2015 ᠣᠨ ᠳᠤ ᠦᠪᠦᠷ ᠮᠣᠩᠭᠤᠯ ᠨᠡᠶᠢᠲᠡ 70 ᠡᠷᠦᠬᠡ ᠠᠵᠤ ᠠᠬᠤᠶᠢᠯᠠᠯ ᠤᠨ ᠪᠣᠬᠢᠷᠲᠤᠯ | ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ ᠠᠮᠵᠢᠯᠲᠠ ᠲᠠᠢ ᠬᠢᠵᠦ᠂ ᠠᠷᠠᠯᠵᠢᠶᠠᠨ ᠤ ᠵᠤᠭᠤᠰ ᠤᠨ ᠲᠤᠭ᠎ᠠ | 9000 ᠲᠦᠮᠡᠨ ᠲᠦᠭᠦᠷᠢᠭ ᠬᠡᠲᠦᠷᠡᠪᠡ᠃ 2015 ᠣᠨ ᠤ ᠪᠦᠬᠦ ᠵᠢᠯ ᠳᠤ᠂ ᠦᠪᠦᠷ ᠮᠣᠩᠭᠤᠯ ᠤᠨ ᠭᠤᠣᠯ | ᠪᠣᠬᠢᠷᠲᠤᠯ ᠪᠣᠳᠠᠰ ᠭᠠᠳᠠᠭᠰᠢᠯᠠᠭᠤᠯᠬᠤ ᠠᠷᠠᠯᠵᠢᠶ᠎ᠠ ᠯᠠᠪᠳᠠᠭᠤᠨ ᠢᠶᠠᠷ ᠠᠬᠢᠵᠤ᠂ ᠬᠤᠯᠪᠤᠭᠳᠠᠯ ᠪᠦᠬᠦᠢ ᠠᠵᠤ | ᠠᠬᠤᠶᠢᠯᠠᠯ ᠨᠡᠶᠢᠲᠡ ᠬᠦᠬᠦᠷ ᠤᠨ ᠳᠠᠪᠬᠤᠷ ᠢᠰᠦᠯ ᠭᠠᠳᠠᠭᠰᠢᠯᠠᠭᠤᠯᠬᠤ ᠡᠷᠬᠡ ᠶᠢᠨ ᠭᠦᠢᠴᠡᠳᠬᠡᠯ ᠲᠤᠭ᠎ᠠ ᠶᠢ | 43815 ᠲᠣᠨ᠂ ᠠᠽᠣᠲ ᠤᠨ ᠢᠰᠦᠮᠡᠭ 50798 ᠲᠣᠨ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ | 31.34 ᠲᠣᠨ᠂ ᠰᠢᠪᠲᠦᠷᠲᠦ ᠠᠽᠣᠲ1.64 ᠲᠣᠨ ᠬᠤᠳᠠᠯᠳᠤᠨ ᠠᠪᠴᠤ᠂ ᠪᠦᠬᠦ ᠵᠢᠯ ᠤᠨ ᠠᠷᠠᠯᠵᠢᠶ᠎ᠠ | ᠳᠣᠭᠢᠷᠬᠠᠰᠠᠨ ᠵᠣᠭᠤᠰ ᠤᠨ ᠲᠤᠭ᠎ᠠ 9520.67 ᠲᠦᠮᠡᠨ ᠲᠦᠭᠦᠷᠢᠭ ᠲᠤ ᠬᠦᠷᠪᠡ᠃ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠤᠷᠤᠨ ᠪᠣᠯ ᠤᠯᠤᠰ ᠤᠨ ᠪᠣᠬᠢᠷᠲᠤᠯ ᠭᠠᠳᠠᠭᠰᠢᠯᠠᠭᠤᠯᠬᠤ ᠡᠷᠬᠡ ᠶᠢ ᠦᠨ᠎ᠡ | ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢᠨ ᠴᠢᠭ᠋ ᠤᠨ ᠮᠤᠵᠢ ᠮᠦᠨ᠂ 2011 ᠣᠨ ᠤ | 8 ᠳ᠋ᠤᠭᠠᠷ ᠰᠠᠷ᠎ᠠ ᠲᠤᠷᠰᠢᠯᠲᠠ ᠶᠢᠨ ᠴᠢᠭ᠋ ᠢ ᠡᠬᠢᠯᠡᠭᠦᠯᠦᠭᠰᠡᠨ ᠠᠴᠠ ᠨᠠᠰᠢ᠂ ᠪᠣᠬᠢᠷᠲᠤᠯ ᠭᠠᠳᠠᠭᠰᠢᠯᠠᠭᠤᠯᠬᠤ | ᠡᠷᠬᠡ ᠶᠢᠨ ᠠᠷᠠᠯᠵᠢᠶᠠᠨ ᠤ ᠲᠤᠭ᠎ᠠ ᠵᠢᠯ ᠠᠴᠠ ᠵᠢᠯ ᠳᠡᠭᠡᠭᠰᠢᠯᠡᠵᠦ ᠪᠠᠶᠢᠨ᠎ᠠ᠃ ᠣᠳᠣᠬᠠᠨ ᠪᠣᠯᠲᠠᠯ᠎ᠠ᠂ ᠪᠣᠬᠢᠷᠲᠤᠯ | ᠭᠠᠳᠠᠭᠰᠢᠯᠠᠭᠤᠯᠬᠤ ᠡᠷᠬᠡ ᠶᠢ ᠠᠮᠵᠢᠯᠲᠠ ᠲᠠᠢ ᠠᠷᠠᠯᠵᠢᠶᠠᠯᠠᠭᠰᠠᠨ ᠠᠵᠤ ᠠᠬᠤᠶᠢᠯᠠᠯ ᠨᠡᠶᠢᠲᠡ 477 ᠡᠷᠦᠬᠡ ᠳᠤ | ᠬᠦᠷᠴᠦ᠂ ᠠᠷᠠᠯᠵᠢᠶᠠᠨ ᠤ ᠶᠡᠷᠦᠩᠬᠡᠢ ᠵᠣᠭᠤᠰ ᠤᠨ ᠲᠤᠭ᠎ᠠ ᠨᠢ 1.8 ᠳ᠋ᠦᠩᠰᠢᠭᠤᠷ ᠲᠦᠭᠦᠷᠢᠭ ᠢ ᠬᠡᠲᠦᠷᠡᠪᠡ᠃ | ᠲᠠᠨᠢᠯᠴᠠᠭᠤᠯᠤᠭᠰᠠᠨ ᠢᠶᠠᠷ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠭᠤᠣᠯ ᠨᠢ ᠵᠠᠬ᠎ᠠ ᠳᠡᠯᠭᠡᠭᠦᠷ ᠤᠨ | ᠠᠷᠭ᠎ᠠ ᠪᠠᠷᠢᠯ ᠢᠶᠠᠷ ᠣᠷᠴᠢᠨ ᠲᠣᠭᠤᠷᠢᠨ ᠤ ᠡᠬᠢ ᠪᠠᠶᠠᠯᠢᠭ ᠢ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠴᠢᠨ | ᠲᠣᠭᠤᠷᠢᠨ ᠤ ᠡᠬᠢ ᠪᠠᠶᠠᠯᠢᠭ ᠢ ᠦᠨ᠎ᠡ ᠲᠦᠯᠦᠪᠦᠷᠢ ᠦᠭᠡᠢ ᠡᠵᠡᠮᠰᠢᠵᠦ ᠪᠠᠶᠢᠭᠰᠠᠨ ᠢ ᠦᠨ᠎ᠡ ᠲᠦᠯᠦᠪᠦᠷᠢ ᠲᠠᠢ | ᠬᠡᠷᠡᠭᠯᠡᠬᠦ ᠪᠣᠯᠭᠠᠨ ᠬᠤᠪᠢᠷᠠᠭᠤᠯᠵᠤ᠂ ᠣᠷᠴᠢᠨ ᠲᠣᠭᠤᠷᠢᠨ ᠤ ᠡᠬᠢ ᠪᠠᠶᠠᠯᠢᠭ ᠤᠨ ᠬᠤᠮᠰᠠᠳᠠᠯ ᠤᠨ ᠬᠡᠮᠵᠢᠶ᠎ᠡ ᠶᠢ | ᠭᠦᠢᠴᠡᠳ ᠲᠤᠰᠬᠠᠭᠰᠠᠨ ᠪᠠᠶᠢᠨ᠎ᠠ᠃ ᠣᠳᠣᠬᠠᠨ ᠳᠤ᠂ ᠮᠠᠨ ᠤ ᠤᠯᠤᠰ ᠲᠤ ᠨᠢᠭᠡᠨᠲᠡ ᠵᠢᠶᠠᠩᠰᠦ᠂ ᠵᠧᠵᠢᠶᠠᠩ᠂ | ᠭᠤᠸᠠᠩᠳᠦ᠋ᠩ ᠵᠡᠷᠭᠡ ᠣᠯᠠᠩᠬᠢ ᠮᠤᠵᠢ ᠤᠷᠤᠨ ᠳᠤ ᠪᠣᠬᠢᠷᠲᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ | ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠭᠰᠡᠨ ᠪᠠᠶᠢᠨ᠎ᠠ᠃ |