ᠪᠦᠬᠦ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/1/11
     2016 ᠣᠨ ᠤ 1 ᠳ᠋ᠦ᠋ᠭᠡᠷ ᠰᠠᠷ᠎ᠠ ᠶᠢᠨ 5᠎ ᠤ ᠡᠳᠦᠷ᠂ ᠪᠦᠬᠦ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠪᠣᠯ 2015 ᠣᠨ ᠤ 12 ᠳ᠋ᠤᠭᠠᠷ ᠰᠠᠷ᠎ᠠ ᠶᠢᠨ 24᠎ — 25᠎ ᠤ ᠡᠳᠦᠷ ᠲᠤ ᠪᠣᠯᠤᠭᠰᠠᠨ ᠪᠦᠬᠦ ᠤᠯᠤᠰ ᠤᠨ ᠶᠠᠳᠠᠭᠤ ᠶᠢ ᠳᠡᠳᠬᠦᠵᠦ ᠨᠡᠬᠡᠬᠡᠨ ᠬᠦᠭᠵᠢᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠷᠤᠨ ᠤ 2015 ᠣᠨ ᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠭᠦᠯᠬᠦ ᠠᠵᠢᠯ ᠳᠤ ᠳ᠋ᠦᠩᠨᠡᠯᠲᠡ ᠬᠢᠵᠦ᠂ 2016 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠤᠷᠤᠨ ᠤ ᠶᠠᠳᠠᠭᠤ ᠶᠢ ᠳᠡᠳᠬᠦᠬᠦ ᠰᠢᠰᠲ᠋ᠧᠮ ᠤᠨ ᠬᠢᠨ ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠳᠤᠳᠬᠠᠨ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ︽13᠂ 5︾᠎ ᠶᠢᠨ ᠬᠤᠭᠤᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢ ᠴᠢᠨᠠᠭᠰᠢᠳᠠ ᠳᠠᠶᠢᠴᠢᠯᠠᠪᠠ᠃      ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠵᠦᠩ ᠴᠧᠩ ᠬᠤᠷᠠᠯ ᠡᠷᠬᠢᠯᠡᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠡᠥ ᠵᠦᠩ ᠶᠠᠨ ᠠᠴᠠ ᠪᠦᠬᠦ ᠤᠯᠤᠰ ᠤᠨ ᠶᠠᠳᠠᠭᠤ ᠶᠢ ᠳᠡᠳᠬᠦᠬᠦ ᠨᠡᠬᠡᠬᠡᠨ ᠬᠦᠭᠵᠢᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠬᠠᠨ ᠵᠢᠶᠠᠨ ᠭᠠᠩ ᠠᠴᠠ ᠪᠦᠬᠦ ᠤᠷᠤᠨ ᠤ 2015 ᠣᠨ ᠤ ᠶᠠᠳᠠᠭᠤᠴᠤᠳ ᠤᠨ ᠪᠠᠭᠤᠷᠠᠭᠰᠠᠨ ᠪᠠᠶᠢᠳᠠᠯ᠂ ᠡᠪᠬᠡᠮᠡᠯ ᠪᠠᠶᠢᠭᠤᠯᠤᠨ ᠺᠠᠷᠲ ᠵᠣᠬᠢᠶᠠᠬᠤ᠂ ᠲᠤᠰᠬᠠᠢ ᠬᠢᠨᠠᠨ ᠪᠣᠳᠤᠯᠲᠠ᠂ ᠣᠨ ᠤ ᠬᠢᠨᠠᠨ ᠰᠢᠯᠭᠠᠯᠲᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠲᠦᠷᠦᠯ ᠵᠦᠢᠯ ᠤᠨ ᠭᠠᠵᠠᠷ ᠤᠨ ᠳᠠᠷᠤᠭ᠎ᠠ ᠯᠢ ᠵᠢᠶᠦ᠋ᠨ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠤᠨ ᠪᠠᠶᠢᠳᠠᠯ ᠢ ᠲᠠᠨᠢᠯᠴᠠᠭᠤᠯᠪᠠ᠃ ᠳᠡᠳ᠋ ᠲᠣᠭᠤᠷᠢᠨ ᠪᠠᠶᠢᠴᠠᠭᠠᠭᠴᠢ ᠸᠠᠩ ᠷᠠᠨ ᠬᠤᠷᠠᠯ ᠳᠤ ᠣᠷᠤᠯᠴᠠᠪᠠ᠃      ᠡᠷᠬᠢᠯᠡᠭᠴᠢ ᠯᠢᠦ ᠵᠦᠩ ᠴᠧᠩ ᠠᠴᠠ ᠠᠷᠪᠠᠨ ᠨᠢᠭᠡᠨ ᠲᠠᠯ᠎ᠠ ᠶᠢᠨ ᠠᠵᠢᠯ ᠢ ᠭᠤᠣᠯᠴᠢᠯᠠᠨ ᠴᠢᠬᠤᠯᠠᠴᠢᠯᠠᠪᠠ᠃ ᠨᠢᠭᠡ ᠳᠤ ᠲᠥᠪ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠠᠳᠠᠭᠤ ᠶᠢ ᠳᠡᠳᠬᠦᠬᠦ ᠨᠡᠬᠡᠬᠡᠨ ᠬᠦᠭᠵᠢᠭᠦᠯᠬᠦ ᠬᠤᠷᠠᠯ ᠪᠠ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠨᠡᠬᠡᠬᠡᠨ ᠬᠦᠭᠵᠢᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠬᠡᠷᠡᠭᠲᠡᠢ᠃ ᠲᠥᠪ ᠤᠨ ᠭᠤᠷᠪᠠᠨ ᠤᠳᠤᠷᠢᠳᠤᠯᠭ᠎ᠠ᠂ ᠦᠪᠡᠷᠲᠡᠭᠡᠨ ᠵᠠᠰᠠᠬᠤ ᠤᠷᠤᠨ ᠤ ᠭᠤᠷᠪᠠᠨ ᠤᠳᠤᠷᠢᠳᠤᠯᠭ᠎ᠠ ᠶᠢᠨ ᠶᠠᠷᠢᠶ᠎ᠠ ᠶᠢ ᠳᠠᠷᠤᠮᠠᠯᠯᠠᠨ ᠳᠡᠪᠲᠡᠷᠯᠡᠵᠦ᠂ ᠪᠦᠬᠦ ᠤᠷᠤᠨ ᠤ ᠶᠠᠳᠠᠭᠤ ᠶᠢ ᠳᠡᠳᠬᠦᠬᠦ ᠰᠢᠰᠲ᠋ᠧᠮ ᠤᠨ ᠺᠳ᠋ᠷᠴᠤᠳ ᠲᠤ ᠭᠠᠷᠳᠠᠭᠤᠯᠤᠨ ᠬᠢᠨᠠᠮᠠᠭᠠᠢ ᠰᠤᠷᠤᠯᠴᠠᠭᠤᠯᠬᠤ ᠬᠡᠷᠡᠭᠲᠡᠢ᠃ ᠬᠤᠶᠠᠷ ᠲᠤ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠶᠠᠳᠠᠭᠤ ᠶᠢ ᠣᠨᠤᠪᠴᠢᠲᠠᠢ ᠣᠯᠵᠤ᠂ ᠣᠨᠤᠪᠴᠢᠲᠠᠢ ᠳᠡᠳᠬᠦᠵᠦ᠂ ᠣᠨᠤᠪᠴᠢᠲᠠᠢ ᠠᠩᠭᠢᠵᠢᠷᠠᠭᠤᠯᠬᠤ ᠬᠡᠷᠡᠭᠲᠡᠢ᠃ ᠡᠨᠡ ᠠᠵᠢᠯ ᠢ ᠭᠤᠣᠯᠳᠠᠭ᠎ᠠ ᠶᠢᠨ ᠳᠣᠲᠤᠷᠠᠬᠢ ᠭᠤᠣᠯᠳᠠᠯᠭ᠎ᠠ ᠪᠣᠯᠭᠠᠨ ᠠᠳᠬᠤᠵᠤ᠂ ᠨᠢᠭᠡ ᠨᠢᠭᠡ ᠪᠠᠷ ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠨᠢᠭᠡ ᠨᠢᠭᠡ ᠪᠠᠷ ᠳᠠᠭᠠᠭᠠᠯᠭᠠᠬᠤ ᠬᠡᠷᠡᠭᠲᠡᠢ᠃ ᠨᠠᠮ ᠤᠨ ᠤᠯᠤᠰ ᠲᠥᠷᠦ ᠶᠢᠨ ᠳᠠᠪᠠᠭᠤᠯᠢᠭ ᠪᠠ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠤᠳ ᠠᠯᠵᠢᠶᠠᠷᠠᠯ ᠦᠭᠡᠢ ᠬᠠᠷᠢᠭᠤ ᠮᠡᠳᠡᠭᠦᠯᠦᠨ᠂ ᠴᠦᠬᠦᠷᠠᠯ ᠦᠭᠡᠢ ᠵᠢᠭᠠᠪᠤᠷᠢ ᠠᠪᠴᠤ᠂ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠩᠬᠠᠷᠤᠯ ᠢ ᠲᠠᠲᠠᠨ᠂ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠲᠦᠰᠢᠭᠯᠡᠨ ︽ᠬᠡᠨ ᠢ ᠳᠡᠳᠬᠦᠬᠦ︾᠎ ᠶᠢ ᠣᠨᠣᠪᠴᠢᠲᠠᠢ ᠲᠣᠭᠲᠠᠭᠠᠬᠤ ᠬᠡᠷᠡᠭᠲᠡᠢ᠃ ᠭᠤᠷᠪᠠ ᠳᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠠᠮᠤᠭ ᠤᠨ ᠶᠡᠭᠡ ᠶᠠᠳᠠᠭᠤ ᠶᠢ ᠳᠡᠳᠬᠦᠬᠦ ᠢᠨᠵᠧᠨᠧᠷᠢᠩ ᠪᠣᠯᠭᠠᠨ ᠠᠳᠬᠤᠬᠤ ᠬᠡᠷᠡᠭᠲᠡᠢ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠬᠠᠮᠤᠭ ᠤᠨ ᠶᠡᠭᠡ ᠣᠷᠤᠭᠤᠯᠤᠯᠲᠠ ᠣᠷᠤᠭᠤᠯᠤᠭᠰᠠᠨ ᠬᠤᠶᠠᠷ ᠵᠦᠢᠯ ᠪᠣᠯ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠪᠠ ᠵᠡᠭᠡᠯᠢ ᠭᠤᠲᠤᠮᠵᠢ ᠶᠢ ᠬᠠᠲᠠᠷᠠᠭᠤᠯᠬᠤ ᠪᠣᠯᠤᠨ᠎ᠠ᠂ ᠡᠨᠡ ᠨᠢ ᠲᠥᠪ ᠠᠯᠪᠠᠨ ﹇2013﹈25 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠣᠲᠣᠷᠠᠬᠢ ᠠᠷᠪᠠᠨ ᠵᠦᠢᠯ ᠤᠨ ᠭᠤᠣᠯᠳᠠᠯᠭᠠᠲᠤ ᠠᠵᠢᠯ ᠲᠠᠢ ᠳᠡᠭᠡᠳᠦ ᠬᠡᠮᠵᠢᠶ᠎ᠡ ᠪᠠᠷ ᠨᠢᠭᠡᠲᠦᠭᠰᠡᠨ ᠶᠤᠮ᠃ ᠳᠥᠷᠪᠡ ᠳᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠢ ᠡᠬᠢᠯᠡᠭᠦᠯᠬᠦ ᠬᠡᠷᠡᠭᠲᠡᠢ᠃ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠠᠴᠠ ᠡᠷᠬᠡᠪᠰᠢ ᠬᠡᠨ ᠢ ᠨᠡᠭᠦᠯᠭᠡᠬᠦ ᠠᠰᠠᠭᠤᠳᠠᠯ ᠢ ᠣᠨᠣᠪᠴᠢᠲᠠᠶ ᠬᠢᠨᠠᠨ ᠬᠠᠷᠭᠤᠭᠤᠯᠵᠦ᠂ ︽ᠦᠯᠡᠭᠦᠳᠡᠯ ᠢ ᠦᠭᠡᠶᠢᠰᠬᠡᠬᠦ︾᠎ ᠲᠠᠢ ᠤᠶᠠᠯᠳᠤᠭᠤᠯᠤᠨ ᠬᠡᠷᠡᠭᠵᠢᠭᠦᠯᠬᠦ ᠶᠢ ᠰᠣᠳᠤᠯᠤᠨ ᠰᠦᠪᠡᠭᠴᠢᠯᠡᠵᠦ ᠪᠣᠯᠤᠨ᠎ᠠ᠃ ᠲᠠᠪᠤ ᠳᠤ ︽ᠭᠤᠷᠪᠠ ᠶᠢ ᠲᠤᠰᠬᠤᠨ ᠡᠷᠦᠬᠡ ᠳᠤ ᠬᠦᠷᠭᠡᠬᠦ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠢ᠃ ︽ᠭᠤᠷᠪᠠ ᠶᠢ ᠬᠦᠷᠭᠡᠬᠦ︾ ᠠᠵᠢᠯ ᠪᠣᠯ ᠪᠦᠲᠦᠮᠵᠢᠲᠡᠢ ᠮᠦᠷᠲᠡᠭᠡᠨ ᠣᠨᠤᠪᠴᠢᠲᠠᠢ ᠶᠠᠳᠠᠭᠤ ᠶᠢ ᠳᠡᠳᠬᠦᠬᠦ ᠠᠷᠭ᠎ᠠ ᠬᠡᠮᠵᠢᠶ᠎ᠡ ᠮᠦᠨ᠂ ᠡᠷᠬᠡᠪᠰᠢ ᠪᠠᠷᠢᠮᠲᠠᠯᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠤᠯᠠᠮ ᠰᠠᠶᠢᠨ ᠰᠣᠳᠤᠯᠵᠤ᠂ ᠴᠠᠭ ᠲᠤᠬᠠᠢ ᠳᠤᠨᠢ ᠲᠣᠬᠢᠷᠠᠭᠤᠯᠬᠤ ᠪᠠ ᠲᠡᠭᠦᠯᠳᠡᠷᠵᠢᠭᠦᠯᠬᠦ ᠬᠡᠷᠡᠭᠲᠡᠢ᠃ ᠵᠢᠷᠭᠤᠭ᠎ᠠ ᠳᠤ ᠮᠦᠩᠭᠦᠨ ᠭᠦᠢᠯᠭᠡᠭᠡᠨ ᠤ ᠶᠠᠳᠠᠭᠤ ᠶᠢ ᠳᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠢ᠃ ᠮᠦᠩᠭᠦᠨ ᠭᠦᠢᠯᠡᠭᠡᠭᠡᠨ ᠤ ᠶᠠᠳᠠᠭᠤ ᠶᠢ ᠳᠡᠳᠬᠦᠬᠦ ᠠᠵᠢᠯ ᠳᠤ ᠭᠤᠣᠯ ᠨᠢ ᠠᠵᠤ ᠦᠢᠯᠡᠰ ᠢ ᠳᠡᠳᠬᠦᠬᠦ᠂ ︽ᠭᠤᠷᠪᠠ ᠶᠢ ᠬᠦᠷᠭᠡᠬᠦ︾ ᠪᠡᠯᠡ ᠮᠦᠩᠭᠦ ᠨᠢ ᠮᠦᠩᠭᠦᠨ ᠭᠦᠢᠯᠡᠭᠡᠭᠡᠨ ᠤ ᠶᠠᠳᠠᠭᠤ ᠶᠢ ᠳᠡᠳᠬᠦᠬᠦ ᠵᠠᠭᠪᠤᠷ ᠢᠶᠠᠷ ᠯᠠᠪᠯᠠᠯᠲᠠ ᠪᠣᠯᠭᠠᠵᠤ᠂ ᠳᠠᠭᠠᠳᠬᠠᠯ ᠤᠨ ᠺᠣᠮᠫᠠᠨᠢ ᠶᠢ ᠲᠠᠲᠠᠨ ᠣᠷᠤᠭᠤᠯᠵᠤ ᠠᠶᠤᠯ ᠲᠦᠭᠰᠢᠭᠦᠷᠢ ᠶᠢ ᠳᠣᠷᠤᠭᠰᠢᠯᠠᠭᠤᠯᠵᠤ᠂ ᠠᠶᠤᠯ ᠲᠦᠭᠰᠢᠭᠦᠷᠢ ᠶᠢᠨ ᠪᠡᠯᠡ ᠮᠦᠩᠭᠦ ᠶᠢ ᠪᠠᠲᠤᠯᠠᠭ᠎ᠠ ᠶᠢᠨ ᠪᠡᠯᠡ ᠮᠦᠩᠭᠦ ᠪᠣᠯᠭᠠᠨ ᠬᠤᠪᠢᠷᠠᠭᠤᠯᠵᠤ᠂ ᠣᠷᠴᠢᠨ ᠬᠡᠷᠡᠭᠯᠡᠵᠦ᠂ ᠬᠠᠮᠤᠭ ᠶᠡᠭᠡ ᠦᠷ᠎ᠡ ᠠᠰᠢᠭ ᠢ ᠪᠠᠳᠠᠷᠠᠭᠤᠯᠤᠨ᠎ᠠ᠃ ᠳᠣᠯᠤᠭ᠎ᠠ ᠳᠤ ᠨᠡᠶᠢᠭᠡᠮ ᠤᠨ ᠶᠠᠳᠠᠭᠤ ᠶᠢ ᠳᠡᠳᠬᠦᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠳᠥᠷᠪᠡᠨ ᠦᠨᠡᠨᠬᠦ︾᠎ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠤᠭᠠᠷ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠦᠯᠦᠪᠯᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠳᠤ ᠢᠳᠡᠪᠬᠢᠲᠡᠢ ᠣᠷᠤᠯᠴᠠᠭᠤᠯᠵᠤ᠂ ᠬᠦᠴᠦᠷᠬᠡᠭ ᠶᠡᠭᠡ ᠨᠡᠶᠢᠭᠡᠮ ᠤᠨ ᠨᠡᠶᠢᠯᠡᠯ ᠬᠦᠴᠦᠨ ᠢ ᠪᠣᠢ ᠪᠣᠯᠭᠠᠨ᠎ᠠ᠃ ᠨᠡᠶᠢᠭᠡᠮ ᠤᠨ ᠶᠠᠳᠠᠭᠤ ᠶᠢ ᠳᠡᠳᠬᠦᠬᠦ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠤᠷᠢᠳᠠᠪᠡᠷ ᠲᠤᠷᠰᠢᠯᠲᠠ ᠶᠢᠨ ᠴᠢᠭ᠋ ᠢ ᠠᠳᠬᠤᠵᠤ᠂ ᠳᠠᠷᠠᠭ᠎ᠠ ᠨᠢ ᠴᠢᠭ᠋ ᠢᠶᠠᠷ ᠪᠦᠬᠦᠨ ᠢ ᠳᠠᠶᠢᠴᠢᠯᠠᠨ᠂ ᠪᠦᠬᠦ ᠤᠷᠤᠨ ᠳᠤ ᠳᠡᠯᠭᠡᠷᠡᠭᠦᠯᠦᠨ᠎ᠡ᠃ ᠨᠠᠢᠮᠠ ᠳᠤ ᠰᠤᠷᠭᠠᠨ ᠬᠦᠮᠦᠵᠢᠯ ᠤᠨ ᠶᠠᠳᠠᠭᠤ ᠶᠢ ᠳᠡᠳᠬᠦᠬᠦ ᠶᠢ ᠰᠠᠶᠢᠲᠤᠷ ᠠᠳᠬᠤᠬᠤ ᠬᠡᠷᠡᠭᠲᠡᠢ᠃ ᠶᠢᠰᠦ ᠳᠤ ᠡᠷᠡᠭᠦᠯ ᠢᠶᠠᠷ ᠶᠠᠳᠠᠭᠤ ᠶᠢ ᠳᠡᠳᠬᠦᠬᠦ ᠶᠢ ᠰᠠᠶᠢᠲᠤᠷ ᠠᠳᠬᠤᠬᠤ ᠬᠡᠷᠡᠭᠲᠡᠢ᠃ ᠠᠷᠪᠠ ᠳᠤ ᠶᠠᠳᠠᠭᠤ ᠶᠢ ᠳᠡᠳᠬᠦᠬᠦ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ ᠦᠨᠳᠦᠰᠦᠨ ᠱᠠᠲᠤᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠠ ᠳᠡᠮᠵᠢᠵᠦ᠂ ᠢᠯᠠᠩᠭᠤᠶ᠎ᠠ ᠲᠤᠰᠬᠤᠨ ᠳᠤ ᠬᠦᠷᠭᠡᠬᠦ ᠡᠷᠦᠬᠡ ᠳᠤ ᠬᠦᠷᠭᠡᠬᠦ ᠦᠷ᠎ᠡ ᠠᠰᠢᠭ ᠨᠢ ᠢᠯᠡᠳᠲᠡ ᠶᠠᠳᠠᠭᠤ ᠶᠢ ᠳᠡᠳᠬᠦᠬᠦ ᠵᠠᠭᠪᠤᠷ ᠪᠣᠯᠤᠨ᠎ᠠ᠃ ᠦᠪᠡᠷᠲᠡᠭᠡᠨ ᠵᠠᠰᠠᠬᠤ ᠤᠷᠤᠨ ᠠᠴᠠ ᠡᠯ᠎ᠡ ᠠᠶᠢᠮᠠᠭ ᠬᠤᠲᠠ ᠶᠢᠨ ᠰᠠᠶᠢᠨ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠠᠶᠢᠮᠠᠭ ᠬᠤᠲᠠ ᠨᠢ ᠬᠤᠰᠢᠭᠤ ᠰᠢᠶᠠᠨ᠂ ᠰᠢᠶᠠᠩ ᠪᠠᠯᠭᠠᠰᠤ ᠶᠢᠨ ᠰᠢᠨ᠎ᠡ ᠡᠭᠦᠳᠦᠯᠲᠡ ᠶᠢ ᠳ᠋ᠦᠩᠨᠡᠵᠦ᠂ ᠨᠢᠭᠡ ᠪᠦᠯᠦᠭ ᠨᠡᠶᠢᠲᠡᠯᠢᠭ ᠵᠢᠱᠢᠶ᠎ᠠ ᠶᠢ ᠴᠢᠷᠮᠠᠶᠢᠨ ᠳᠡᠯᠭᠡᠷᠡᠭᠦᠯᠦᠨ᠎ᠡ ᠭᠡᠪᠡ᠃ ᠯᠢᠦ ᠡᠷᠬᠢᠯᠡᠭᠴᠢ ᠠᠴᠠ ᠲᠡᠭᠦᠰᠬᠡᠯ ᠳᠡᠭᠡᠨ ᠶᠠᠳᠠᠭᠤ ᠶᠢ ᠳᠡᠳᠬᠦᠬᠦ ᠡᠩᠨᠡᠭᠡᠨ ᠤ ᠦᠪᠡᠷ ᠤᠨ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠪᠠ᠃ ᠡᠯ᠎ᠡ ᠱᠠᠲᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠨᠠᠮ ᠤᠨ ᠬᠤᠷᠢᠶ᠎ᠠ ︵ᠤᠳᠤᠷᠢᠳᠬᠤ ᠳᠤᠭᠤᠶᠢᠯᠠᠩ︶ ᠡᠩᠨᠡᠭᠡ ᠪᠠᠨ ᠰᠠᠶᠢᠲᠤᠷ ᠳᠠᠭᠠᠭᠤᠯᠵᠤ᠂ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠠᠶᠢᠨ ᠵᠥᠪᠯᠡᠭᠴᠢ ᠰᠠᠶᠢᠨ ᠲᠤᠰᠠᠯᠠᠭᠴᠢ ᠪᠣᠯᠬᠤ ᠬᠡᠷᠡᠭᠲᠡᠢ︔ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠬᠤ ᠬᠡᠷᠡᠭᠲᠡᠢ︔ ᠵᠢᠯᠣᠭᠤᠳᠤᠨ ᠵᠣᠬᠢᠴᠠᠭᠤᠯᠬᠤ᠂ ᠦᠢᠯᠡᠴᠢᠯᠡᠨ ᠪᠠᠲᠤᠯᠠᠬᠤ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠬᠤ ᠬᠡᠷᠡᠭᠲᠡᠢ︔ ᠶᠠᠳᠠᠭᠤ ᠶᠢ ᠳᠡᠳᠬᠦᠬᠦ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃      ᠡᠯ᠎ᠡ ᠠᠶᠢᠮᠠᠭ ᠬᠤᠲᠠ ᠶᠢᠨ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ ᠠᠴᠠ 2015 ᠣᠨ ᠠᠵᠢᠯ ᠤᠨ ᠭᠢᠯᠠᠰ ᠴᠢᠭ᠋ ᠵᠢᠴᠢ 2016 ᠣᠨ ᠤ ᠠᠵᠢᠯ ᠤᠨ ᠭᠤᠣᠯᠳᠠᠯᠭ᠎ᠠ ᠳᠤ ᠲᠤᠰᠪᠦᠷᠢ ᠰᠣᠯᠢᠯᠴᠠᠭ᠎ᠠ ᠶᠢᠨ ᠶᠠᠷᠢᠶ᠎ᠠ ᠬᠢᠪᠡ᠃ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠪᠠᠶᠢᠭᠤᠯᠭ᠎ᠠ ᠶᠢᠨ ᠡᠯ᠎ᠡ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠦᠢᠯᠡᠰ ᠤᠨ ᠨᠢᠭᠡᠴᠡ ᠶᠢᠨ ᠳᠡᠳ᠋ ᠰᠠᠯᠠᠭᠠᠨ ᠳᠠᠷᠤᠭ᠎ᠠ ᠠᠴᠠ ᠳᠡᠭᠡᠭᠰᠢ ᠺᠠᠳ᠋ᠷ ᠬᠤᠷᠠᠯ ᠳᠤ ᠣᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号