ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠡᠷᠬᠢᠯᠡᠵᠦ ᠪᠠᠶᠢᠭ᠎ᠠ 1576 ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ | 11622 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ ᠪᠦᠬᠦᠨ ᠢᠶᠠᠷ ᠢᠶᠠᠨ ᠦᠨᠳᠦᠰᠦᠨ ᠡᠮ ᠤᠨ | ᠵᠦᠢᠯ ᠢ ᠲᠣᠬᠢᠷᠠᠭᠤᠯᠤᠨ ᠬᠡᠷᠡᠭᠯᠡᠵᠦ᠂ ᠵᠥᠷᠢᠶ᠎ᠡ ᠶᠢᠨ ᠨᠤᠷᠮ᠎ᠠ ᠦᠭᠡᠢ ᠪᠠᠷ ᠪᠣᠷᠣᠯᠠᠭᠤᠯᠬᠤ ᠶᠢ ᠪᠡᠶᠡᠯᠡᠭᠦᠯᠪᠡ︔ 102 | ᠬᠤᠰᠢᠭᠤ ᠰᠢᠶᠠᠨ ᠲᠣᠭᠤᠷᠢᠭ ᠪᠦᠬᠦᠨ ᠢᠶᠠᠷ ᠢᠶᠠᠨ ᠦᠨᠳᠦᠰᠦᠨ ᠡᠮ ᠤᠨ ᠵᠦᠢᠯ ᠤᠨ ᠪᠠᠷᠠᠭ᠎ᠠ ᠶᠢᠨ ᠵᠣᠭᠤᠰ ᠢ | ᠡᠳ᠋ ᠤᠨ ᠶᠠᠪᠤᠳᠠᠯ ᠤᠨ ᠬᠢᠨ ᠬᠤᠷᠢᠶᠠᠵᠤ ᠲᠤᠰᠢᠶᠠᠬᠤ ᠲᠣᠭᠠᠴᠠᠭ᠎ᠠ ᠬᠢᠬᠦ ᠲᠥᠪ ᠪᠠᠶᠢᠭᠤᠯᠵᠤ᠂ ᠤᠷᠤᠭᠰᠢᠲᠠᠢ | ᠳ᠋ᠦᠩᠨᠡᠨ ᠪᠣᠳᠣᠬᠤ ᠶᠢ ᠦᠨᠡᠨᠬᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ ᠠᠴᠠ ᠣᠶᠢᠯᠭᠠᠭᠰᠠᠨ ᠢᠶᠠᠷ᠂ ᠮᠠᠨ ᠤ ᠣᠷᠣᠨ ᠤ ᠦᠨᠳᠦᠰᠦᠨ ᠱᠠᠲᠤᠨ ᠤ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠣᠭᠰᠠᠨ ᠪᠠᠶᠢᠨ᠎ᠠ᠃ | ᠣᠶᠢᠯᠭᠠᠭᠰᠠᠨ ᠢᠶᠠᠷ᠂ ᠣᠳᠣᠬᠠᠨ ᠪᠣᠯᠲᠠᠯ᠎ᠠ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ ᠮᠠᠨ ᠤ ᠣᠷᠣᠨ ᠳᠤ 1.67 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠤ᠂ 50 ᠰᠤᠮᠤ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ 4 ᠨᠡᠶᠢᠭᠡᠮ ᠤᠨ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠪᠡ᠃ ᠪᠦᠬᠦ ᠣᠷᠣᠨ 1.47 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠠᠩᠬᠠᠳᠠᠭᠴᠢ ᠪᠥᠯᠥᠭ ᠤᠨ 1965 | ᠭᠠᠴᠠᠭ᠎ᠠ ᠲᠣᠰᠬᠤᠨ ᠤ ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠳᠠᠰᠤᠭ ᠪᠦᠬᠦ ᠲᠠᠯ᠎ᠠ ᠪᠠᠷ ᠠᠵᠢᠯ ᠢᠶᠠᠨ | ᠳᠠᠭᠤᠰᠬᠠᠭᠰᠠᠨ ᠤ ᠬᠠᠮᠲᠤ ᠠᠰᠢᠭᠯᠠᠯᠲᠠ ᠳᠤ ᠣᠷᠣᠭᠤᠯᠤᠨ ᠬᠡᠷᠡᠭᠯᠡᠪᠡ᠃ ᠡᠭᠦᠨ ᠠᠴᠠ ᠭᠠᠳᠠᠨ᠎ᠠ᠂ ᠮᠠᠨ ᠤ ᠣᠷᠣᠨ | ᠪᠠᠰᠠᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠢ | ᠰᠦᠪᠡᠭᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨ ᠡᠮᠨᠡᠯᠭᠡ ᠶᠢᠨ ᠠᠵᠢᠯᠲᠠᠨ ᠤ | ᠢᠳᠡᠪᠬᠢᠵᠢᠯ ᠢ ᠲᠠᠰᠤᠷᠠᠯᠲᠠ ᠦᠭᠡᠢ ᠳᠠᠶᠢᠴᠢᠯᠠᠪᠠ︔ ᠰᠢᠶᠠᠩ ᠲᠣᠰᠬᠤᠨ ᠤ ᠡᠮᠴᠢ ᠶᠢᠨ ᠡᠯ᠎ᠡ ᠵᠦᠢᠯ ᠤᠨ | ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠣᠣᠷ ᠶᠢ ᠪᠠᠬᠢᠵᠢᠭᠦᠯᠦᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠪᠠ︔ | ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠭᠦᠷᠢᠰᠢᠯᠲᠡ ᠶᠢᠨ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ | ᠳᠠᠩᠰᠠ ᠡᠪᠬᠡᠮᠡᠯ ᠪᠠᠶᠢᠭᠤᠯᠬᠤ ᠨᠤᠷᠮ᠎ᠠ 82.5% ᠳᠤ ᠬᠦᠷᠴᠦ᠂ ᠤᠯᠤᠰ ᠤᠨ ᠡᠬᠡᠯᠢᠯᠡᠭᠡ ᠶᠢᠨ | ᠲᠥᠯᠥᠪᠵᠢᠭᠦᠯᠭᠡ ᠶᠢᠨ ᠸᠠᠩᠼᠢᠨ ᠤ ᠰᠡᠷᠭᠡᠶᠢᠯᠡᠬᠦ ᠲᠠᠷᠢᠯᠭ᠎ᠠ ᠲᠠᠷᠢᠬᠤ ᠨᠤᠷᠮ᠎ᠠ 95% ᠠᠴᠠ ᠳᠡᠭᠡᠭᠰᠢ ᠳᠤ ᠬᠦᠷᠪᠡ᠃ | |