2015ᠣᠨ ᠤ ᠳᠥᠷᠪᠡᠳᠦᠭᠡᠷ ᠤᠯᠠᠷᠢᠯ ᠳᠤ ᠥᠪᠥᠷ ᠮᠣᠩᠭᠤᠯ ᠤᠨ ᠠᠮᠤ ᠪᠤᠳᠠᠭᠠᠨ ᠤ ᠦᠨ᠎ᠡ ᠬᠠᠩᠰᠢ ᠪᠠᠭᠤᠷᠠᠪᠠ
ᠨᠡᠶᠢᠲᠡᠯᠡᠭᠰᠡᠨ ᠴᠠᠭ᠄
2016/1/11
     2015ᠣᠨ ᠤ ᠳᠥᠷᠪᠡᠳᠦᠭᠡᠷ ᠤᠯᠠᠷᠢᠯ ᠳᠤ᠂ ᠲᠠᠷᠢᠶᠠᠴᠢᠨ ᠮᠠᠯᠴᠢᠳ ᠤᠨ ᠬᠤᠳᠠᠯᠳᠤᠭᠰᠠᠨ ᠠᠮᠤ ᠪᠤᠳᠠᠭᠠᠨ ᠤ ᠦᠨ᠎ᠡ ᠬᠠᠩᠰᠢ ᠶᠡᠷᠦᠩᠬᠡᠶ ᠳᠡᠭᠡᠨ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ14.7% ᠪᠠᠭᠤᠷᠠᠵᠤ᠂ 2000 ᠣᠨ ᠠᠴᠠ ᠨᠠᠰᠢ ᠠᠮᠤ ᠪᠤᠳᠠᠭᠠᠨ ᠤ ᠦᠨ᠎ᠡ ᠬᠠᠮᠤᠭ ᠤᠨ ᠶᠡᠭᠡ ᠪᠠᠭᠤᠷᠠᠭᠰᠠᠨ ᠤᠯᠠᠷᠢᠯ ᠪᠣᠯᠪᠠ᠃ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠬᠢ ᠶᠢᠨ ᠲᠠᠷᠢᠶᠠᠯᠠᠩ ᠤᠨ ᠭᠠᠵᠠᠷ ᠤᠨ ᠰᠣᠭᠤᠴᠠᠨ ᠪᠠᠶᠢᠴᠠᠭᠠᠭᠰᠠᠨ ᠳ᠋ᠦᠩ ᠠᠴᠠ ᠦᠵᠡᠪᠡᠯ᠂ 2015ᠣᠨ ᠤ ᠳᠥᠷᠪᠡᠳᠦᠭᠡᠷ ᠤᠯᠠᠷᠢᠯ ᠳᠤ᠂ ᠡᠷᠳᠡᠨᠢ ᠰᠢᠰᠢ ᠶᠢᠨ ᠳᠤᠮᠳᠠᠴᠢ ᠦᠨ᠎ᠡ 1.59 ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 17%᠎ ᠪᠠᠷ ᠪᠠᠭᠤᠷᠠᠪᠠ︔ ᠳᠣᠳᠤᠷᠭ᠎ᠠ ᠶᠢᠨ ᠳᠤᠮᠳᠠᠴᠢ ᠦᠨ᠎ᠡ 3.77 ᠲᠥᠭᠦᠷᠢᠭ / ᠵᠢᠩ ᠪᠣᠯᠵᠤ᠂ ᠠᠳᠠᠯᠢ ᠬᠤᠭᠤᠴᠠᠭᠠᠨ ᠤ ᠬᠢ ᠠᠴᠠ 26.6%᠎ ᠪᠠᠷ ᠪᠠᠭᠤᠷᠠᠪᠠ︔ ᠰᠢᠰᠢ ᠶᠢᠨ ᠳᠤᠮᠳᠠᠴᠢ ᠦᠨ᠎ᠡ 1.71 ᠲᠥᠭᠦᠷᠢᠭ / ᠵᠢᠩ  ᠪᠣᠯᠵᠤ᠂ ᠠᠳᠠᠯᠢ ᠬᠤᠭᠤᠴᠠᠭᠠᠨ ᠤ ᠬᠢ ᠠᠴᠠ 25.9%᠎ ᠪᠠᠷ ᠪᠠᠭᠤᠷᠠᠪᠠ︔ ᠰᠠᠭᠠᠭ ᠤᠨ ᠳᠤᠮᠳᠠᠴᠢ ᠦᠨ᠎ᠡ 3.4 ᠲᠥᠭᠦᠷᠢᠭ / ᠵᠢᠩ ᠪᠣᠯᠵᠤ᠂ ᠠᠳᠠᠯᠢ ᠬᠤᠭᠤᠴᠠᠭᠠᠨ ᠤ ᠬᠢ ᠠᠴᠠ 12.4 %᠎ ᠪᠠᠷ ᠪᠠᠭᠤᠷᠠᠪᠠ᠃ ᠮᠠᠨ ᠤ ᠣᠷᠣᠨ ᠤ ᠡᠷᠳᠡᠨᠢ ᠰᠢᠰᠢ ᠶᠢᠨ ᠭᠠᠷᠤᠯᠲᠠ ᠠᠮᠤ ᠪᠤᠳᠠᠭᠠᠨ ᠤ ᠶᠡᠷᠦᠩᠬᠡᠶ ᠤᠨᠠᠯᠲᠠ ᠶᠢᠨ 80% ᠣᠷᠴᠢᠮ ᠢ ᠡᠵᠡᠯᠡᠵᠦ ᠪᠠᠶᠢᠳᠠᠭ ᠪᠣᠯᠬᠤᠷ᠂ ᠡᠷᠳᠡᠨᠢ ᠰᠢᠰᠢ ᠶᠢᠨ ᠦᠨ᠎ᠡ ᠬᠠᠩᠰᠢ ᠶᠡᠭᠡ ᠪᠠᠷ ᠪᠠᠭᠤᠷᠠᠭᠰᠠᠨ ᠨᠢ ᠠᠮᠤ ᠪᠤᠳᠠᠭᠠᠨ ᠤ ᠦᠨ᠎ᠡ ᠬᠠᠩᠰᠢ ᠶᠡᠷᠦᠩᠬᠡᠶ ᠴᠣᠭᠴᠠ ᠪᠠᠷ ᠪᠠᠭᠤᠷᠠᠭᠰᠠᠨ ᠤ ᠭᠤᠣᠯ ᠰᠢᠯᠲᠠᠭᠠᠨ ᠪᠣᠯᠤᠨ᠎ᠠ᠃ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠬᠢ ᠶᠢᠨ ᠯᠢᠦ ᠱᠢ ᠶᠢᠦ ᠶᠢᠨ ᠵᠠᠳᠠᠯᠤᠭᠰᠠᠨ ᠢᠶᠠᠷ᠂ ᠤᠯᠤᠰ ᠤᠨ ᠡᠷᠳᠡᠨᠢ ᠰᠢᠰᠢ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 11.1%᠎ ᠪᠠᠷ ᠪᠠᠭᠤᠷᠠᠭᠰᠠᠨ ᠤ ᠬᠠᠮᠲᠤ᠂ ᠣᠯᠠᠨ ᠤᠯᠤᠰ ᠤᠨ ᠡᠷᠳᠡᠨᠢ ᠰᠢᠰᠢ ᠶᠢᠨ ᠦᠨ᠎ᠡ ᠤᠯᠤᠰ ᠤᠨ ᠳᠣᠲᠣᠭᠠᠳᠤ ᠶᠢᠨ ᠦᠨ᠎ᠡ ᠠᠴᠠ ᠨᠡᠶᠢᠳᠡᠮ ᠳᠣᠣᠷ᠎ᠠ ᠪᠠᠶᠢᠵᠤ᠂ ᠡᠭᠦᠨ ᠤ ᠳᠡᠭᠡᠷ᠎ᠡ ᠰᠢᠨ᠎ᠡ ᠡᠷᠳᠡᠨᠢ ᠰᠢᠰᠢ ᠶᠢᠨ ᠤᠰᠤᠨ ᠤ ᠠᠭᠤᠯᠠᠭᠳᠠᠴᠠ ᠨᠢ ᠨᠡᠯᠢᠶᠡᠳ ᠶᠡᠭᠡ ᠪᠠᠶᠢᠬᠤ ᠵᠡᠷᠭᠡ ᠡᠯᠧᠮᠧᠨ᠋ᠲ ᠠᠴᠠ ᠪᠣᠯᠣᠭᠠᠳ ᠮᠠᠨ ᠤ ᠣᠷᠣᠨ ᠤ ᠡᠷᠳᠡᠨᠢ ᠰᠢᠰᠢ ᠶᠢᠨ ᠦᠨ᠎ᠡ ᠬᠠᠩᠰᠢ ᠪᠠᠭᠤᠷᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号