠭ᠎ᠠ ᠬᠢᠬᠦ ᠶᠢ | ᠪᠡᠶᠡᠯᠡᠭᠦᠯᠬᠦ ᠶᠢᠨ ᠴᠢᠬᠤᠯᠠ ᠠᠴᠢᠶᠠᠯᠠᠪᠤᠷᠢ ᠪᠠ ᠲᠠᠪᠴᠠᠩ ᠪᠣᠯᠤᠭᠰᠠᠨ ᠪᠠᠶᠢᠨ᠎ᠠ᠃ | | |