ᠥᠪᠥᠷ ᠮᠣᠩᠭᠤᠯ 2015 ᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠲᠤᠰᠬᠠᠶ ᠳᠡᠮᠵᠢᠯᠭᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2015/9/7
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 2015 ᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠲᠤᠰᠬᠠᠢ ᠳᠡᠮᠵᠢᠯᠭᠡ ᠶᠢᠨ ᠲᠥᠷᠥᠯ ᠵᠦᠢᠯ ᠢ ᠲᠣᠭᠲᠠᠭᠠᠨ ᠬᠡᠷᠡᠭᠵᠢᠭᠦᠯᠬᠦ ᠶᠢ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠲᠤᠰᠬᠠᠶ ᠮᠡᠷᠭᠡᠵᠢᠯᠲᠡᠨ ᠤ ᠬᠢᠨᠠᠨ ᠪᠠᠲᠤᠯᠤᠭᠰᠠᠨ ᠲᠥᠷᠥᠯ ᠵᠦᠢᠯ ᠢ ᠳᠠᠭᠠᠭᠠᠨ ᠡᠷᠬᠢᠯᠡᠬᠦ 12 ᠨᠢᠭᠡᠴᠡ ᠯᠦᠭᠡ ᠲᠥᠷᠥᠯ ᠵᠦᠢᠯ ᠢ ᠬᠡᠷᠡᠭᠵᠢᠭᠦᠯᠬᠦ ᠭᠡᠷ᠎ᠡ ᠲᠣᠭᠲᠠᠪᠠ᠃ ᠡᠨᠡ ᠵᠢᠯ ᠤᠨ ᠲᠣᠭᠲᠠᠭᠠᠭᠰᠠᠨ ᠲᠥᠷᠥᠯ ᠵᠦᠢᠯ ᠨᠢ ᠭᠤᠣᠯᠳᠠᠭᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠰᠠᠭᠤᠷᠢ ᠰᠤᠳᠤᠯᠤᠯ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢᠨ ᠰᠤᠳᠤᠯᠤᠨ ᠨᠡᠭᠡᠭᠡᠯᠲᠡ᠂ ᠡᠬᠢ ᠪᠠᠶᠠᠯᠢᠭ ᠤᠨ ᠬᠥᠮᠥᠷᠭᠡ ᠵᠢᠴᠢ ᠬᠠᠮᠲᠤ ᠪᠠᠷ ᠡᠳ᠋ᠯᠡᠬᠦ ᠲᠠᠪᠴᠠᠩ ᠤᠨ ᠪᠠᠶᠢᠭᠤᠯᠤᠯᠲᠠ᠂ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠦᠯᠲᠡ ᠲᠦᠭᠡᠮᠡᠯᠵᠢᠭᠦᠯᠦᠯᠲᠡ ᠵᠡᠷᠭᠡ ᠬᠦᠷᠢᠶ᠎ᠡ ᠬᠡᠪᠴᠢᠶᠡᠨ ᠳᠤ ᠬᠤᠯᠪᠣᠭᠳᠠᠪᠠ᠃ ᠣᠳᠣᠬᠠᠨ ᠳᠤ᠂ ᠲᠥᠷᠥᠯ ᠵᠦᠢᠯ ᠤᠨ ᠪᠡᠯᠡ ᠮᠥᠩᠭᠦ ᠶᠢ ᠪᠦᠬᠦᠨ ᠢ ᠨᠢ ᠰᠠᠯᠭᠠᠨ ᠥᠭᠴᠦ  ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ‌‍ᠳᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠪᠣᠯᠣᠨ ᠪᠡᠯᠡ ᠮᠥᠩᠭᠦ ᠶᠢ ᠰᠠᠯᠭᠠᠨ ᠥᠭᠴᠦ ᠬᠡᠷᠡᠭᠯᠡᠭᠦᠯᠬᠦ ᠲᠠᠯ᠎ᠠ ᠪᠠᠷ ᠬᠢᠨᠠᠯᠲᠠ ᠬᠠᠮᠢᠶᠠᠷᠤᠯᠲᠠ ᠪᠠᠨ ᠥᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠲᠤᠰᠬᠠᠢ  ᠳᠡᠮᠵᠢᠯᠭᠡ ᠶᠢᠨ ᠪᠡᠯᠡ ᠮᠥᠩᠭᠦ ᠰᠠᠶᠢᠨ ᠰᠠᠶᠢᠬᠠᠨ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号