ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠠᠪᠤᠨ | ᠬᠥᠮᠥᠨ ᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ 2015 ᠣᠨ ᠤ ᠭᠤᠷᠪᠠᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠠᠵᠢᠯ ᠪᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠥᠪᠡᠷᠲᠡᠭᠡᠨ ᠵᠠᠰᠠᠬᠤ | ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠥᠭᠡᠷᠡᠴᠢᠯᠡᠬᠦ ᠶᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠢ | ᠰᠤᠳᠤᠯᠤᠨ ᠪᠠᠶᠢᠷᠢᠯᠠᠭᠤᠯᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠴᠡᠭᠴᠡᠯᠡᠨ ᠥᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠪᠠᠭᠠᠲᠤᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠵᠢᠶ᠋ᠨ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ ᠵᠠᠩ ᠯᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠧᠩ ᠰᠢᠨ ᠬᠤᠷᠠᠯ ᠳᠤ ᠣᠷᠣᠯᠴᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠲᠥᠪ ᠤᠨ ᠲᠤᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠡᠷᠡᠰ | ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠢᠭᠯᠡᠭᠦᠯᠵᠦ᠂ ᠨᠠᠮ ᠤᠨ ᠰᠤᠷᠲᠠᠯ ᠴᠢᠭᠡᠴᠢ | ᠵᠠᠰᠠᠭ ᠤᠨ ᠪᠦᠲᠦᠭᠡᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠳᠣᠪᠣᠶᠢᠯᠭᠠᠵᠤ᠂ ᠤᠷᠢᠳ | ᠬᠤᠵᠢᠳᠠ 133 ᠲᠣᠭᠤᠷᠢᠨ ᠪᠠᠶᠢᠴᠠᠭᠠᠬᠤ ᠵᠦᠢᠯ ᠳᠤ 8 ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢ | ᠲᠣᠭᠤᠷᠢᠨ ᠪᠠᠶᠢᠴᠠᠭᠠᠬᠤ ᠪᠦᠬᠦ ᠪᠦᠷᠬᠦᠯᠲᠡ ᠶᠢ ᠪᠡᠶᠡᠯᠡᠭᠦᠯᠪᠡ᠃ 2015 ᠣᠨ ᠤ ᠭᠤᠷᠪᠠᠳᠤᠭᠠᠷ ᠡᠭᠡᠯᠵᠢ ᠶᠢᠨ | ᠲᠣᠭᠤᠷᠢᠨ ᠪᠠᠶᠢᠴᠠᠭᠠᠯᠲᠠ ᠳᠤ᠂ 1ᠠᠶᠢᠮᠠᠭ ᠬᠤᠲᠠ ᠪᠠ 24 ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠨᠡᠶᠢᠲᠡ 300 ᠢᠯᠡᠭᠦᠦ ᠠᠰᠠᠭᠤᠳᠠᠯ ᠣᠷᠣᠰᠢᠵᠤ᠂ ᠤᠳᠤᠷᠢᠳᠬᠤ ᠺᠠᠳ᠋ᠷ ᠲᠤ ᠬᠤᠯᠪᠣᠭᠳᠠᠭᠰᠠᠨ ᠠᠰᠠᠭᠤᠳᠠᠯ ᠤᠨ | ᠰᠦᠪᠡᠭᠴᠢ ᠶᠢ 400 ᠭᠠᠷᠤᠢ ᠢᠯᠡᠷᠡᠭᠦᠯᠵᠦ᠂ ᠠᠰᠠᠭᠤᠳᠠᠯ ᠢ ᠢᠯᠡᠷᠡᠭᠦᠯᠦᠨ᠂ ᠰᠦᠷ ᠦᠵᠡᠭᠦᠯᠵᠦ᠂ | ᠰᠢᠬᠠᠮᠳᠠᠭᠤᠯᠤᠨ ᠥᠭᠡᠷᠡᠴᠢᠯᠡᠬᠦ ᠲᠤᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠪᠠ᠃ | ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠦᠨᠡᠨ ᠬᠦ | ᠰᠢᠢᠳᠪᠦᠷᠢᠯᠡᠬᠦ ᠬᠡᠷᠡᠭᠲᠡᠢ᠃ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠦᠴᠦᠨ ᠲᠡᠬᠦᠯᠳᠡᠷ ᠠᠷᠭ᠎ᠠ ᠬᠡᠮᠵᠢᠶ᠎ᠡ ᠠᠪᠴᠤ᠂ | ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠴᠢᠩᠭ᠎ᠠ ᠪᠤᠰᠤ᠂ ᠭᠤᠣᠯᠳᠠᠯᠭᠠᠲᠤ ᠬᠦᠷᠢᠶ᠎ᠡ ᠬᠡᠪᠴᠢᠶᠡᠨ ᠳᠤ ᠢᠯᠵᠢᠷᠡᠯ ᠠᠮᠠᠷᠬᠠᠨ ᠡᠭᠦᠰᠴᠦ | ᠣᠯᠠᠨ ᠡᠭᠦᠰᠴᠦ ᠪᠠᠶᠢᠬᠤ᠂ ᠵᠣᠬᠢᠶᠠᠨ ᠪᠠᠶᠢᠭᠤᠯᠤᠯᠲᠠ ᠶᠢᠨ ᠵᠠᠷᠴᠢᠮ ᠢ ᠬᠠᠶᠢᠬᠤᠷᠬᠤ ᠦᠭᠡᠢ ᠳᠦᠷᠢᠮ ᠢ ᠵᠥᠷᠢᠴᠡᠨ | ᠬᠥᠮᠥᠨ ᠬᠡᠷᠡᠭᠯᠡᠬᠦ᠂ ︽ᠳᠦᠷᠪᠡᠨ ᠰᠤᠷᠲᠠᠯ︾ ᠤᠨ ᠠᠰᠠᠭᠤᠳᠠᠯ ᠢ ᠤᠯᠠᠨᠲᠠ ᠬᠤᠷᠢᠭᠯᠠᠪᠠᠴᠤ ᠦᠯᠦ ᠵᠣᠭᠰᠣᠬᠤ | ᠵᠡᠷᠭᠡ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠲᠤᠭᠤᠷᠢᠨ ᠪᠠᠶᠢᠴᠠᠭᠠᠭᠰᠠᠨ ᠦᠷ᠎ᠡ ᠪᠦᠲᠦᠮᠵᠢ ᠶᠢᠨ ᠶᠡᠷᠦᠩᠬᠡᠶᠢᠯᠡᠨ ᠬᠡᠷᠡᠭᠯᠡᠯᠲᠡ ᠶᠢ ᠲᠠᠰᠤᠷᠠᠯᠲᠠ ᠦᠭᠡᠢ | ᠴᠢᠩᠭᠠᠳᠬᠠᠬᠤ ᠬᠡᠷᠡᠭᠲᠡᠢ᠃ ᠴᠡᠭᠴᠡᠯᠡᠨ ᠥᠭᠡᠷᠡᠴᠢᠯᠡᠬᠦ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠡᠷᠴᠢᠮ ᠢᠶᠠᠨ ᠦᠨᠡᠨ ᠬᠦ ᠴᠢᠩᠭᠠᠳᠬᠠᠵᠤ᠂ ᠲᠣᠭᠤᠷᠢᠨ | ᠪᠠᠶᠢᠴᠠᠭᠠᠯᠲᠠ ᠳᠤ ᠢᠯᠡᠷᠡᠭᠦᠯᠦᠭᠰᠡᠨ ᠤᠳᠤᠷᠢᠳᠬᠤ ᠺᠠᠳ᠋ᠷ ᠤᠨ ᠠᠰᠠᠭᠤᠳᠠᠯ ᠤᠨ ᠰᠦᠪᠡᠭᠴᠢ ᠶᠢ ᠭᠦᠨ ᠠᠭᠤᠳᠠᠯᠤᠨ | ᠨᠠᠷᠢᠨ ᠪᠠᠶᠢᠴᠠᠭᠠᠵᠤ᠂ ᠭᠦᠨ ᠳᠠᠪᠬᠤᠷᠭ᠎ᠠ ᠶᠢᠨ ᠠᠰᠠᠭᠤᠳᠠᠯ ᠤᠨ ᠰᠢᠢᠳᠪᠦᠷᠢᠯᠡᠯᠲᠡ ᠶᠢ ᠬᠦᠴᠦᠲᠡᠢ ᠲᠦᠯᠬᠢᠨ | ᠠᠬᠢᠭᠤᠯᠵᠤ᠂ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠲᠠᠯᠪᠢᠬᠤ ᠨᠥᠯᠥᠭᠡᠯᠡᠯ ᠢ ᠦᠨᠡᠨ ᠬᠦ ᠰᠠᠶᠢᠲᠤᠷ | ᠪᠠᠳᠠᠷᠠᠭᠤᠯᠵᠤ᠂ ᠲᠣᠭᠤᠷᠢᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠲᠥᠪ ᠤᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠲᠤᠰᠬᠠᠢ ᠲᠥᠷᠥᠯ ᠤᠨ ᠪᠠᠶᠢᠴᠠᠭᠠᠯᠲᠠ ᠶᠢᠨ ᠪᠤᠴᠠᠯᠲᠠ ᠶᠢᠨ | ᠰᠠᠨᠠᠯ ᠤᠨ ᠴᠡᠭᠴᠡᠯᠡᠨ ᠥᠭᠡᠷᠡᠴᠢᠯᠡᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠲᠣᠭᠤᠷᠢᠨ ᠪᠠᠶᠢᠴᠠᠭᠠᠯᠲᠠ ᠶᠢᠨ | ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠲᠣᠭᠤᠷᠢᠨ ᠪᠠᠶᠢᠴᠠᠭᠠᠯᠲᠠ ᠶᠢᠨ ᠠᠵᠢᠯ ᠤᠨ | ᠬᠠᠨᠳᠤᠯᠭᠠᠲᠤ ᠴᠢᠨᠠᠷ ᠪᠠ ᠪᠤᠳᠠᠳᠣ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ |