ᠤᠳᠤ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠡᠷᠬᠢᠯᠡᠭᠰᠡᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ 1576 ᠪᠠᠶᠢᠭᠤᠯᠤᠮᠵᠢ ᠪᠤᠯᠤᠨ | ᠭᠠᠴᠠᠭ᠎ᠠ ᠲᠤᠰᠬᠤᠨ ᠤ 11622 ᠡᠷᠡᠭᠦᠯ ᠬᠠᠮᠠᠭᠠᠯᠠᠯ ᠤᠨ ᠦᠷᠦᠭᠡ ᠳᠤ ᠴᠦᠮ ᠦᠨᠳᠦᠰᠦᠨ ᠬᠡᠷᠡᠭᠯᠡᠭᠡᠨ ᠤ ᠡᠮ | ᠲᠣᠬᠢᠷᠠᠭᠤᠯᠤᠨ᠂ ᠲᠡᠭ ᠵᠥᠷᠢᠶᠡᠲᠦ ᠨᠣᠷᠮ᠎ᠠ ᠶᠢᠨ ᠪᠤᠷᠤᠯᠠᠭᠤᠯᠭ᠎ᠠ ᠶᠢ ᠬᠡᠷᠡᠭᠵᠢᠭᠦᠯᠪᠡ︔ 102 ᠬᠤᠰᠢᠭᠤ ᠰᠢᠶᠠᠨ | ᠲᠤᠭᠤᠷᠢᠭ ᠲᠤ ᠴᠦᠮ ᠦᠨᠳᠦᠰᠦᠨ ᠡᠮ ᠮᠦᠡᠭᠭᠦ ᠶᠢ ᠡᠳ᠋ ᠤᠨ ᠵᠠᠰᠠᠭ ᠬᠤᠷᠢᠶᠠᠬᠤ ᠮᠦᠡᠭᠭᠦ ᠶᠢ ᠬᠢᠨᠠᠨ ᠪᠤᠳᠤᠬᠤ | ᠲᠥᠪ ᠪᠠᠶᠢᠭᠤᠯᠵᠤ᠂ ᠲᠠᠰᠤᠯᠤᠨ ᠪᠤᠳᠤᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃ ᠣᠳᠣ ᠪᠣᠯᠲᠠᠯ᠎ᠠ᠂ ᠤᠯᠤᠰ ᠤᠨ | ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠦᠪᠯᠡᠯ ᠮᠠᠨ ᠤ ᠣᠷᠣᠨ ᠳᠤ 1.67 ᠳ᠋ᠦᠡᠭᠰᠢᠭᠤᠷ | ᠲᠥᠭᠦᠷᠢᠭ ᠤᠨ ᠪᠡᠯᠡ ᠤᠷᠤᠭᠤᠯᠵᠤ᠂ 50 ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ 4 | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠬᠤ ᠠᠵᠢᠯ ᠢ | ᠪᠡᠶᠡᠯᠡᠭᠦᠯᠪᠡ᠃ ᠪᠦᠬᠦ ᠣᠷᠣᠨ ᠤ 1.49 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠲᠦᠭᠡᠨ | ᠪᠠᠶᠢᠭᠤᠯᠤᠭᠰᠠᠨ ᠠᠩᠬᠠᠳᠠᠭᠴᠢ ᠪᠦᠯᠦᠭ 1965 ᠭᠠᠴᠠᠭ᠎ᠠ ᠲᠤᠰᠬᠤᠨ ᠤ ᠪᠠᠷᠢᠮᠵᠢᠶᠠᠵᠢᠭᠰᠠᠨ ᠡᠷᠡᠭᠦᠯ | ᠬᠠᠮᠠᠭᠠᠯᠠᠯ ᠤᠨ ᠥᠷᠥᠭᠡ ᠪᠦᠬᠦ ᠲᠠᠯ᠎ᠠ ᠪᠠᠷ ᠪᠠᠷᠢᠯᠭ᠎ᠠ ᠳᠠᠭᠤᠰᠤᠨ ᠠᠰᠢᠭᠯᠠᠯᠲᠠ ᠳᠤ ᠤᠷᠤᠪᠠ᠃ ᠡᠭᠦᠨ ᠠᠴᠠ | ᠭᠠᠳᠠᠨ᠎ᠠ᠂ ᠮᠠᠨ ᠤ ᠣᠷᠣᠨ ᠪᠠᠰᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠠᠮᠵᠢᠯᠲᠠ | ᠪᠦᠲᠦᠮᠵᠢ ᠶᠢᠨ ᠴᠠᠯᠢᠩ ᠤᠨ ᠳᠦᠷᠢᠮ ᠢ ᠰᠦᠪᠡᠭᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠳ ᠤᠨ ᠢᠳᠡᠪᠬᠢᠵᠢᠯ ᠢ ᠲᠠᠰᠤᠷᠠᠯᠲᠠ ᠦᠭᠡᠶ ᠳᠠᠶᠢᠴᠢᠯᠠᠪᠠ︔ ᠬᠥᠳᠡᠭᠡ | ᠲᠤᠰᠬᠤᠨ ᠤ ᠡᠮᠴᠢ ᠶᠢᠨ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠠᠬᠢᠭᠤᠯᠤᠨ | ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ | ᠪᠠᠬᠢᠵᠢᠨ ᠲᠡᠭᠦᠯᠳᠡᠷᠵᠢᠪᠡ︔ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠳᠠᠯᠢ | ᠲᠡᠭᠰᠢᠯᠡᠴᠢᠯᠡᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠡᠯᠧᠺᠲᠷᠣᠨ | ᠡᠷᠡᠭᠦᠯ ᠮᠡᠨᠳᠦ ᠶᠢᠨ ᠳᠠᠩᠰᠠ ᠡᠪᠬᠡᠮᠡᠯ ᠪᠠᠶᠢᠭᠤᠯᠬᠤ ᠨᠣᠷᠮ᠎ᠠ 82.5% ᠳᠤ ᠬᠦᠷᠴᠦ᠂ ᠤᠯᠤᠰ ᠤᠨ ᠡᠭᠡᠯᠢᠯᠡᠭᠡ ᠶᠢᠨ | ᠲᠥᠯᠥᠪᠵᠢᠭᠦᠯᠭᠡ ᠶᠢᠨ ᠸᠠᠺᠼᠢᠨ ᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠲᠠᠷᠢᠬᠤ ᠨᠣᠷᠮ᠎ᠠ 95 % ᠠᠴᠠ | ᠳᠡᠭᠡᠭᠰᠢ ᠳᠤ ᠬᠦᠷᠪᠡ᠃ |