ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠮᠥᠰᠥ ᠴᠠᠰᠤᠨ ᠤ ᠪᠠᠶᠠᠷ ᠥᠪᠥᠷ ᠮᠣᠩᠭᠤᠯ ᠳᠤ ᠡᠬᠢᠯᠡᠪᠡ  ᠡᠪᠦᠯ ᠤᠨ ᠤᠯᠠᠷᠢᠯ ᠤᠨ ᠨᠡᠭᠦᠳᠡᠯ ᠮᠠᠯᠵᠢᠯ ᠤᠨ ᠰᠣᠶᠣᠯ ᠢ ᠣᠶᠢᠯᠭᠠᠪᠠ
ᠨᠡᠶᠢᠲᠡᠯᠡᠭᠰᠡᠨ ᠴᠠᠭ᠄
2016/1/11
     1 ᠳ᠋ᠦ᠋ᠭᠡᠷ ᠰᠠᠷ᠎ᠠ ᠶᠢᠨ 10᠎ ᠤ ᠡᠳᠦᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠮᠥᠰᠥ ᠴᠠᠰᠤᠨ ᠤ ᠪᠠᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢᠨ ᠪᠠᠲᠤᠬᠠᠭᠠᠯᠭ᠎ᠠ ᠨᠠᠭᠠᠳᠤᠮ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠂ ᠵᠢᠭᠤᠯᠴᠢᠯᠠᠭᠴᠢᠳ ᠵᠤᠨ ᠤ ᠳᠤᠮᠳᠠᠳᠤ ᠤᠯᠤᠰ ᠤᠨ ᠨᠡᠭᠦᠳᠡᠯ ᠮᠠᠯᠵᠢᠯ ᠤᠨ ᠰᠣᠶᠣᠯ ᠵᠤᠭᠠᠴᠠᠯ ᠤᠨ ᠪᠠᠶᠠᠷ ᠤᠨ ᠳᠠᠷᠠᠭ᠎ᠠ᠂ ᠡᠨᠡ ᠬᠦ ᠲᠠᠯ᠎ᠠ ᠨᠤᠲᠤᠭ ᠲᠤ ᠳᠠᠬᠢᠨᠲᠠ ᠢᠷᠡᠵᠦ᠂ ᠡᠪᠦᠯ ᠤᠨ ᠤᠯᠠᠷᠢᠯ ᠤᠨ ᠨᠡᠭᠦᠳᠡᠯ ᠮᠠᠯᠵᠢᠯ ᠤᠨ ᠰᠣᠶᠣᠯ ᠢ ᠣᠶᠢᠯᠭᠠᠪᠠ᠃      ᠨᠡᠭᠦᠳᠡᠯ ᠮᠠᠯᠵᠢᠯ ᠤᠨ ᠰᠣᠶᠣᠯ ᠪᠣᠯ ᠬᠡᠳᠦᠨ ᠮᠢᠩᠭᠠᠨ ᠵᠢᠯ ᠤᠨ ᠡᠮᠦᠨ᠎ᠡ ᠭᠠᠩ ᠬᠠᠭᠤᠷᠠᠶ᠂ ᠬᠠᠭᠠᠰ ᠭᠠᠩ ᠬᠠᠭᠤᠷᠠᠶ ᠭᠠᠵᠠᠷ ᠣᠷᠣᠨ ᠤ ᠪᠠᠶᠢᠭᠠᠯᠢ ᠯᠤᠭ᠎ᠠ ᠡᠶ᠎ᠡ ᠵᠣᠬᠢᠴᠠᠯ ᠲᠠᠢ ᠬᠥᠭᠵᠢᠭᠰᠡᠨ ᠬᠥᠮᠦᠨ ᠲᠥᠷᠥᠯᠬᠢᠲᠡᠨ ᠤ ᠲᠡᠷᠢᠭᠦᠨ ᠤ ᠪᠣᠯᠪᠠᠰᠤᠨ ᠪᠣᠯᠤᠨ᠎ᠠ᠃ ᠤᠳᠤ ᠳᠡᠯᠡᠬᠡᠶ ᠳᠡᠭᠡᠷ᠎ᠡ ᠨᠡᠭᠦᠳᠡᠯ ᠮᠠᠯᠵᠢᠯ ᠤᠨ ᠭᠤᠣᠯ ᠣᠷᠣᠨ ᠵᠥᠪᠬᠡᠨ ᠲᠠᠪᠤᠬᠠᠨ ᠪᠠᠶᠢᠵᠤ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠪᠡᠰᠦ ᠪᠡᠯᠴᠢᠭᠡᠷ ᠥᠩ ᠰᠢᠮᠡᠯᠢᠭ ᠶᠤᠮ᠂ ᠵᠢᠱᠢᠶᠡᠯᠡᠪᠡᠯ᠂ ᠰᠢᠯᠢ ᠶᠢᠨ ᠭᠤᠣᠯ ᠤᠨ ᠲᠠᠯ᠎ᠠ ᠨᠤᠲᠤᠭ᠂ ᠬᠥᠯᠥᠨ ᠪᠤᠶᠢᠷ ᠤᠨ ᠲᠠᠯ᠎ᠠ ᠨᠤᠲᠤᠭ᠂ ᠬᠤᠷᠴᠢᠨ ᠤ ᠲᠠᠯ᠎ᠠ ᠨᠤᠲᠤᠭ ᠵᠡᠷᠭᠡ ᠪᠤᠢ᠂ ᠡᠨᠡ ᠨᠢ ᠪᠦᠬᠦ᠋ᠢᠯᠡ ᠧᠦ᠋ᠷᠣᠫᠠ ᠠᠽᠢᠶ᠎ᠠ ᠶᠢᠨ ᠡᠭᠡ ᠬᠠᠭᠤᠷᠠᠶ ᠳᠤ ᠴᠦ ᠭᠡᠰᠡᠨ ᠬᠠᠮᠤᠭ ᠤᠨ ᠨᠡᠶᠢᠲᠡᠯᠢᠭ ᠲᠠᠯ᠎ᠠ ᠨᠤᠲᠤᠭ ᠤᠨ ᠪᠦᠰᠡ ᠪᠣᠯᠤᠨ᠎ᠠ᠃      ᠮᠥᠰᠥ ᠴᠠᠰᠤᠨ ᠤ ᠪᠠᠶᠠᠷ ᠡᠬᠢᠯᠡᠬᠦ ᠲᠤᠬᠠᠢ ᠶᠢᠨ ᠡᠳᠦᠷ᠂ ᠵᠢᠭᠤᠯᠴᠢᠯᠠᠭᠴᠢᠳ ᠪᠥᠭᠡᠮᠨᠡᠷᠡᠨ ᠢᠷᠡᠵᠦ᠂ ᠬᠢᠲᠠᠳ ᠮᠣᠩᠭᠤᠯ ᠰᠣᠶᠣᠯ᠂ ᠺᠠᠷᠲ᠋ᠣᠨ ᠺᠢᠨᠣ᠋ ᠺᠠᠷᠲ᠋ᠣᠨ ᠵᠢᠷᠤᠭ ᠤᠨ ᠳᠦᠷᠢ ᠪᠠᠷ ᠰᠡᠳᠦᠪᠯᠡᠭᠰᠡᠨ ᠪᠠᠲᠤᠬᠠᠭᠠᠯᠭ᠎ᠠ ᠶᠢᠨ ᠮᠥᠰᠥ ᠴᠠᠰᠤᠨ ᠤ  ᠨᠠᠭᠠᠳᠤᠮ ᠤᠨ ᠭᠤᠣᠯ ᠰᠡᠳᠦᠪᠲᠦ ᠬᠦᠷᠢᠶᠡᠯᠡᠩ ᠳᠤ᠂ ᠨᠢᠳᠦ ᠭᠢᠯᠠᠰᠠᠮ᠎ᠠ ᠮᠥᠰᠥᠨ ᠦᠵᠡᠮᠵᠢ ᠴᠠᠰᠤᠨ ᠱᠤᠭᠤᠮᠠᠯ᠂ ᠰᠡᠳᠬᠢᠯ ᠢ ᠳᠣᠭᠳᠣᠯᠤᠮᠠᠷ ᠲᠠᠰᠢᠵᠤ ᠭᠤᠯᠭᠤᠬᠤ ᠬᠥᠳᠡᠯᠭᠡᠭᠡᠨ ᠢᠶᠠᠷ᠂ ᠴᠥᠭᠡᠨ ᠪᠤᠰᠤ ᠵᠢᠭᠤᠯᠴᠢᠯᠠᠭᠴᠢᠳ ᠤᠨ ᠲᠣᠭᠤᠷᠢᠨ ᠦᠵᠡᠵᠦ ᠵᠤᠭᠠᠴᠠᠨ ᠨᠠᠭᠠᠳᠬᠤ ᠪᠠᠭ᠋ᠠᠷᠠᠯ ᠢ ᠲᠠᠲᠠᠪᠠ︔ ᠠᠶᠢᠪᠠᠶᠢᠭ᠎ᠠ ᠭᠤᠣᠯ ᠤᠨ ᠵᠠᠮ ᠤᠨ ᠮᠠᠰᠢᠨ ᠲᠡᠷᠭᠡᠨ ᠤ ᠮᠥᠰᠥ ᠴᠠᠰᠤᠨ ᠤ ᠪᠤᠲᠠᠷᠠᠭ᠎ᠠ ᠨᠡᠩ ᠴᠤ ᠬᠥᠮᠦᠰ ᠤᠨ ᠠᠩᠬᠠᠷᠤᠯ ᠢ ᠶᠡᠭᠡ ᠪᠠᠷ ᠲᠠᠲᠠᠵᠤ ᠪᠠᠶᠢᠯ᠎ᠠ᠃      ᠬᠠᠮᠤᠭ ᠤᠨ ᠣᠨᠴᠠᠭᠠᠶ ᠨᠢ᠂ ᠵᠢᠭᠤᠯᠴᠢᠯᠠᠭᠴᠢᠳ ᠠᠯᠤᠰ ᠬᠥᠳᠡᠭᠡ ᠶᠢᠨ ᠮᠠᠯᠴᠢᠨ ᠠᠶᠢᠯ ᠳᠤ ᠬᠦᠷᠴᠦ᠂ ᠥᠷᠯᠥᠭᠡ ᠦᠷ ᠤᠨ ᠭᠡᠭᠡ ᠪᠠᠷ ᠮᠠᠯ ᠰᠦᠷᠦᠭ ᠳᠠᠪᠢᠯᠠᠨ᠂ ᠦᠨᠢᠶ᠎ᠡ ᠰᠠᠭᠠᠵᠤ᠂ ᠴᠠᠭᠠᠨ ᠢᠳᠡᠭᠡ  ᠦᠢᠯᠡᠳᠴᠦ᠂ ᠪᠠᠶᠠᠨ ᠬᠤᠸᠠ ᠶᠢᠨ ᠵᠢᠩᠬᠢᠨᠢ ᠬᠤᠨᠢᠨ ᠮᠢᠬ᠎ᠠ ᠶᠢ ᠠᠮᠲᠠᠯᠠᠵᠤ᠂ ᠤᠯᠠᠮᠵᠢᠯᠠᠯᠲᠤ ᠦᠨᠳᠦᠰᠦᠲᠡᠨ ᠤ ᠬᠤᠪᠴᠠᠰᠤ ᠵᠠᠰᠠᠯ ᠢ ᠡᠮᠦᠰᠦᠨ᠂ ᠲᠡᠮᠡᠭᠡ ᠤᠨᠠᠨ ᠴᠠᠰᠤᠲᠤ ᠲᠠᠯ᠎ᠠ ᠪᠠᠷ ᠠᠯᠬᠤᠯᠠᠬᠤ ᠨᠢ ᠁  ᠶᠡᠬᠡᠮᠰᠦᠭ ᠭᠡᠭᠡᠨᠴᠢᠷ ᠢᠶᠠᠨ ᠬᠠᠶᠠᠵᠤ ᠪᠣᠷᠣ ᠪᠣᠷᠣᠭᠵᠢᠭᠤᠨ ᠪᠣᠯᠵᠤ ᠶᠣᠰᠣᠲᠠᠢ ᠯᠠ ᠨᠢᠭᠡ ᠡᠳᠦᠷ ᠮᠠᠯᠴᠢᠨ ᠪᠣᠯᠵᠤ ᠪᠠᠶᠢᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢᠨ ᠳᠡᠳ᠋ ᠬᠤᠰᠢᠭᠤᠨ ᠳᠠᠷᠤᠭ᠎ᠠ ᠰᠣᠳᠣ ᠶᠠᠷᠢᠶᠠᠨ ᠳᠠᠭᠠᠨ ᠢᠯᠡᠳᠬᠡᠭᠰᠡᠨ ᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠳᠤᠮᠳᠠᠳᠤ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠳᠤᠮᠳᠠᠳᠤ ᠤᠯᠤᠰ ᠤᠨ ᠡᠷᠲᠡᠨ ᠤ ᠤᠮᠠᠷᠠᠲᠤ ᠣᠷᠣᠨ ᠤ ᠨᠡᠭᠦᠳᠡᠯᠴᠢᠨ ᠦᠨᠳᠦᠰᠦᠲᠡᠨ ᠣᠷᠣᠰᠢᠨ ᠠᠮᠢᠳᠤᠷᠠᠬᠤ ᠣᠷᠣᠨ ᠤ ᠨᠢᠭᠡ ᠪᠣᠯᠣᠨ᠎ᠠ᠃ ᠲᠤᠰ ᠬᠤᠭᠤᠴᠠᠭᠠᠨ ᠤ ᠮᠥᠰᠥ ᠴᠠᠰᠤᠨ ᠤ ᠪᠠᠶᠠᠷ 50 ᠡᠳᠦᠷ ᠤᠨ ᠬᠤᠭᠤᠴᠠᠭ᠎ᠠ ᠲᠠᠢ ᠪᠠᠷ ᠶᠠᠪᠤᠭᠳᠠᠵᠤ᠂ ᠲᠤᠬᠠᠶ ᠶᠢᠨ ᠭᠠᠵᠠᠷ ᠲᠤᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠥᠪᠡᠷᠮᠢᠴᠡ ᠣᠨᠴᠠᠯᠢᠭ ᠪᠦᠬᠦᠢ ᠨᠡᠭᠦᠳᠡᠯ ᠮᠠᠯᠵᠢᠯ ᠤᠨ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠢᠴᠡᠳ ᠪᠠᠳᠠᠷᠠᠭᠤᠯᠵᠤ᠂ ᠡᠨᠡ ᠬᠡᠰᠡᠭ ᠲᠠᠯ᠎ᠠ ᠨᠤᠲᠤᠭ ᠲᠠᠬᠢ ᠨᠡᠭᠦᠳᠡᠯᠴᠢᠨ ᠰᠣᠶᠣᠯ ᠢ ᠨᠡᠩ ᠥᠷᠭᠡᠨ ᠳᠡᠯᠭᠡᠷ ᠢᠶᠠᠷ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠤᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号