ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠰᠢᠨ᠎ᠡ ᠱᠠᠲᠤ ᠦᠶ᠎ᠡ ᠳᠤ ᠤᠷᠤᠵᠤ  ᠲᠠᠪᠤᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ ᠨᠢᠭᠡᠨᠲᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2015/9/8
      2004 ᠣᠨ ᠠᠴᠠ ᠨᠠᠰᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠰᠢᠨ᠎ᠡ ᠲᠡᠦᠬᠡᠨ ᠱᠠᠲᠤ ᠦᠶ᠎ᠡ ᠳᠤ ᠤᠷᠤᠵᠤ᠂ ᠣᠳᠣᠬᠠᠨ ᠳᠤ ᠲᠠᠪᠤᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ ᠨᠢᠭᠡᠨᠲᠡ ᠪᠠᠶᠢᠭᠤᠯᠤᠭᠳᠠᠪᠠ᠃ ᠤᠶᠢᠯᠠᠭᠠᠭᠰᠠᠨ ᠢᠶᠠᠷ᠂ ᠨᠢᠭᠡᠨᠲᠡ ᠪᠠᠶᠢᠭᠤᠯᠤᠭᠳᠠᠭᠰᠠᠨ ᠲᠠᠪᠤᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ ᠳᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠤᠬᠢᠶᠠᠨ ᠪᠠᠶᠢᠭᠤᠯᠤᠯᠲᠠ ᠶᠢᠨ ᠬᠥᠮᠦᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠰᠤᠩᠭᠤᠭᠳᠠᠨ ᠤᠷᠤᠭᠰᠠᠨ ᠲᠦᠷᠦᠯ ᠵᠦᠢᠯ 2︔ ᠤᠯᠤᠰ ᠤᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ 78᠂  ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠥᠷᠥᠯ ᠵᠦᠢᠯ 342᠂ ᠠᠶᠢᠮᠠᠭ ᠬᠤᠲᠠ ᠶᠢᠨ ᠱᠠᠲᠤᠨ ᠤ ᠲᠦᠷᠦᠯ ᠵᠦᠢᠯ 1190 ᠭᠠᠷᠤᠢ᠂ ᠬᠤᠰᠢᠭᠤ ᠰᠢᠶᠠᠨ ᠤ ᠱᠠᠲᠤᠨ ᠤ ᠲᠦᠷᠦᠯ ᠵᠦᠢᠯ 2310 ᠭᠠᠷᠤᠢ︔ ᠤᠯᠤᠰ ᠤᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 42 ᠨᠡᠷ᠎ᠡ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠯᠠᠮᠵᠢᠯᠠᠨ ᠵᠠᠯᠭᠠᠮᠵᠢᠯᠠᠭᠴᠢ 564 ᠨᠡᠷ᠎ᠡ᠂ ᠠᠶᠢᠮᠠᠭ ᠬᠤᠲᠠ ᠶᠢᠨ ᠱᠠᠲᠤᠨ ᠤ ᠤᠯᠠᠮᠵᠢᠯᠠᠨ ᠵᠠᠯᠭᠠᠮᠵᠢᠯᠠᠭᠴᠢ 2104 ᠨᠡᠷ᠎ᠡ᠂ ᠬᠤᠰᠢᠭᠤ ᠰᠢᠶᠠᠨ ᠤ ᠱᠠᠲᠤᠨ ᠤ ᠤᠯᠠᠮᠵᠢᠯᠠᠨ ᠵᠠᠯᠭᠠᠮᠵᠢᠯᠠᠭᠴᠢ 3732 ᠨᠡᠷ᠎ᠡ ᠪᠠᠭᠲᠠᠵᠤ ᠪᠤᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ︽ᠥᠪᠥᠷ ᠮᠣᠩᠭᠤᠯ ᠤᠨ ᠰᠣᠶᠣᠯ ᠤᠷᠠᠯᠢᠭ ᠤᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾᠎ ᠶᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠬᠦ ᠴᠢᠨᠠᠷᠲᠠᠢ 10 ᠶᠡᠭᠡ ᠲᠥᠷᠥᠯ ᠤᠨ 70 ᠭᠤᠣᠯᠳᠠᠯᠭ᠎ᠠ ᠲᠠᠢ ᠲᠦᠷᠦᠯ ᠵᠦᠢᠯ ᠳᠤ ᠲᠦᠯᠦᠪᠯᠡᠭᠡ ᠲᠠᠢ ᠪᠠᠷ ᠪᠠᠶᠢᠴᠠᠭᠠᠯᠲᠠ ᠬᠢᠵᠦ᠂ ᠠᠭᠤᠳᠠᠯᠯᠠᠵᠤ᠂ ᠡᠮᠬᠢᠳᠭᠡᠵᠤ᠂ ᠰᠤᠳᠤᠯᠬᠤ ᠪᠠ ᠬᠠᠮᠠᠭᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠭᠦᠨᠵᠡᠭᠡᠶ ᠦᠷᠨᠢᠬᠦ ᠶᠢ ᠲᠦᠯᠬᠢᠨ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号