ᠲᠠᠯ᠎ᠠ ᠨᠤᠳᠤᠭ ᠤᠨ ᠰᠤᠶᠤᠯ ᠤᠨ ᠦᠪ ‍ᠤᠨ‌ᠡᠳᠦᠷ ᠵᠢᠴᠢ ᠪᠦᠬᠦ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2015/9/7
     9 ᠳ᠋ᠦ᠋ᠭᠡᠷ ᠰᠠᠷ᠎ᠠ ᠶᠢᠨ 6᠎ ᠤ ᠡᠳᠦᠷ᠂ ᠪᠤᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠣᠩᠨᠢᠭᠤᠳ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠭᠠᠷ ᠤᠷᠠᠯᠠᠯ ᠢ ᠦᠵᠡᠭᠦᠯᠵᠦ ᠪᠠᠶᠢᠭ᠎ᠠ ᠨᠢ᠃ ᠲᠤᠰ ᠡᠳᠦᠷ ᠪᠣᠯ ᠥᠪᠡᠷᠲᠡᠭᠡᠨ ᠵᠠᠰᠠᠬᠤ ᠣᠷᠣᠨ ᠤ ᠠᠷᠪᠠᠳᠠᠭᠢ ᠲᠠᠯ᠎ᠠ ᠨᠤᠲᠤᠭ ᠤᠨ ᠰᠣᠶᠣᠯ ᠤᠨ ᠥᠪ ᠤᠨ ᠡᠳᠦᠷ ᠪᠣᠯᠣᠨ᠎ᠠ᠂ ᠲᠠᠯ᠎ᠠ ᠨᠤᠳᠤᠭ ᠤᠨ ᠰᠤᠶᠤᠯ ᠤᠨ ᠦᠪ ᠤᠨ ᠡᠳᠦᠷ ᠵᠢᠴᠢ ᠪᠦᠬᠦ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ ᠦᠪᠦᠷ ᠮᠤᠩᠭᠤᠯ ᠤᠨ ᠦᠵᠡᠰᠬᠦᠯᠡᠩ ᠤᠨ ᠤᠷᠳᠤᠨ ᠳᠤ ᠶᠠᠪᠤᠭᠳᠠᠪᠠ᠃      9 ᠳ᠋ᠦ᠋ᠭᠡᠷ ᠰᠠᠷ᠎ᠠ ᠶᠢᠨ 6᠎ ᠤ ᠡᠳᠦᠷ ᠪᠤᠯ ᠮᠠᠨ ᠤ ᠤᠷᠤᠨ ᠤ ᠠᠷᠪᠠᠳᠡᠬᠢ ᠲᠠᠯ᠎ᠠ ᠨᠤᠳᠤᠭ ᠤᠨ ᠰᠤᠶᠤᠯ ᠤᠨ ᠦᠪ ᠤᠨ ᠡᠳᠦᠷ ᠪᠤᠯᠤᠨ᠎ᠠ᠃ ᠲᠤᠰ ᠡᠳᠦᠷ ᠤᠨ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠦᠵᠡᠰᠬᠦᠯᠠᠩ ᠤᠨ ᠤᠷᠳᠤᠨ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ᠂ ᠤᠷᠠᠯᠢᠭ ᠰᠤᠳᠤᠯᠬᠤ ᠭᠠᠵᠠᠷ ᠪᠠ ᠡᠯ᠎ᠠ ᠠᠶᠢᠮᠠᠭ ᠬᠤᠲᠠ ᠶᠢᠨ ᠰᠤᠶᠤᠯ ᠤᠨ ᠲᠤᠪᠴᠢᠶ᠎ᠠ ᠠᠴᠠ ᠲᠠᠭᠠᠭᠠᠴᠢᠯᠠᠨ ᠡᠷᠬᠢᠯᠡᠭᠰᠡᠨ ᠲᠠᠯ᠎ᠠ ᠨᠤᠳᠤᠭ ᠤᠨ ᠰᠤᠶᠤᠯ ᠤᠨ ᠦᠪ ᠤᠨ ᠡᠳᠦᠷ ᠵᠢᠴᠢ ᠪᠦᠬᠦ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠭᠡ ᠦᠪᠦᠷ ᠮᠤᠩᠭᠤᠯ ᠤᠨ ᠦᠵᠠᠬᠦᠯᠠᠩ ᠤᠨ ᠤᠷᠳᠤᠨ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ ᠦᠵᠡᠭᠦᠯᠦᠯᠭᠡ ᠶᠢ ᠰᠣᠨᠢᠷᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠦ᠋ ᠲᠤᠸᠠᠨ ᠶᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠶᠠᠩ ᠴᠧᠩ ᠸᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃      ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠲᠠᠯᠠᠪᠠᠢ ᠳᠤ᠂ ᠤᠯᠠᠷᠢᠭᠤᠯᠤᠭᠰᠠᠨ ᠰᠢᠨ᠎ᠡ ᠡᠭᠦᠳᠦᠯᠲᠡ — ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠭ᠎ᠠ ᠠᠳᠡ ᠶᠠᠪᠤᠭᠳᠠᠵᠤ᠂ ᠦᠢᠯᠡᠳᠪᠦᠷᠢᠯᠡᠯ ᠤᠨ ᠴᠢᠨᠠᠷ ᠲᠠᠢ ᠬᠠᠮᠠᠭᠠᠯᠠᠯᠲᠠ ᠶᠢᠨ ᠤᠯᠠᠨ ᠠᠵᠤ ᠠᠬᠤᠶᠢᠯᠠᠯ ᠤᠳ ᠲᠤᠬᠠᠢ ᠶᠢᠨ ᠲᠠᠯᠠᠪᠠᠢ ᠳᠤ ᠪᠤᠳᠠᠰ ᠤᠨ ᠪᠤᠰᠤ ᠰᠤᠶᠤᠯ ᠤᠨ ᠦᠪ ᠤᠨ ᠤᠯᠠᠷᠢᠭᠤᠯᠤᠭᠰᠠᠨ ᠪᠦᠲᠦᠭᠡᠭᠳᠡᠬᠦᠨ ᠪᠠ ᠨᠡᠭᠡᠭᠡᠯᠲᠡ ᠬᠢᠭᠰᠡᠨ ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠭᠳᠡᠬᠦᠨ ᠢ ᠪᠣᠷᠣᠯᠠᠭᠤᠯᠪᠠ᠃ ᠲᠠᠯᠠᠪᠠᠢ ᠳᠤ ᠬᠠᠮᠲᠤ ᠶᠠᠪᠤᠭᠳᠠᠵᠤ ᠪᠠᠶᠢᠭ᠎ᠠ ᠬᠠᠮᠠᠭᠠᠯᠠᠯᠲᠠ ᠶᠢᠨ ᠠᠶᠠᠨ — ᠪᠤᠳᠠᠰ ᠤᠨ ᠪᠤᠰᠤ ᠰᠤᠶᠤᠯ ᠤᠨ ᠦᠪ ᠤᠨ ᠭᠡᠷᠡᠯ ᠵᠢᠷᠤᠭ ᠤᠨ ᠦᠵᠡᠭᠦᠯᠦᠯᠭᠡ ᠨᠢ 160 ᠭᠠᠷᠤᠢ ᠭᠡᠷᠡᠯ ᠵᠢᠷᠤᠭ ᠢᠶᠠᠷ10 ᠵᠢᠯ ᠤᠨ ᠲᠤᠷᠰᠢ ᠮᠠᠨ ᠤ ᠣᠷᠣᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠭᠰᠠᠨ ᠪᠠᠶᠢᠳᠠᠯ ᠢ ᠪᠦᠬᠦ ᠲᠠᠯ᠎ᠠ ᠪᠠᠷ ᠬᠠᠷᠠᠭᠤᠯᠵᠠᠢ᠃ ᠳᠡᠭᠡᠳᠦᠰ ᠠᠴᠠ ᠤᠯᠠᠮᠵᠢᠯᠠᠭᠰᠠᠨ ᠬᠤᠪᠣᠷ ᠵᠦᠢᠯᠡᠰ — ᠪᠤᠳᠠᠰ ᠤᠨ ᠪᠤᠰᠤ ᠰᠤᠶᠤᠯ ᠤᠨ ᠦᠪ ᠤᠨ ᠰᠣᠩᠭᠤᠳᠠᠭ ᠵᠦᠢᠯᠡᠰ ᠤᠨ ᠦᠵᠡᠭᠦᠯᠦᠯᠭᠡ ᠨᠢ ᠠᠩᠬ᠎ᠠ ᠤᠳᠠᠭ᠎ᠠ ᠪᠦᠬᠦ ᠣᠷᠣᠨ ᠤ 100 ᠭᠠᠷᠤᠢ ᠢᠵᠢ ᠪᠤᠳᠠᠰ ᠤᠨ ᠪᠤᠰᠤ ᠰᠤᠶᠤᠯ ᠤᠨ ᠦᠪ ᠤᠨ ᠰᠣᠩᠭᠤᠳᠠᠭ ᠵᠦᠢᠯᠡᠰ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ 40 ᠭᠠᠷᠤᠢ ᠵᠢᠵᠢᠭ ᠬᠡᠯᠪᠡᠷᠢ ᠶᠢᠨ ᠳᠠᠩ ᠵᠦᠢᠯ ᠤᠨ ᠪᠤᠳᠠᠰ ᠤᠨ ᠪᠤᠰᠤ ᠰᠤᠶᠤᠯ ᠤᠨ ᠦᠪ ᠤᠨ ᠬᠥᠭᠵᠢᠮ ᠪᠦᠵᠢᠭ ᠤᠨ ᠲᠥᠷᠥᠯ ᠵᠦᠢᠯ᠂170 ᠭᠠᠷᠤᠢ ᠤᠯᠠᠮᠵᠢᠯᠠᠭᠴᠢ ᠦᠵᠡᠰᠬᠦᠯᠡᠩ ᠤᠨ ᠣᠷᠳᠣᠨ ᠤ 1 ᠳ᠋ᠦ᠋ᠭᠡᠷ ᠳᠠᠪᠬᠤᠷ ᠤᠨ ᠶᠡᠷᠦᠩᠬᠡᠶᠢᠯᠡᠭᠰᠡᠨ ᠲᠢᠩᠬᠢᠮ ᠳᠤ ᠲᠤᠬᠠᠢ ᠶᠢᠨ ᠲᠠᠯᠠᠪᠠᠢ ᠳᠤ ᠦᠵᠡᠭᠦᠯᠭᠡ ᠶᠢᠨ ᠲᠣᠭᠯᠠᠯᠲᠠ ᠭᠠᠷᠭᠠᠬᠤ᠂ ᠡᠳᠦᠷ ᠪᠦᠷᠢ ᠪᠦᠷ ᠠᠳᠠᠯᠢ ᠪᠤᠰᠤ ᠫᠷᠦᠭᠷᠠᠮ ᠢ ᠦᠵᠡᠭᠴᠢᠳ ᠲᠤ ᠰᠣᠨᠢᠷᠬᠠᠭᠤᠯᠪᠠ᠃ ᠦᠵᠡᠰᠬᠦᠯᠡᠩ ᠤᠨ ᠣᠷᠳᠣᠨ ᠤ 2 ᠳ᠋ᠤᠭᠠᠷ ᠳᠠᠪᠬᠤᠷ ᠲᠤ᠂ 160 ᠭᠠᠷᠤᠢ ᠤᠯᠠᠮᠵᠢᠯᠠᠭᠴᠢ ᠲᠤᠬᠠᠢ ᠲᠠᠯᠠᠪᠠᠢ ᠳᠤ 100 ᠭᠠᠷᠤᠢ ᠵᠦᠢᠯ ᠤᠨ ᠭᠠᠷ ᠤᠷᠠᠯᠠᠯ ᠤᠨ ᠤᠷ᠎ᠠ ᠮᠡᠷᠭᠡᠵᠢᠯ ᠢᠶᠠᠨ ᠦᠵᠡᠭᠦᠯᠵᠦ᠂  ᠮᠠᠰᠢ ᠣᠯᠠᠨ ᠪᠠᠭ᠎ᠠ ᠰᠤᠷᠭᠠᠭᠤᠯᠢ ᠶᠢᠨ ᠰᠤᠷᠤᠭᠴᠢ ᠪᠠ ᠦᠵᠡᠭᠴᠢᠳ ᠤᠨ ᠣᠷᠣᠯᠴᠠᠬᠤ ᠤᠷᠮ᠎ᠠ ᠶᠢ ᠲᠠᠲᠠᠵᠠᠢ᠃ ᠡᠭᠦᠨ ᠠᠴᠠ ᠭᠠᠳᠠᠨ᠎ᠠ᠂ ᠦᠵᠡᠰᠬᠦᠯᠡᠩ ᠤᠨ ᠣᠷᠳᠣᠨ ᠤ 2 ᠳ᠋ᠤᠭᠠᠷ ᠳᠠᠪᠬᠤᠷ ᠲᠤ ᠪᠠᠰᠠ ᠥᠪᠥᠷ ᠮᠣᠩᠭᠤᠯ ᠤᠨ ᠬᠠᠳᠠᠨ ᠵᠢᠷᠤᠭ ᠤᠨ ᠤᠷᠠᠯᠢᠭ ᠤᠨ ᠦᠵᠡᠭᠦᠯᠦᠯᠭᠡ᠂ ᠲᠦᠮᠡᠨ ᠭᠠᠵᠠᠷ ᠤᠨ ᠴᠠᠢ ᠶᠢᠨ ᠵᠠᠮ ᠪᠣᠯᠣᠨ ᠥᠪᠥᠷ ᠮᠣᠩᠭᠤᠯ ᠤᠨ ᠦᠵᠡᠭᠦᠯᠦᠯᠭᠡ ᠶᠢ ᠶᠠᠪᠤᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号