ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠰᠢᠯᠭᠠᠨ ᠬᠢᠨᠠᠬᠤ ᠲᠤᠭᠤᠶᠢᠯᠠᠩ ᠮᠠᠨ ᠤ ᠤᠷᠤᠨ ᠤ ᠤᠯᠤᠰ ᠤᠨ ᠭᠠᠵᠠᠷ ᠰᠢᠷᠤᠢ ᠶᠢ ᠠᠷᠪᠢᠲᠠᠢ ᠡᠷᠴᠢᠮᠯᠢᠭ ᠬᠡᠷᠡᠭᠯᠡᠭᠰᠡᠨ ᠵᠢᠱᠢᠶᠡᠴᠢ ᠰᠢᠶᠠᠨ ᠢ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2016/1/11
     ᠣᠶᠢᠷ᠎ᠠ ᠳᠤ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠴᠢᠯᠠᠭᠤᠨ ᠲᠤᠰᠤ ᠰᠢᠲᠠᠮᠠᠬᠠᠶ ᠬᠡᠢ ᠶᠢᠨ ᠲᠥᠪ ᠤᠨ ᠳᠡᠳ᠋ ᠡᠷᠬᠢᠯᠡᠭᠴᠢ ᠵᠠᠩ ᠶᠢᠩ ᠬᠤᠩ ᠵᠡᠷᠭᠡ ᠲᠠᠪᠤᠨ ᠬᠥᠮᠦᠨ ᠮᠠᠨ ᠤ ᠣᠷᠣᠨ ᠳᠤ ᠢᠷᠡᠵᠦ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠢ ᠠᠷᠪᠢᠲᠠᠶ ᠡᠷᠴᠢᠮᠯᠢᠭ ᠬᠡᠷᠡᠭᠯᠡᠭᠰᠡᠨ ᠵᠢᠱᠢᠶᠡᠴᠢ ᠰᠢᠶᠠᠨ ︵ᠬᠤᠳᠠ︶᠎ ᠢ ᠲᠤᠬᠠᠶ ᠶᠢᠨ ᠭᠠᠵᠠᠷ ᠲᠤᠨᠢ ᠬᠢᠨᠠᠨ ᠰᠢᠯᠭᠠᠪᠠ᠃      ᠯᠢ ᠱᠢ ᠷᠦᠩ ᠲᠢᠩᠬᠢᠮ ᠤᠨ ᠳᠠᠷᠤᠭ᠎ᠠ ᠰᠢᠯᠭᠠᠨ ᠬᠢᠨᠠᠬᠤ ᠠᠵᠢᠯ ᠤᠨ ᠬᠠᠷᠢᠭᠤ ᠮᠡᠳᠡᠭᠦᠯᠬᠦ ᠬᠤᠷᠠᠯ ᠳᠤ ᠤᠷᠤᠯᠴᠠᠭᠰᠠᠨ ᠤ ᠬᠠᠮᠲᠤ ᠪᠠᠶᠠᠷᠯᠠᠨ ᠤᠭᠲᠤᠵᠤ ᠪᠠᠶᠢᠬᠤ ᠰᠡᠳᠬᠢᠯᠭᠡ ᠪᠠᠨ ᠢᠯᠡᠳᠬᠡᠵᠦ᠂ ᠬᠤᠷᠠᠯ ᠢ ᠳᠡᠳ᠋ ᠲᠣᠭᠤᠷᠢᠨ ᠪᠠᠶᠢᠴᠠᠭᠠᠭᠴᠢ ᠵᠤᠤ ᠳ᠋ᠠ ᠶᠦᠩ ᠡᠷᠬᠢᠯᠡᠪᠡ᠃       ᠬᠤᠷᠠᠯ ᠳᠤ ᠣᠷᠣᠯᠴᠠᠭᠰᠠᠨ ᠰᠢᠯᠭᠠᠨ ᠬᠢᠨᠠᠭᠳᠠᠬᠤ ᠪᠠᠶᠢᠭᠤᠯᠭ᠎ᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ᠄ ᠪᠠᠶᠠᠨᠨᠠᠭᠤᠷ ᠬᠤᠲᠠ ᠶᠢᠨ ᠳᠠᠷᠤᠭ᠎ᠠ ᠳ᠋ᠤᠸᠠᠨ ᡁᠢ ᠴᠢᠶᠠᠩ᠂ ᠬᠤᠳᠠ ᠶᠢᠨ ᠳᠡᠳ᠋ ᠳᠠᠷᠤᠭ᠎ᠠ ᠡᠦ ᡁᠢ ᠵᠢᠶᠧ︔ ᠳᠡᠳ᠋ ᠨᠠᠷᠢᠨ ᠪᠢᠴᠢᠭ ᠤᠨ ᠳᠠᠷᠤᠭ᠎ᠠ ᠲᠢᠶᠠᠨ ᠸᠧᠡ ᠬᠤᠸᠠ︔ ᠬᠥᠬᠡᠬᠤᠲᠠ ᠶᠢᠨ ᠰᠠᠶᠢᠬᠠᠨ ᠲᠤᠭᠤᠷᠢᠭ ᠤᠨ ᠳᠠᠷᠤᠭ᠎ᠠ ᠦ᠋ ᠸᠧᠨ ᠮᠢᠩ᠂ ᠲᠣᠭᠤᠷᠢᠭ ᠤᠨ ᠳᠡᠳ᠋ ᠳᠠᠷᠤᠭ᠎ᠠ ᠼᠣᠣ ᠪᠢᠩ︔ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠱᠤᠤ ᠴᠢᠶᠠᠩ︔ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠥ ᠫᠧᠩ᠂ ᠳᠡᠳ᠋ ᠬᠤᠰᠢᠭᠤ ᠳᠠᠷᠤᠭ᠎ᠠ ᠵᠧᠦ ᠰᠢᠶᠠᠨ ᠵᠢᠶᠦ᠋ᠨ︔ ᠲᠦᠩᠯᠢᠶᠣᠤ ᠬᠤᠲᠠ ᠶᠢᠨ ᠬᠤᠣᠯᠢᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ ᠬᠤᠸᠠ︔ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠢᠨ ᠷᠦᠢ ᠨᠠᠷ ᠪᠤᠢ᠃ ᠳᠡᠭᠡᠷᠡᠬᠢ ᠭᠠᠵᠠᠷ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶᠠᠨ ᠳᠠᠷᠤᠭ᠎ᠠ ᠵᠢᠴᠢ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠭᠡᠷ᠂ ᠲᠢᠩᠬᠢᠮ ᠤᠨ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠰᠠ ᠬᠤᠷᠠᠯ ᠳᠤ ᠣᠷᠣᠯᠴᠠᠪᠠ᠃      ᠮᠠᠨ ᠤ ᠣᠷᠣᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠭᠤᠷᠪᠠᠳᠤᠭᠠᠷ ᠬᠤᠭᠤᠴᠠᠭᠠᠨ ᠤ ᠵᠢᠱᠢᠶᠡᠴᠢ ᠰᠢᠶᠠᠨ ︵ᠬᠤᠳᠠ︶᠎ ᠤ ᠨᠢᠭᠡᠳᠦᠭᠡᠷ ᠪᠦᠯᠦᠭ ᠤᠳᠠᠭ᠎ᠠ ᠶᠢᠨ ᠰᠢᠯᠭᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠱᠠᠳᠤ ᠱᠠᠲᠤ ᠪᠠᠷ ᠰᠢᠭᠰᠢᠨ ᠰᠤᠩᠭᠤᠬᠤ ᠪᠠᠷ ᠲᠠᠮᠵᠢᠵᠤ᠂ ᠪᠥᠬᠦ ᠣᠷᠣᠨ ᠤ ᠵᠢᠷᠭᠤᠭᠠᠨ ᠭᠠᠵᠠᠷ ᠣᠷᠣᠨ ᠤ ᠤᠯᠤᠰ ᠤᠨ ᠲᠡᠰ ᠤᠨ ᠠᠷᠪᠢᠲᠠᠶ ᠡᠷᠴᠢᠮᠯᠢᠭ ᠵᠢᠱᠢᠶᠡᠴᠢ ᠰᠢᠶᠠᠨ ︵ᠬᠤᠳᠠ︶᠎ ᠤ ᠬᠢᠨᠠᠨ ᠲᠣᠭᠲᠠᠭᠠᠯᠲᠠ ᠳᠤ ᠤᠷᠤᠯᠴᠠᠭᠤᠯᠪᠠ᠂ ᠲᠡᠳᠡᠭᠡᠷ ᠨᠢ ᠲᠤᠰ ᠲᠤᠰ ᠪᠠᠶᠠᠨᠨᠠᠭᠤᠷ ᠬᠤᠲᠠ᠂ ᠬᠥᠬᠡᠬᠤᠲᠠ ᠶᠢᠨ ᠰᠠᠶᠢᠬᠠᠨ ᠲᠣᠭᠤᠷᠢᠭ᠂ ᠪᠤᠭᠤᠲᠤ ᠬᠤᠲᠠ ᠶᠢᠨ ᠴᠢᠩᠱᠠᠨ ᠲᠣᠭᠤᠷᠢᠭ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠲᠦᠩᠯᠢᠶᠣᠤ ᠬᠤᠲᠠ ᠶᠢᠨ ᠬᠤᠣᠯᠢᠨ ᠭᠤᠣᠯ ᠬᠤᠳᠠ ᠪᠠ ᠡᠷᠢᠶᠡᠨ ᠬᠤᠲᠠ ᠪᠤᠯᠤᠨ᠎ᠠ᠃      ᠬᠤᠷᠠᠯ ᠳᠡᠭᠡᠷ᠎ᠡ᠂ ᠰᠢᠯᠭᠠᠨ ᠬᠢᠨᠠᠬᠤ ᠳᠤᠭᠤᠶᠢᠯᠠᠩ ᠤᠨ ᠳᠠᠷᠤᠭ᠎ᠠ ᠶᠢᠩ ᠵᠠᠩ ᠬᠤᠩ ᠳᠡᠳ᠋ ᠡᠷᠬᠢᠯᠡᠭᠴᠢ ᠰᠢᠯᠭᠠᠨ ᠬᠢᠨᠠᠬᠤ  ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠭᠠᠵᠠᠷ ᠰᠢᠷᠣᠶ ᠠᠰᠢᠭᠯᠠᠬᠤ ᠬᠠᠮᠢᠶᠠᠷᠬᠤ ᠭᠠᠵᠠᠷ ᠤᠨ ᠳᠠᠷᠤᠭ᠎ᠠ ᠯᠢ ᠢᠦᠢ ᠴᠦᠨ᠂ ᠮᠠᠨ ᠤ ᠣᠷᠣᠨ ᠤ ᠭᠤᠷᠪᠠᠳᠤᠭᠠᠷ ᠬᠤᠭᠤᠴᠠᠭᠠᠨ ᠤ ᠨᠢᠭᠡᠳᠦᠭᠡᠷ ᠪᠦᠯᠦᠭ ᠤᠳᠠᠭ᠎ᠠ ᠶᠢᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠴᠢ ᠡᠷᠴᠢᠮᠯᠢᠭ ᠬᠡᠷᠡᠭᠯᠡᠭᠰᠡᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠭᠰᠡᠨ ᠪᠠᠶᠢᠳᠠᠯ ᠢᠶᠠᠨ ᠲᠤᠰᠬᠠᠶ ᠰᠡᠳᠦᠪ ᠢᠶᠠᠷ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠵᠢᠷᠭᠤᠭᠠᠨ ᠨᠢᠭᠡᠴᠡ ᠶᠢᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠲᠤᠰ ᠲᠤᠰ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠭᠰᠠᠨ ᠶᠡᠷᠦᠩᠬᠡᠶ ᠪᠠᠶᠢᠳᠠᠯ ᠪᠠ ᠣᠨᠴᠠᠯᠢᠭ ᠪᠦᠬᠦᠢ ᠬᠢᠯᠠᠰ ᠴᠢᠭ᠋ ᠵᠢᠴᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠤᠭᠰᠠᠨ ᠪᠠ ᠤᠬᠠᠭᠤᠯᠭ᠎ᠠ ᠶᠢᠨ ᠹᠢᠯᠢᠮ ᠰᠣᠨᠢᠷᠬᠠᠪᠠ᠃ ᠡᠴᠦᠰ ᠲᠤ᠂ ᠰᠢᠪᠠᠭ᠎ᠠ ᠰᠤᠭᠤᠯᠬᠤ ᠪᠠᠷ ᠳᠠᠮᠵᠢᠭᠤᠯᠤᠨ ᠪᠠᠶᠠᠨᠨᠠᠭᠤᠷ ᠬᠤᠲᠠ ᠶᠢ ᠲᠤᠬᠠᠶ ᠶᠢᠨ ᠭᠠᠵᠠᠷ ᠲᠤᠨᠢ ᠰᠢᠯᠭᠠᠨ ᠬᠢᠨᠠᠬᠤ ᠪᠠᠷ ᠲᠣᠭᠲᠠᠭᠠᠭᠰᠠᠨ ᠪᠠᠶᠢᠨ᠎ᠠ᠃      ᠬᠤᠷᠠᠯ ᠤᠨ ᠳᠠᠷᠠᠭ᠎ᠠ᠂ ᠳᠡᠳ᠋ ᠲᠣᠭᠤᠷᠢᠨ ᠪᠠᠶᠢᠴᠠᠭᠠᠭᠴᠢ ᠵᠤᠤ ᠳ᠋ᠠ ᠶᠦᠩ ᠪᠦᠯᠬᠦᠮ ᠢ ᠳᠠᠭᠠᠭᠤᠯᠵᠤ᠂ ᠠᠰᠢᠭᠯᠠᠯᠲᠠ ᠶᠢᠨ ᠭᠠᠵᠠᠷ ᠪᠤᠯᠤᠨ ᠲᠥᠯᠥᠪᠵᠢᠭᠦᠯᠭᠡ ᠶᠢᠨ ᠬᠦᠷᠢᠶᠡᠯᠡᠩ ᠤᠨ ᠬᠠᠷᠢᠭᠤᠴᠠᠯᠭᠠᠲᠠᠨ ᠨᠥᠬᠦᠳ ᠶᠠᠮᠤᠨ ᠤ ᠰᠢᠯᠭᠠᠨ ᠬᠢᠨᠠᠬᠤ ᠳᠤᠭᠤᠶᠢᠯᠠᠩ ᠳᠤ ᠪᠠᠷ᠎ᠠ ᠪᠤᠯᠵᠤ ᠪᠠᠶᠠᠨᠨᠠᠭᠤᠷ ᠬᠤᠲᠠ ᠳᠤ ᠲᠤᠬᠠᠶ ᠶᠢᠨ ᠭᠠᠵᠠᠷ ᠲᠤᠨᠢ ᠰᠢᠯᠭᠠᠨ ᠬᠢᠨᠠᠬᠤ ᠠᠵᠢᠯ ᠳᠤ ᠤᠷᠤᠯᠴᠠᠬᠤ ᠪᠠᠷ ᠮᠤᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号