ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ ︽ᠲᠠᠷᠢᠶᠠᠴᠢᠨ ᠬᠦᠴᠦ ᠶᠠᠪᠤᠭᠰᠠᠳ ᠵᠡᠷᠭᠡ ᠬᠥᠮᠥᠰ ᠤᠨ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠰᠠᠨᠠᠯ︾ ᠢ ᠤᠯᠠᠮᠵᠢᠯᠠᠨ ᠶᠠᠪᠤᠭᠤᠯᠤᠭᠰᠠᠨ ᠪᠦᠭᠡᠳ ᠥᠪᠥᠷ ᠮᠣᠩᠭᠤᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ | ᠪᠤᠳᠠᠲᠠᠢ ᠱᠠᠭᠠᠷᠳᠠᠯᠭ᠎ᠠ ᠳᠤᠷᠠᠳᠪᠠ᠃ | ᠥᠪᠥᠷ ᠮᠣᠩᠭᠤᠯ ᠡᠯ᠎ᠡ ᠭᠠᠵᠠᠷ ᠤᠨ ᠬᠢᠨ ᠢ ᠨᠤᠲᠤᠭ ᠲᠠᠭᠠᠨ ᠪᠤᠴᠠᠬᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠣᠶᠣᠲᠠᠨ ᠪᠣᠯᠣᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠡᠷᠭᠡ ᠬᠥᠮᠥᠰ ︵ | ᠳᠣᠷᠣᠭᠰᠢ ︽ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠳ︾ ᠭᠡᠵᠦ ᠲᠣᠪᠴᠢᠯᠠᠨ᠎ᠠ︶ ᠢ ᠠᠳᠠᠯ | ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠳᠡᠳᠬᠦᠬᠦ ᠬᠡᠪᠴᠢᠶᠡᠨ ᠳᠤ | ᠣᠷᠣᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠦᠰ ᠤᠨ ᠣᠷᠣᠨ ᠤ ᠪᠠᠶᠢᠷᠢᠰᠢᠯ ᠤᠨ | ᠳᠠᠪᠠᠭᠤᠯᠢᠭ ᠲᠠᠭᠠᠨ ᠲᠦᠰᠢᠭᠯᠡᠨ᠂ ᠣᠨᠴᠠᠯᠢᠭᠲᠤ ᠲᠡᠷᠢᠵᠦ ᠲᠡᠵᠢᠭᠡᠬᠦ ᠦᠢᠯᠡᠰ᠂ ᠪᠣᠬᠢᠷᠲᠤᠯ ᠦᠭᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠮᠠᠯᠵᠢᠬᠤ ᠲᠠᠷᠢᠶᠠᠯᠠᠬᠤ ᠣᠷᠣᠨ ᠤ | ᠦᠢᠯᠡᠴᠢᠯᠡᠭᠡᠨ ᠤ ᠦᠢᠯᠡᠰ ᠵᠢᠴᠢ ᠲᠡᠦᠬᠡ᠂ ᠭᠠᠵᠠᠷ ᠣᠷᠣᠨ ᠪᠣᠯᠣᠨ ᠦᠨᠳᠦᠰᠦᠲᠡᠨ ᠤ ᠣᠨᠴᠠᠯᠢᠭ ᠲᠠᠢ | ᠰᠡᠯᠡᠭᠦᠴᠡᠯ ᠤᠨ ᠡᠳ᠋ᠯᠡᠩ᠂ ᠮᠠᠯᠵᠢᠯ ᠤᠨ ᠲᠠᠯᠠᠪᠠᠶ᠂ ᠵᠢᠭᠠᠰᠤᠴᠢᠨ ᠲᠣᠰᠬᠤᠨ ᠵᠡᠷᠭᠡ ᠰᠡᠯᠡᠭᠦᠴᠡᠯ ᠤᠨ ᠲᠠᠷᠢᠶᠠᠯᠠᠩ ᠮᠠᠯ | ᠠᠵᠤ ᠠᠬᠤᠶ ᠶᠢᠨ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠭᠦᠯᠬᠦ ᠶᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃ | ᠥᠪᠥᠷ ᠮᠣᠩᠭᠤᠯ ᠳᠤᠷᠠᠳᠴᠤ ᠭᠠᠷᠭᠠᠭᠰᠠᠨ ᠨᠢ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ | ᠬᠥᠮᠥᠰ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠥᠪᠡᠷᠲᠡᠭᠡᠨ ᠵᠠᠰᠠᠬᠤ ᠣᠷᠣᠨ ᠤ ᠠᠳᠠᠯ | ᠦᠢᠯᠡᠰ ᠴᠣᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠤᠨ | ︽ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ︾ ᠲᠥᠷᠥᠯ ᠵᠦᠢᠯ ᠢᠶᠠᠷ ᠳᠡᠳᠬᠦᠬᠦ ᠬᠡᠪᠴᠢᠶᠡᠨ ᠳᠤ ᠣᠷᠣᠭᠤᠯᠵᠤ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠥᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ | ᠪᠣᠯᠤᠨ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠥᠰ ᠤᠨ ᠨᠡᠪᠴᠢᠭᠦᠯᠬᠦ ᠬᠤᠭᠤᠴᠠᠭᠠᠨ ᠳᠤ | ᠲᠦᠷᠢᠶᠡᠰᠦᠨ ᠮᠥᠩᠭᠦ᠂ ᠠᠳᠠᠯ ᠠᠬᠤᠶ ᠶᠢᠨ ᠵᠠᠷᠤᠳᠠᠯ᠂ ᠤᠰᠤ ᠴᠠᠬᠢᠯᠭᠠᠨ ᠤ ᠵᠠᠷᠤᠳᠠᠯ᠂ ᠳᠣᠯᠠᠭᠠᠯᠠᠯᠭ᠎ᠠ ᠶᠢᠨ | ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠬᠦ ᠬᠡᠷᠡᠭᠲᠡᠢ᠃ ᠣᠷᠣᠨ ᠪᠦᠰᠡ ᠶᠢᠨ | ᠣᠨᠴᠠᠯᠢᠭ ᠢᠶᠠᠷ ᠢᠯᠡᠷᠬᠡᠢ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠲᠣᠭᠤᠷᠢᠭ ᠪᠣᠯᠤᠨ ᠳᠠᠪᠠᠭᠤᠯᠢᠭ ᠠᠵᠤ | ᠦᠢᠯᠡᠰ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ | ᠠᠷᠪᠠ ᠪᠠᠷ ᠪᠦᠬᠦᠨ ᠢ ᠬᠠᠮᠤᠷᠬᠤ ᠢᠨᠵᠧᠨᠧᠷᠢᠩ︾ ᠳᠤ ᠲᠦᠰᠢᠭᠯᠡᠨ ᠪᠠᠶᠢᠭᠤᠯᠤᠭᠰᠠᠨ ᠠᠷᠠᠳ ᠲᠤ ᠳᠥᠭᠦᠮ | ᠦᠵᠡᠭᠦᠯᠬᠦ ᠬᠡᠯᠬᠢᠶ᠎ᠡ ᠬᠡᠳᠦ ᠳᠡᠯᠭᠡᠭᠦᠷ᠂ ᠬᠤᠲᠠ ᠬᠥᠳᠡᠭᠡ ᠨᠡᠪᠲᠡᠷᠡᠯᠴᠡᠭᠰᠡᠨ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠪᠠᠷᠠᠭ᠎ᠠ ᠶᠢᠨ ᠭᠦᠢᠯᠭᠡᠭᠡᠨ ᠤ ᠵᠠᠭᠪᠤᠷ ᠢ ᠪᠠᠶᠢᠭᠤᠯᠵᠤ᠂ ᠨᠤᠲᠤᠭ ᠲᠠᠭᠠᠨ ᠪᠤᠴᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠥᠮᠥᠰ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ | ᠦᠢᠯᠡᠰ ᠴᠣᠭᠴᠠᠯᠠᠵᠤ ᠶᠢ ᠵᠣᠷᠢᠭᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠭᠠᠷᠤᠯᠲᠠ ᠶᠢᠨ ᠭᠠᠵᠠᠷ ᠠᠴᠠ ᠵᠠᠬ᠎ᠠ ᠳᠡᠯᠭᠡᠭᠦᠷ ᠲᠤ ᠬᠦᠷᠬᠦ ︽ᠰᠢᠭᠤᠳ ᠨᠡᠪᠲᠡᠷᠡᠬᠦ ᠲᠡᠷᠭᠡ︾ ᠶᠢ ᠪᠠᠶᠢᠭᠤᠯᠬᠤ | ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠨᠢ ᠣᠳᠣ ᠪᠠᠶᠢᠭ᠎ᠠ ᠡᠬᠢ ᠪᠠᠶᠠᠯᠢᠭ ᠢᠶᠠᠨ | ᠭᠦᠢᠴᠡᠳ ᠠᠰᠢᠭᠯᠠᠬᠤ ᠪᠠ ᠡᠮᠬᠢᠯᠡᠨ ᠨᠡᠶᠢᠯᠡᠭᠦᠯᠵᠦ᠂ ᠲᠤᠰ ᠭᠠᠵᠠᠷ ᠤᠨ ᠢᠶᠠᠨ ᠣᠨᠴᠠᠯᠢᠭ ᠲᠤ ᠨᠡᠶᠢᠴᠡᠭᠰᠡᠨ ᠠᠳᠠᠯ | ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠂ ᠡᠭᠦᠨ ᠳᠤ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ᠡᠷᠬᠡ ᠶᠢ ᠦᠷᠭᠡᠳᠬᠡᠨ ᠰᠢᠶᠠᠨ ᠢ ᠬᠦᠴᠦᠷᠬᠡᠭᠵᠢᠭᠦᠯᠬᠦ 12 | ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ 2016 ᠣᠨ ᠤ ᠡᠴᠦᠰ ᠠᠴᠠ | ᠡᠮᠦᠨ᠎ᠡ ᠳᠠᠭᠤᠰᠬᠠᠵᠤ᠂ ᠬᠤᠶᠠᠳᠡᠬᠢ ᠪᠦᠯᠦᠭ ᠤᠨ ᠡᠷᠬᠡ ᠶᠢ ᠥᠷᠭᠡᠳᠬᠡᠵᠦ ᠰᠢᠶᠠᠨ ᠢ ᠬᠦᠴᠦᠷᠬᠡᠭᠵᠢᠭᠦᠯᠬᠦ 10 | ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ 2017 ᠣᠨ ᠤ ᠡᠴᠦᠰ ᠠᠴᠠ | ᠡᠮᠦᠨ᠎ᠡ ᠳᠠᠭᠤᠰᠬᠠᠵᠤ᠂ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠨᠢ ︽13· 5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ ᠭᠡᠵᠡᠢ᠃ | ᠥᠪᠥᠷ ᠮᠣᠩᠭᠤᠯ ᠪᠠᠰᠠ ᠱᠠᠭᠠᠷᠳᠠᠭᠰᠠᠨ ᠨᠢ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ | ᠬᠥᠮᠥᠰ ᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠠᠳᠠᠯ ᠦᠢᠯᠡᠰ ᠴᠣᠭᠴᠠᠯᠠᠬᠤ ᠭᠤᠷᠪᠠᠨ ᠱᠠᠲᠤᠨ ᠤ ᠠᠵᠢᠯ ᠣᠯᠭᠤᠬᠤ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠢᠨ ᠡᠷᠬᠡᠪᠰᠢ 2015 ᠣᠨ ᠤ ᠵᠢᠯ ᠤᠨ ᠡᠴᠦᠰ ᠠᠴᠠ ᠡᠮᠦᠨ᠎ᠡ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠬᠥᠮᠥᠰ ᠤᠨ ᠠᠳᠠᠯ ᠦᠢᠯᠡᠰ ᠴᠣᠭᠴᠠᠯᠠᠬᠤ ᠳᠤ ᠣᠷᠣᠰᠢᠵᠤ ᠪᠠᠶᠢᠭ᠎ᠠ | ᠲᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠢ | ᠵᠢᠯᠣᠭᠤᠳᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠥᠰ ᠤᠨ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠠᠵᠢᠯ ᠥᠷᠨᠢᠭᠦᠯᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠥᠰ ᠤᠨ | ᠠᠳᠠᠯ ᠦᠢᠯᠡᠰ ᠴᠣᠭᠴᠠᠯᠠᠵᠣ ᠪᠠᠶᠢᠭ᠎ᠠ ᠪᠠᠶᠢᠳᠠᠯ᠂ ᠠᠳᠠᠯ ᠦᠢᠯᠡᠰ ᠴᠣᠭᠴᠠᠯᠠᠬᠤ ᠰᠠᠨᠠᠮᠵᠢ ᠪᠣᠯᠣᠨ ᠬᠦᠴᠢᠷᠳᠡᠯ ᠢ | ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠲᠣᠭᠲᠠᠮᠠᠯ | ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠪᠠ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠥᠰ ᠲᠤ | ᠬᠠᠨᠳᠤᠭᠤᠯᠤᠭᠰᠠᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠨ᠂ ᠠᠳᠠᠯ ᠦᠢᠯᠡᠰ ᠴᠣᠭᠴᠠᠯᠠᠬᠤ ᠮᠡᠳᠡᠭᠡ | ᠵᠠᠩᠭᠢ ᠨᠡᠶᠢᠲᠡᠯᠡᠬᠦ ᠲᠠᠪᠴᠠᠩ ᠪᠠᠶᠢᠭᠤᠯᠤᠨ᠂ ᠡᠯ᠎ᠡ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ | ᠬᠠᠷᠭᠤᠭᠤᠯᠤᠨ ᠮᠠᠭᠠᠳᠯᠠᠬᠤ᠂ ᠳᠠᠩᠰᠠᠯᠠᠭᠤᠯᠠᠬᠤ ᠵᠦᠢᠯᠡᠰ ᠪᠣᠯᠣᠨ ᠬᠡᠷᠡᠭ ᠰᠢᠢᠳᠪᠦᠷᠢᠯᠡᠬᠦ ᠵᠦᠭᠯᠡᠭᠦᠷ ᠢ ᠴᠠᠭ | ᠲᠤᠬᠠᠶ ᠳᠤᠨᠢ ᠨᠡᠶᠢᠲᠡᠯᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠣᠯᠤᠨ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠬᠥᠮᠥᠰ ᠲᠤ ᠬᠠᠤᠯᠢ ᠴᠠᠭᠠᠵᠠ ᠶᠢᠨ ᠲᠤᠰᠠᠯᠠᠮᠵᠢ᠂ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ᠂ | ᠮᠡᠳᠡᠭᠡ ᠵᠠᠩᠭᠢ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃ |