ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ | ᠣᠷᠳᠣᠨ ᠣᠷᠴᠢᠮᠬᠠᠨ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ | ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠂ ᠲᠤᠰ ︽ᠬᠡᠷᠡᠭᠵᠢᠭᠦᠯᠬᠦ | ᠰᠠᠨᠠᠯ︾ ᠨᠢ ᠠᠵᠢᠯᠲᠠᠨ ᠠᠵᠢᠯᠴᠢᠨ ᠤ ᠦᠨᠳᠦᠰᠦᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ᠂ | ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ᠂ | ᠬᠥᠳᠡᠯᠮᠦᠷᠢ ᠶᠢᠨ ᠬᠠᠷᠢᠴᠠᠭᠠᠨ ᠤ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ | ᠪᠦᠷᠢᠨᠰᠢᠭᠦᠯᠬᠦ ᠵᠡᠷᠭᠡ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ | ᠲᠤᠬᠠᠶ ᠰᠠᠨᠠᠯ︾ ᠤᠨ ᠵᠣᠷᠢᠭ ᠰᠠᠨᠠᠭ᠎ᠠ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠵᠡᠶ᠃ | | ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠴᠠᠯᠢᠩ ᠤᠨ ᠬᠢᠷᠢ ᠲᠥᠪᠰᠢᠨ ᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠢ | ︽ᠰᠠᠨᠠᠯ︾ ᠳᠤ ᠲᠣᠲᠣᠷᠬᠠᠶᠢᠯᠠᠭᠰᠠᠨ ᠨᠢ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ ᠪᠠ | ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢᠨ ᠳᠡᠭᠡᠭᠰᠢᠯᠡᠯᠲᠡ ᠶᠢᠨ ᠢᠵᠢᠯᠢᠰᠢᠯ ᠢ ᠪᠠᠷᠢᠮᠲᠠᠯᠠᠵᠤ᠂ ᠴᠠᠯᠢᠩ ᠤᠨ | ᠬᠢᠷᠢ ᠲᠥᠪᠰᠢᠨ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠲᠣᠭᠲᠠᠴᠠ᠂ ᠬᠡᠪ ᠤᠨ ᠨᠡᠮᠡᠭᠳᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠨᠢᠭᠡᠳᠦᠭᠡᠷ ᠹᠷᠣᠨᠲ ᠤᠨ ᠦᠢᠯᠡᠳᠪᠦᠷᠢᠯᠡᠵᠦ ᠦᠢᠯᠡᠴᠢᠯᠡᠬᠦ ᠠᠵᠢᠯ ᠤᠨ | ᠪᠠᠶᠢᠷᠢ ᠶᠢᠨ ᠠᠵᠢᠯᠳᠡᠨ ᠠᠵᠢᠯᠴᠢᠨ ᠤ ᠴᠠᠯᠢᠩ ᠤᠨ ᠬᠢᠷᠢ ᠲᠥᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ | ᠭᠡᠵᠡᠢ᠃ ︽ᠰᠠᠨᠠᠯ︾ ᠳᠤ ᠳᠤᠷᠠᠳᠤᠭᠰᠠᠨ ᠨᠢ᠂ ᠠᠵᠤ ᠠᠬᠤᠶᠢᠯᠠᠯ ᠤᠨ ᠬᠠᠮᠲᠤ ᠶᠢᠨ ᠭᠡᠷ᠎ᠡ ᠪᠣᠯᠣᠨ ᠠᠵᠤ | ᠠᠬᠤᠶᠢᠯᠠᠯ ᠤᠨ ᠴᠠᠯᠢᠩ ᠢ ᠬᠠᠮᠲᠤ ᠪᠠᠷ ᠵᠥᠪᠳᠡᠯᠴᠡᠬᠦ ᠲᠤᠬᠠᠶ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ | ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠯᠢᠩ ᠢ ᠬᠠᠮᠲᠤᠪᠠᠷ ᠵᠥᠪᠳᠡᠯᠴᠡᠬᠦ ᠶᠢ ᠬᠠᠤᠯᠢ ᠶᠣᠰᠣᠭᠠᠷ | ᠲᠦᠯᠬᠢᠨ ᠠᠬᠢᠭᠤᠯᠬᠤ ᠬᠡᠷᠡᠭᠲᠡᠢ᠃ ᠴᠠᠯᠢᠩ ᠤᠨ ᠵᠢᠯᠣᠭᠤᠳᠬᠤ ᠱᠤᠭᠤᠮ ᠤᠨ ᠲᠦᠷᠢᠮ ᠢ ᠲᠡᠭᠦᠯᠳᠡᠷᠵᠢᠭᠦᠯᠵᠦ᠂ | ᠬᠥᠳᠡᠯᠮᠦᠷᠢ ᠳᠤ ᠬᠡᠷᠡᠭᠯᠡᠬᠦ ᠬᠦᠴᠦ ᠶᠢ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠠᠵᠤ | ᠠᠬᠤᠶᠢᠯᠠᠯ ᠤᠨ ᠨᠢᠭᠡᠳᠦᠯᠲᠡᠶ ᠵᠢᠷᠤᠮᠵᠢᠭᠰᠠᠨ ᠬᠥᠯᠥᠰᠥ ᠣᠯᠭᠤᠮᠵᠢ ᠶᠢᠨ ᠮᠡᠳᠡᠭᠦᠯᠦᠯᠲᠡ ᠶᠢᠨ ᠳᠦᠷᠢᠮ ᠪᠣᠯᠣᠨ | ᠬᠥᠯᠥᠰᠥ ᠣᠯᠭᠤᠮᠵᠢ ᠶᠢᠨ ᠮᠡᠳᠡᠭᠡ ᠵᠠᠩᠭᠢ ᠨᠡᠶᠢᠲᠡᠯᠡᠬᠦ ᠠᠷᠭ᠎ᠠ ᠶᠢ ᠪᠠᠶᠢᠭᠤᠯᠵᠤ᠂ ᠴᠠᠯᠢᠩ ᠢ ᠬᠠᠮᠲᠤᠪᠠᠷ | ᠵᠥᠪᠳᠡᠯᠴᠡᠬᠦ ᠶᠢ ᠥᠷᠨᠢᠭᠦᠯᠬᠦ ᠳᠤ ᠯᠠᠪᠯᠠᠯᠲᠠ ᠬᠠᠩᠭᠠᠬᠤ ᠬᠡᠷᠡᠭᠲᠡᠢ᠃ ᠠᠵᠤ ᠠᠬᠤᠶᠢᠯᠠᠯ ᠬᠢᠭᠡᠳ ᠠᠵᠢᠯᠳᠠᠨ | ᠠᠵᠢᠯᠴᠢᠨ ᠲᠠᠢ ᠠᠵᠢᠯ ᠤᠨ ᠨᠥᠬᠦᠴᠡᠯ᠂ ᠬᠥᠳᠡᠯᠮᠦᠷᠢ ᠶᠢᠨ ᠨᠣᠷᠮ᠎ᠠ ᠲᠣᠭᠲᠠᠭᠠᠬᠤ᠂ ᠡᠮᠡᠭᠲᠡᠶ ᠠᠵᠢᠯᠳᠠᠨ | ᠠᠵᠢᠯᠴᠢᠨ ᠢ ᠣᠨᠴᠠᠭᠠᠶ ᠬᠠᠮᠠᠭᠠᠯᠠᠬᠤ ᠵᠡᠷᠭᠡ ᠶᠢᠨ ᠲᠠᠯ᠎ᠠ ᠪᠠᠷ ᠬᠠᠮᠲᠤᠪᠠᠷ ᠵᠥᠪᠳᠡᠯᠴᠡᠬᠦ ᠶᠢ ᠲᠦᠯᠬᠢᠨ ᠠᠬᠢᠭᠤᠯᠵᠤ᠂ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠵᠢᠯᠳᠠᠨ ᠠᠵᠢᠯᠴᠢᠨ ᠲᠠᠢ ᠬᠠᠮᠲᠤ ᠶᠢᠨ ᠭᠡᠷ᠎ᠡ ᠲᠣᠭᠲᠠᠭᠠᠬᠤ ᠪᠠ | ᠬᠡᠷᠡᠭᠵᠢᠭᠦᠯᠬᠦ ᠬᠡᠷᠡᠭᠲᠡᠢ ᠭᠡᠪᠡ᠃ | | ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠬᠥᠯᠥᠰᠥ ᠪᠠᠨ ᠣᠯᠵᠤ ᠠᠪᠬᠤ ᠶᠢ ᠦᠨᠡᠨ ᠬᠦ | ᠪᠠᠲᠤᠯᠠᠬᠤ ᠬᠡᠷᠡᠭᠲᠡᠢ | ︽ᠰᠠᠨᠠᠯ︾ ᠳᠤ ᠳᠤᠷᠠᠳᠤᠭᠰᠠᠨ ᠨᠢ᠂ ᠴᠠᠯᠢᠩ ᠥᠭᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ | ᠴᠠᠯᠢᠩ ᠥᠭᠬᠦ ᠶᠢ ᠬᠢᠨᠠᠨ ᠡᠵᠡᠮᠳᠡᠬᠦ᠂ ᠴᠠᠯᠢᠩ ᠤᠨ ᠪᠠᠲᠤᠯᠠᠮᠵᠢ ᠪᠣᠯᠣᠨ ᠴᠠᠯᠢᠩ ᠥᠷᠢᠲᠦᠬᠦ ᠪᠠᠴᠢᠮ ᠪᠠᠶᠢᠳᠠᠯ ᠢ | ᠠᠷᠭᠠᠴᠠᠭᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠷᠢᠯᠭ᠎ᠠ ᠶᠢᠨ | ᠲᠥᠷᠥᠯ ᠵᠦᠢᠯ ᠤᠨ ᠬᠠᠮᠢᠶᠠᠷᠤᠯᠲᠠ ᠪᠣᠯᠣᠨ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠣᠷᠣᠨ | ᠨᠤᠲᠤᠭ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠬᠤ ᠲᠦᠷᠢᠮ ᠢ ᠪᠦᠷᠢᠨᠰᠢᠭᠦᠯᠵᠦ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠥᠷᠢᠲᠦᠬᠦ | ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠶᠢᠨ ᠬᠥᠯᠥᠰᠥ ᠣᠯᠭᠤᠮᠵᠢ | ᠥᠭᠬᠦ ᠶᠢ ᠲᠡᠪᠴᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ | ᠰᠢᠳᠬᠡᠵᠦ᠂ ᠠᠵᠢᠯᠲᠠᠨ ᠠᠵᠢᠯᠴᠢᠨ ᠢᠯᠠᠩᠭᠤᠶ᠎ᠠ ᠬᠦᠴᠦ ᠶᠠᠪᠤᠭᠴᠢ ᠮᠠᠯᠴᠢᠨ ᠲᠠᠷᠢᠶᠠᠴᠢᠳ ᠴᠠᠯᠢᠩ ᠬᠦᠯᠦᠰᠦ ᠪᠠᠨ | ᠴᠠᠭ ᠲᠠᠭᠠᠨ ᠲᠤᠭ᠎ᠠ ᠶᠣᠰᠣᠭᠠᠷ ᠪᠦᠷᠢᠨ ᠣᠯᠬᠤ ᠶᠢ ᠪᠠᠲᠤᠯᠠᠬᠤ ᠬᠡᠷᠡᠭᠲᠡᠶ ᠭᠡᠪᠡ᠃ ︽ᠰᠠᠨᠠᠯ︾ ᠳᠤ | ᠱᠠᠭᠠᠷᠳᠠᠭᠰᠠᠨ ᠨᠢ᠂ 2016 ᠣᠨ ᠤ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ | ᠬᠤᠳᠠ ᠶᠢᠨ ᠵᠠᠰᠠᠭ ᠤᠨ ᠣᠷᠳᠣᠨ ︵ᠵᠠᠰᠠᠭ ᠵᠠᠬᠢᠷᠭ᠎ᠠ︶ ᠴᠠᠯᠢᠩ ᠦᠷᠢᠲᠦᠬᠦ ᠪᠠᠴᠢᠮ ᠪᠠᠶᠢᠳᠠᠯ ᠢ ᠠᠷᠭᠠᠴᠠᠭᠠᠬᠤ | ᠡᠷᠭᠢᠯᠲᠡ ᠶᠢᠨ ᠮᠥᠩᠭᠦ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠴᠠᠯᠢᠩ | ᠥᠷᠢᠲᠦᠬᠦ ᠶᠢ ᠠᠵᠤ ᠠᠬᠤᠶᠢᠯᠠᠯ ᠬᠠᠷᠢᠯᠴᠠᠨ ᠪᠠᠲᠤᠯᠠᠬᠤ ᠪᠠᠲᠤᠯᠠᠮᠵᠢ ᠶᠢᠨ ᠳᠦ᠋ᠷᠢᠮ ᠢ ᠪᠠᠶᠢᠭᠤᠯᠵᠤ᠂ ᠴᠠᠯᠢᠩ | ᠣᠯᠭᠤᠬᠤ ᠶᠢ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠲᠥᠷᠥᠯ ᠵᠦᠢᠯ ᠳᠤ ᠣᠷᠣᠭᠤᠯᠵᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠠᠨ ᠳᠠᠬᠢ ᠠᠵᠢᠯᠳᠠᠨ ᠠᠵᠢᠯᠴᠢᠨ ᠤ ᠴᠠᠯᠢᠩ ᠬᠢᠭᠡᠳ ᠪᠠᠷᠢᠯᠭ᠎ᠠ ᠶᠢᠨ | ᠵᠣᠭᠤᠰ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃ ᠦᠷᠢᠳᠦᠭᠰᠡᠨ ᠴᠠᠯᠢᠩ ᠢ | ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠬᠠᠷᠢᠭᠤᠴᠠᠨ ᠲᠦᠯᠦᠬᠦ ᠳᠦᠷᠢᠮ ᠢ | ᠴᠢᠩᠭ᠎ᠠ ᠪᠠᠷ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠴᠠᠯᠢᠩ ᠢ ᠶᠡᠷᠦᠩᠬᠡᠶ ᠳᠠᠭᠠᠭᠠᠴᠢᠯᠠᠭᠰᠠᠨ ᠠᠵᠤ | ᠠᠬᠤᠶᠢᠯᠠᠯ ᠠᠴᠠ ᠰᠢᠭᠤᠳ ᠣᠯᠭᠤᠬᠤ ᠶᠢ ᠪᠡᠶᠡᠯᠡᠭᠦᠯᠬᠦ ᠬᠡᠷᠡᠭᠲᠡᠢ᠃ ᠠᠵᠢᠯᠲᠠᠨ ᠠᠵᠢᠯᠴᠢᠨ ᠤ ᠴᠠᠯᠢᠩ ᠢ | ᠪᠠᠩᠬᠢ ᠠᠴᠠ ᠣᠷᠣᠯᠠᠨ ᠣᠯᠭᠤᠬᠤ ᠲᠦᠷᠢᠮ ᠢ ᠢᠳᠡᠪᠬᠢᠲᠡᠢ ᠬᠡᠷᠡᠭᠵᠢᠭᠦᠯᠵᠦ᠂ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯᠲᠠᠨ ᠠᠵᠢᠯᠴᠢᠨ ᠤ ᠴᠠᠯᠢᠩ ᠢ ᠰᠠᠷ᠎ᠠ ᠪᠠᠷ ᠪᠤᠳᠤᠵᠤ ᠥᠭᠬᠦ ᠶᠢ ᠦᠨᠡᠨ ᠬᠦ | ᠪᠠᠲᠤᠯᠠᠬᠤ ᠬᠡᠷᠡᠭᠲᠡᠶ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ | ᠪᠠᠷᠢᠯᠭ᠎ᠠ ᠶᠢᠨ ᠪᠦᠳᠤᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠠᠨ ᠳᠠᠬᠢ ᠴᠠᠯᠢᠩ ᠥᠭᠬᠦ ᠠᠷᠭ᠎ᠠ ᠬᠡᠮᠵᠢᠶ᠎ᠡ ᠶᠢ ᠲᠣᠭᠲᠠᠭᠠᠨ | ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠠᠨ ᠳᠠᠬᠢ ᠬᠥᠳᠡᠯᠮᠦᠷᠢ ᠦᠢᠯᠡᠴᠢᠯᠡᠭᠡᠨ ᠤ | ᠶᠡᠷᠦᠩᠭᠡᠶᠢᠯᠡᠭᠦᠯᠬᠦ ᠪᠠ ᠬᠤᠪᠢᠶᠠᠷᠢᠯᠠᠨ ᠳᠠᠭᠠᠭᠠᠴᠢᠯᠠᠭᠤᠯᠬᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠡᠭᠦᠨ ᠤ | ᠲᠣᠬᠠᠢ ᠥᠪᠡᠷᠲᠡᠭᠡᠨ ᠵᠠᠰᠠᠬᠤ ᠣᠷᠣᠨ ᠳᠤᠷᠠᠳᠤᠭᠰᠠᠨ ᠨᠢ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠯᠲᠠ ᠶᠢᠨ ᠲᠤᠤᠷᠴᠢᠯᠠᠭᠰᠠᠨ᠂ ᠰᠦᠯᠵᠢᠶᠡᠵᠢᠭᠦᠯᠥᠭᠰᠡᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ 2017 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ | ᠭᠤᠷᠪᠠᠨ ᠱᠠᠲᠤ ᠪᠠᠷ ᠢᠶᠠᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠲᠣᠬᠢᠷᠠᠭᠤᠯᠬᠤ ᠶᠢ ᠬᠢᠨᠠᠨ | ᠡᠵᠡᠮᠰᠢᠬᠦ ᠬᠠᠮᠢᠶᠠᠷᠤᠯᠲᠠ ᠶᠢᠨ ᠲᠠᠪᠴᠠᠩ ᠢ ᠪᠦᠬᠦ ᠲᠠᠯ᠎ᠠ ᠪᠠᠷ ᠪᠠᠶᠢᠭᠤᠯᠵᠤ᠂ ᠭᠤᠣᠯᠳᠠᠭᠤ ᠠᠶᠢᠮᠠᠭ ᠬᠤᠲᠠ᠂ | ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠢᠶᠠᠷ ᠨᠢᠭᠡᠴᠡ ᠪᠣᠯᠭᠠᠵᠤ᠂ ᠬᠥᠳᠡᠯᠮᠦᠷᠢ ᠳᠤ ᠬᠡᠷᠡᠭᠯᠡᠬᠦ ᠬᠦᠴᠦ ᠶᠢ ᠳᠠᠩᠰᠠᠯᠠᠬᠤ | ᠳ᠋ᠠᠶᠢᠲ᠋ᠠ ᠶᠢᠨ ᠬᠥᠮᠥᠷᠭᠡ ᠪᠠᠷ ᠰᠠᠭᠤᠷᠢ ᠪᠣᠯᠭᠠᠨ᠂ ᠬᠤᠳᠠ ᠬᠥᠳᠡᠭᠡ ᠶᠢ ᠪᠦᠷᠬᠦᠭᠰᠡᠨ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢᠨ ᠲᠣᠣᠷᠵᠢᠯ ᠢ ᠪᠣᠢ ᠪᠣᠯᠭᠠᠵᠤ᠂ ᠬᠥᠳᠡᠯᠮᠦᠷᠢ ᠶᠢᠨ ᠬᠢᠨᠠᠨ | ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢ ᠰᠠᠨᠠᠭᠠᠴᠢᠯᠠᠭᠠᠲᠠᠢ ᠪᠠᠷ ᠤᠷᠢᠳᠴᠢᠯᠠᠨ ᠰᠡᠷᠭᠡᠶᠢᠯᠡᠬᠦ ᠪᠠ ᠬᠤᠲᠠ | ᠬᠦᠳᠡᠭᠡ ᠶᠢ ᠨᠢᠭᠡᠳᠦᠯᠲᠡᠶ ᠲᠥᠯᠥᠪᠵᠢᠭᠦᠯᠬᠦ ᠵᠦᠭ ᠰᠢᠯᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠬᠤᠳᠠ ᠶᠢᠨ ᠬᠠᠷᠢᠶ᠎ᠠ | ᠲᠣᠭᠤᠷᠢᠭ ᠪᠣᠯᠤᠨ ᠠᠶᠢᠮᠠᠭ ᠬᠤᠳᠠ ᠶᠢᠨ ᠪᠠᠶᠢᠭ᠎ᠠ ᠭᠠᠵᠠᠷ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠬᠤ ᠪᠠᠶᠢᠭᠤᠯᠤᠮᠵᠢ ᠠᠴᠠ ᠨᠢᠭᠡᠳᠦᠯᠲᠡᠶ ᠬᠠᠮᠢᠶᠠᠷᠬᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ | ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠱᠠᠲᠤ ᠳᠠᠪᠬᠤᠷᠭ᠎ᠠ ᠶᠢ ᠪᠠᠭᠠᠰᠬᠠᠵᠤ᠂ ᠬᠠᠤᠯᠢ ᠬᠡᠷᠡᠭᠵᠢᠭᠦᠯᠬᠦ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠠᠴᠠ ᠵᠥᠷᠢᠴᠡᠬᠦ ᠦᠢᠯᠡ ᠠᠵᠢᠯᠯᠠᠭ᠎ᠠ ᠶᠢ ᠰᠡᠷᠡᠮᠵᠢᠯᠡᠭᠦᠯᠦᠨ | ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠶᠡᠷᠦᠩᠬᠡᠶᠢᠯᠡᠨ ᠵᠠᠰᠠᠬᠤ | ᠪᠠ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠠᠤᠯᠢ ᠴᠠᠭᠠᠵᠠ ᠬᠤᠯᠪᠤᠭᠠᠯᠠᠨ | ᠬᠦᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠠᠵᠢᠯᠴᠢᠨ ᠬᠡᠷᠡᠭᠯᠡᠬᠦ ᠶᠢ ᠪᠠᠶᠢᠴᠠᠭᠠᠨ | ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠬᠡᠦᠬᠡᠳ ᠠᠵᠢᠯᠴᠢᠨ ᠬᠡᠷᠡᠭᠯᠡᠬᠦ᠂ ᠠᠯᠪᠠᠳᠠᠨ ᠬᠥᠳᠡᠯᠮᠦᠷᠢᠯᠡᠭᠦᠯᠵᠦ᠂ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠪᠡ ᠃ | | ᠠᠵᠢᠯᠲᠠᠨ ᠠᠵᠢᠯᠴᠢᠨ ᠤ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠥᠭᠡ ᠠᠪᠬᠤ ᠡᠷᠬᠡ ᠠᠰᠢᠭ ᠢ | ᠬᠡᠷᠡᠭᠵᠢᠬᠦᠯᠦᠨ᠎ᠡ | ︽ᠬᠡᠷᠡᠭᠵᠢᠬᠦᠯᠬᠦ ᠰᠠᠨᠠᠯ︾ ᠳᠤ ᠲᠣᠳᠣᠷᠬᠠᠶ ᠳᠤᠷᠠᠳᠤᠭᠰᠠᠨ ᠨᠢ᠂ ᠠᠵᠢᠯᠲᠠᠨ ᠠᠵᠢᠯᠴᠢᠨ ᠤ ᠠᠵᠢᠯᠯᠠᠬᠤ | ᠴᠠᠭ᠂ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠥᠭᠡ ᠠᠪᠬᠤ᠂ ᠪᠦᠬᠦ ᠤᠯᠤᠰ ᠤᠨ ᠵᠢᠯ ᠴᠠᠭᠠᠨ ᠰᠠᠷ᠎ᠠ ᠶᠢᠨ | ᠪᠠᠶᠠᠷ ᠵᠢᠴᠢ ᠳᠤᠷᠠᠰᠬᠠᠯ ᠤᠨ ᠡᠳᠦᠷ ᠤᠨ ᠠᠮᠠᠷᠠᠯᠲᠠ᠂ ᠴᠥᠭᠡᠨ ᠲᠣᠭᠠᠲᠤ ᠦᠨᠳᠦᠰᠦᠲᠡᠨ ᠤ ᠪᠠᠶᠠᠷ ᠳᠤᠷᠠᠰᠬᠠᠯ ᠤᠨ | ᠡᠳᠦᠷ ᠪᠤᠯᠤᠨ ᠴᠢᠬᠤᠯᠠ ᠶᠡᠭᠡ ᠠᠵᠢᠯᠯᠠᠭ᠎ᠠ ᠶᠢᠨ ᠠᠮᠠᠷᠠᠯᠲᠠ ᠵᠡᠷᠭᠡ ᠶᠢᠨ ᠲᠤᠬᠠᠢ ᠤᠯᠤᠰ ᠪᠣᠯᠤᠨ ᠥᠪᠡᠷᠲᠡᠭᠡᠨ | ᠵᠠᠰᠠᠬᠤ ᠣᠷᠣᠨ ᠤ ᠲᠣᠭᠲᠠᠭᠠᠯ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠣᠨᠴᠠᠭᠠᠶ | ᠠᠵᠢᠯ ᠤᠨ ᠴᠠᠭ ᠤᠨ ᠲᠦᠷᠢᠮ ᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠬᠠᠤᠯᠢ ᠶᠣᠰᠣᠭᠠᠷ ᠠᠵᠢᠯᠳᠠᠨ ᠠᠵᠢᠯᠴᠢᠨ ᠤ ᠠᠮᠠᠷᠠᠬᠤ ᠪᠠ ᠠᠮᠠᠷᠠᠯᠲᠠ ᠶᠢᠨ ᠴᠢᠯᠥᠭᠡ | ᠠᠪᠬᠤ ᠶᠢ ᠲᠤᠬᠢᠷᠠᠭᠤᠯᠤᠨ᠎ᠠ ᠭᠡᠪᠡ᠃ ᠡᠭᠦᠨ ᠤ ᠬᠠᠮᠲᠤ ᠲᠤᠲᠤᠷᠬᠠᠶᠢᠯᠠᠭᠰᠠᠨ ᠨᠢ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠠᠴᠠ ᠪᠤᠯᠵᠦ ᠠᠵᠢᠯᠲᠠᠨ ᠠᠵᠢᠯᠴᠢᠨ ᠤ ᠠᠵᠢᠯᠯᠠᠬᠤ ᠴᠠᠭ ᠢ | ᠤᠷᠲᠤᠳᠬᠠᠬᠤ ᠳᠤ ᠬᠦᠷᠪᠡᠯ᠂ ᠠᠵᠢᠯᠴᠢᠨ ᠤ ᠡᠪᠯᠡᠯ ᠪᠤᠯᠤᠨ ᠠᠵᠢᠯᠳᠠᠨ ᠠᠵᠢᠯᠴᠢᠨ ᠯᠤᠭ᠎ᠠ ᠵᠥᠪᠳᠡᠯᠴᠡᠬᠦ ᠬᠡᠷᠡᠭᠲᠡᠶ | ᠪᠥᠭᠡᠳ ᠴᠠᠭ ᠨᠡᠮᠡᠵᠦ ᠠᠵᠢᠯᠯᠠᠭᠰᠠᠨ ᠴᠠᠯᠢᠩ ᠢ ᠨᠢ ᠬᠠᠤᠯᠢ ᠶᠣᠰᠣᠭᠠᠷ ᠪᠦᠷᠢᠨ ᠭᠦᠢᠴᠡᠳ ᠥᠭᠬᠦ ᠬᠡᠷᠡᠭᠲᠡᠶ᠃ | ᠬᠦᠳᠡᠯᠮᠦᠷᠢᠯᠡᠬᠦ ᠨᠤᠷᠮ᠎ᠠ ᠪᠤᠯᠤᠨ ᠬᠦᠮᠦᠨ ᠤ ᠲᠤᠭ᠎ᠠ ᠶᠢ ᠲᠤᠭᠲᠠᠭᠠᠬᠤ ᠤᠯᠤᠰ ᠤᠨ ᠪᠠᠷᠢᠮᠵᠢᠶ᠎ᠠ᠂ ᠠᠵᠢᠯ | ᠲᠦᠷᠦᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠳᠡᠯᠮᠦᠷᠢᠯᠡᠬᠦ ᠨᠤᠷᠮ᠎ᠠ | ᠪᠤᠯᠤᠨ ᠬᠦᠮᠦᠨ ᠤ ᠲᠤᠭ᠎ᠠ ᠶᠢ ᠲᠤᠭᠲᠠᠭᠠᠬᠤ ᠣᠷᠣᠨ ᠨᠤᠲᠤᠭ ᠤᠨ ᠪᠠᠷᠢᠮᠵᠢᠶ᠎ᠠ ᠶᠢᠨ ᠲᠤᠭᠲᠠᠭᠠᠯᠲᠠ ᠶᠢ ᠲᠦᠯᠬᠢᠨ | ᠠᠬᠢᠭᠤᠯᠵᠤ᠂ ᠠᠵᠢᠯᠲᠠᠨ ᠠᠵᠢᠯᠴᠢᠨ ᠤ ᠠᠮᠠᠷᠠᠬᠤ ᠡᠷᠬᠡ ᠶᠢ ᠪᠠᠲᠤᠯᠠᠬᠤ ᠬᠡᠷᠡᠭᠲᠠᠢ᠃ ᠡᠭᠦᠨ ᠠᠴᠠ ᠭᠠᠳᠠᠨ᠎ᠠ᠂ | ᠥᠪᠡᠷᠲᠡᠭᠡᠨ ᠵᠠᠰᠠᠬᠤ ᠣᠷᠣᠨ ᠠᠴᠠ ᠠᠵᠢᠯᠲᠠᠨ ᠠᠵᠢᠯᠴᠢᠨ ᠤ ᠬᠥᠳᠡᠯᠮᠦᠷᠢ ᠶᠢᠨ ᠠᠶᠤᠯ ᠦᠭᠡᠢ ᠪᠤᠯᠤᠨ ᠡᠷᠡᠭᠦᠯ | ᠬᠠᠮᠠᠭᠠᠯᠠᠯ ᠤᠨ ᠬᠠᠮᠠᠭᠠᠯᠠᠯᠲᠠ ᠶᠢᠨ ᠡᠷᠬᠡ ᠶᠢ ᠡᠳ᠋ᠯᠡᠬᠦ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠭᠦ᠋ᠷᠲᠡᠬᠦ | ᠡᠷᠬᠡ ᠶᠢ ᠪᠠᠲᠤᠯᠠᠬᠤ᠂ ᠠᠵᠢᠯᠳᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ | ᠭᠥᠷᠳᠡᠬᠦ ᠡᠷᠬᠡ ᠶᠢ ᠪᠠᠲᠤᠯᠠᠬᠤ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ | ︽ᠬᠡᠷᠡᠭᠵᠢᠬᠦᠯᠬᠦ ᠰᠠᠨᠠᠯ︾ ᠳᠤ ᠳᠤᠷᠠᠳᠤᠭᠰᠠᠨ ᠨᠢ᠂ ᠠᠶᠤᠯ ᠦᠭᠡᠢ ᠦᠢᠯᠡᠳᠪᠦᠷᠢᠯᠡᠯ ᠳᠠᠬᠢ | ᠣᠷᠣᠭᠤᠯᠤᠯᠲᠠ ᠪᠠᠨ ᠨᠡᠮᠡᠭᠳᠡᠭᠦᠯᠵᠤ᠂ ᠠᠶᠤᠯ ᠥᠭᠡᠢ ᠦᠢᠯᠡᠳᠪᠦᠷᠢᠯᠡᠯ ᠪᠣᠯᠤᠨ ᠠᠵᠢᠯ ᠮᠡᠷᠭᠡᠵᠢᠯ ᠤᠨ ᠠᠶᠤᠯ ᠦᠭᠡᠢ | ᠪᠠᠶᠢᠬᠤ ᠪᠠ ᠡᠷᠡᠭᠦᠯ ᠬᠠᠮᠠᠭᠠᠯᠠᠯ ᠤᠨ ᠬᠥᠮᠦᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠥᠨᠳᠥᠷ ᠳᠤᠯᠠᠭᠠᠨ | ᠥᠨᠳᠥᠷ ᠬᠦᠢᠲᠡᠨ ᠠᠵᠢᠯ ᠤᠨ ᠪᠠᠶᠢᠷᠢ ᠶᠢᠨ ᠨᠡᠮᠡᠭᠦᠷᠢ ᠶᠢ ᠨᠠᠶᠢᠳᠠᠪᠤᠷᠢᠵᠢᠭᠤᠯᠵᠤ᠂ ᠤᠯᠤᠰ ᠤᠨ ᠲᠣᠭᠲᠠᠭᠠᠯ ᠳᠤ | ᠨᠡᠶᠢᠴᠡᠭᠰᠡᠨ ᠬᠥᠳᠡᠯᠮᠦᠷᠢ ᠶᠢᠨ ᠠᠶᠤᠯ ᠦᠭᠡᠢ ᠪᠠᠶᠢᠬᠤ ᠪᠠ ᠡᠷᠡᠭᠦᠯ ᠬᠠᠮᠠᠭᠠᠯᠠᠯ ᠤᠨ ᠠᠵᠢᠯ ᠤᠨ ᠣᠷᠴᠢᠨ ᠲᠣᠭᠤᠷᠢᠨ | ᠪᠤᠯᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠨᠭ᠍ᠭᠠᠵᠤ᠂ ᠠᠵᠢᠯ ᠲᠦᠷᠦᠯ ᠤᠨ ᠬᠤᠣᠷ ᠬᠦᠨᠦᠭᠡᠯ ᠲᠠᠢ | ᠠᠵᠢᠯ ᠤᠨ ᠪᠠᠶᠢᠷᠢᠨ ᠳᠠᠬᠢ ᠠᠵᠢᠯᠲᠠᠨ ᠠᠵᠢᠯᠴᠢᠨ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ | ᠶᠣᠰᠣᠭᠠᠷ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ᠂ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ | ᠳᠠᠬᠢ ᠪᠤᠯᠤᠨ ᠠᠵᠢᠯ ᠤᠨ ᠪᠠᠶᠢᠷᠢᠨ ᠠᠴᠠ ᠪᠠᠨ ᠰᠠᠯᠬᠤ ᠦᠶ᠎ᠡ ᠶᠢᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠪᠠᠶᠢᠴᠠᠭᠠᠯᠲᠠ ᠬᠢᠵᠤ ᠦᠭᠬᠦ ᠬᠡᠷᠡᠭᠲᠡᠶ᠃ ᠡᠮᠡᠭᠲᠡᠶ ᠠᠵᠢᠯᠳᠡᠠ ᠠᠵᠢᠯᠴᠢᠨ ᠪᠤᠯᠤᠨ ᠨᠠᠰᠤᠨ ᠳᠤ ᠬᠦᠷᠦᠭᠡᠳᠦᠢ | ᠠᠵᠢᠯᠴᠢᠨ ᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠠᠢ᠃ ᠡᠭᠦᠨ ᠤ ᠬᠠᠮᠲᠤ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠬᠠᠤᠯᠢ ᠶᠣᠰᠣᠭᠠᠷ ᠠᠵᠢᠯᠲᠠᠨ ᠠᠵᠢᠯᠴᠢᠨ ᠤ ᠡᠯ᠎ᠡ ᠵᠦᠢᠯ ᠤᠨ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠲᠤᠰᠢᠶᠠᠵᠤ᠂ ᠨᠥᠬᠦᠴᠡᠯ ᠲᠠᠢ ᠠᠵᠤ ᠠᠬᠤᠶᠢᠯᠠᠯ ᠢ ᠵᠤᠷᠢᠭᠵᠢᠭᠤᠯᠤᠨ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠳᠤ | ᠨᠥᠬᠦᠪᠥᠷᠢ ᠳᠠᠭᠠᠳᠬᠠᠯ ᠪᠠᠶᠢᠭᠤᠯᠵᠤ ᠦᠭᠭᠦᠨ᠎ᠡ᠃ ᠠᠵᠢᠯᠳᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ | ᠡᠭᠦᠷᠭᠡ ᠪᠠᠨ ᠤᠬᠠᠮᠰᠠᠷ ᠠᠴᠠ ᠪᠠᠨ ᠬᠦᠢᠴᠡᠳᠭᠡᠵᠤ᠂ ᠨᠡᠶᠢᠭᠡᠮ ᠤᠨ ᠳᠠᠭᠠᠳᠬᠠᠯ ᠳᠤ ᠢᠳᠡᠪᠬᠢᠲᠡᠶ ᠣᠷᠣᠯᠴᠠᠬᠤ ᠶᠢ | ᠬᠥᠲᠥᠯᠥᠨ ᠵᠢᠯᠤᠭᠤᠳᠬᠤ ᠭᠡᠷᠡᠭᠲᠠᠢ᠃ ᠲᠡᠷᠡᠴᠢᠯᠡᠨ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠥᠷᠢᠮ ᠢ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠵᠠᠷᠤᠳᠠᠯ ᠢ ᠲᠤᠭ᠎ᠠ ᠶᠤᠰᠤᠭᠠᠷ ᠭᠠᠷᠭᠠᠵᠤ | ᠠᠪᠬᠤ ᠶᠢ ᠲᠦᠯᠬᠢᠨ ᠠᠬᠢᠭᠤᠯᠬᠤ ᠬᠡᠷᠡᠭᠲᠠᠢ᠂ ᠡᠭᠦᠨ ᠳᠤ ᠰᠤᠷᠭᠠᠨ ᠬᠥᠮᠦᠵᠢᠯ ᠤᠨ ᠡᠮᠦᠨ᠎ᠡ ᠹᠷᠣᠨᠲ ᠤᠨ ᠠᠵᠢᠯᠳᠡᠨ | ᠠᠵᠢᠯᠴᠢᠨ ᠳᠤ ᠬᠡᠷᠡᠭᠯᠡᠬᠦ ᠬᠠᠷᠢᠴᠠᠯ ᠢ 60% ᠠᠴᠠ ᠳᠡᠭᠡᠭᠦᠷ ᠪᠠᠶᠢᠯᠭᠠᠵᠤ᠂ ᠠᠵᠢᠯᠳᠠᠨ ᠠᠵᠢᠯᠴᠢᠨ ᠤ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠤᠯᠤᠨ ᠦᠷᠭᠦᠯᠵᠢᠯᠡᠬᠦ ᠰᠤᠷᠭᠠᠨ ᠬᠥᠮᠦᠵᠢᠯ ᠳᠤ ᠤᠷᠤᠯᠴᠠᠬᠤ ᠶᠢ | ᠵᠣᠷᠢᠭᠵᠢᠭᠤᠯᠵᠤ᠂ ᠠᠵᠢᠯᠳᠠᠨ ᠠᠵᠢᠯᠴᠢᠳ ᠤᠨ ᠰᠣᠶᠣᠯ ᠮᠡᠳᠡᠯᠭᠡ ᠶᠢᠨ ᠬᠢᠷᠢ ᠬᠡᠮᠵᠢᠶ᠎ᠡ ᠪᠤᠯᠤᠨ ᠮᠡᠷᠭᠡᠵᠢᠯ ᠤᠨ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠪᠡ᠃ | | ᠠᠵᠢᠯᠲᠠᠨ ᠠᠵᠢᠯᠴᠢᠨ ᠤ ᠡᠯᠧᠺᠲᠷᠣᠨ ᠳᠠᠩᠰᠠ ᠡᠪᠬᠡᠮᠡᠯ ᠢ ᠠᠯᠬᠤᠮ ᠠᠯᠬᠤᠮ ᠢᠶᠠᠷ ᠪᠠᠶᠢᠭᠤᠯᠤᠨ᠎ᠠ | ︽ᠬᠡᠷᠡᠭᠵᠢᠬᠦᠯᠬᠦ ᠰᠠᠨᠠᠯ︾ ᠳᠤ ᠱᠠᠭᠠᠷᠳᠠᠭᠰᠠᠨ ᠨᠢ᠂ ᠬᠥᠳᠡᠯᠮᠦᠷᠢ ᠶᠢᠨ ᠭᠡᠷ᠎ᠡ ᠶᠢᠨ ᠬᠠᠤᠯᠢ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠬᠥᠳᠡᠯᠮᠦᠷᠢ ᠶᠢᠨ ᠭᠡᠷ᠎ᠡ ᠶᠢᠨ ᠳᠦᠷᠢᠮ ᠤᠨ ᠬᠡᠷᠡᠭᠵᠢᠬᠦᠯᠦᠯᠲᠡ ᠶᠢ ᠬᠢᠨᠠᠬᠤ᠂ ᠵᠢᠯᠣᠭᠤᠳᠬᠤ ᠪᠠ ᠦᠢᠯᠡᠴᠢᠯᠡᠬᠦ ᠶᠢ | ᠴᠢᠩᠭᠠᠳᠬᠠᠵᠤ᠂ ᠠᠵᠢᠯᠴᠢᠨ ᠬᠡᠷᠡᠭᠯᠡᠬᠦ ᠤᠯᠠᠷᠢᠯ ᠤᠨ ᠴᠢᠨᠠᠷ ᠢᠶᠠᠷ ᠴᠢᠩᠭ᠎ᠠ᠂ ᠠᠵᠢᠯᠳᠠᠨ ᠠᠵᠢᠯᠴᠢᠨ ᠤ ᠰᠢᠯᠵᠢᠬᠦ | ᠴᠢᠨᠠᠷ ᠢᠶᠠᠷ ᠶᠡᠭᠡ ᠠᠵᠢᠯ ᠲᠦᠷᠦᠯ ᠳᠤ ᠬᠥᠳᠡᠯᠮᠦᠷᠢ ᠶᠢᠨ ᠲᠥᠬᠦᠮ ᠭᠡᠷ᠎ᠡ ᠶᠢᠨ ᠵᠢᠷᠤᠮᠵᠢᠭᠤᠨ ᠳᠡᠪᠲᠡᠷ ᠢ | ᠬᠡᠷᠡᠭᠵᠢᠬᠦᠯᠵᠤ᠂ ᠬᠥᠳᠡᠯᠮᠦᠷᠢ ᠶᠢᠨ ᠭᠡᠷ᠎ᠡ ᠲᠣᠭᠲᠠᠭᠠᠬᠤ᠂ ᠭᠦᠢᠴᠡᠳᠬᠡᠬᠦ᠂ ᠬᠤᠪᠢᠷᠠᠭᠤᠯᠬᠤ᠂ ᠬᠦᠴᠦᠨ ᠦᠭᠡᠶ | ᠪᠣᠯᠭᠠᠬᠤ᠂ ᠡᠴᠦᠰᠯᠡᠭᠦᠯᠬᠦ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠥᠳᠡᠯᠮᠦᠷᠢ ᠶᠢᠨ | ᠭᠡᠷ᠎ᠡ ᠲᠤᠭᠲᠠᠭᠠᠬᠤ ᠨᠤᠷᠮ᠎ᠠ ᠪᠤᠯᠤᠨ ᠭᠦᠢᠴᠡᠳᠬᠡᠬᠦ ᠶᠠᠰᠤ ᠴᠢᠨᠠᠷ ᠢ ᠦᠨᠡᠨ ᠬᠦ ᠳᠡᠭᠡᠭᠰᠢᠯᠡᠬᠦᠯᠬᠦ ᠬᠡᠷᠡᠭᠲᠠᠢ ᠭᠡᠪᠡ᠃ | ︽ᠰᠠᠨᠠᠯ︾ ᠳᠤ ᠲᠤᠲᠤᠷᠬᠠᠶᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠬᠦᠴᠦ ᠬᠡᠷᠡᠭᠯᠡᠬᠦ ᠶᠢ | ᠳᠠᠩᠰᠠᠯᠠᠬᠤ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ ᠬᠦᠴᠦ ᠬᠡᠷᠡᠭᠯᠡᠬᠦ ᠮᠡᠳᠡᠭᠡ | ᠵᠠᠩᠭᠢ ᠶᠢ ᠰᠦᠯᠵᠢᠶᠡᠨ ᠳᠡᠭᠡᠷ᠎ᠡ ᠳᠠᠩᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠯᠮᠦᠷᠢ ᠬᠦᠴᠦ | ᠬᠡᠷᠡᠭᠯᠡᠬᠦ ᠳᠠᠩᠰᠠᠯᠠᠯᠲᠠ ᠶᠢᠨ ᠠᠵᠢᠯ ᠢ ᠪᠤᠰᠤᠳ ᠬᠥᠳᠡᠯᠮᠦᠷᠢ ᠶᠢᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ | ᠰᠠᠭᠤᠷᠢ ᠪᠣᠯᠤᠨ ᠦᠨᠳᠦᠰᠦᠯᠡᠯ ᠪᠤᠯᠭᠠᠨ᠂ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠥᠳᠡᠯᠮᠦᠷᠢ ᠬᠦᠴᠦ ᠬᠡᠷᠡᠭᠯᠡᠬᠦ ᠶᠢ ᠳᠠᠩᠰᠠᠯᠠᠬᠤ᠂ ᠠᠵᠢᠯ ᠣᠯᠭᠤᠯᠲᠠ | ᠪᠠ ᠠᠵᠢᠯ ᠠᠯᠳᠠᠯᠲᠠ ᠶᠢ ᠳᠠᠩᠰᠠᠯᠠᠬᠤ᠂ ᠨᠡᠶᠢᠭᠡᠮ ᠤᠨ ᠳᠠᠭᠠᠳᠬᠠᠯ ᠤᠨ ᠲᠠᠩᠰᠠᠯᠠᠯᠳᠡ ᠪᠠ ᠬᠥᠳᠡᠯᠮᠦᠷᠢ ᠶᠢᠨ | ᠪᠠᠲᠤᠯᠠᠭ᠎ᠠ ᠶᠢ ᠬᠢᠨᠠᠨ ᠪᠠᠶᠢᠴᠠᠭᠠᠵᠤ ᠬᠤᠯᠪᠣᠭᠠᠯᠠᠨ ᠬᠦᠢᠲᠠᠯᠣᠯᠴᠠᠵᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠠᠢ᠃ | ᠬᠥᠳᠡᠯᠮᠦᠷᠢ ᠬᠦᠴᠦ ᠬᠡᠷᠡᠭᠯᠡᠬᠦ ᠲᠤᠭ᠎ᠠ ᠪᠠᠷᠢᠮᠲᠠ ᠶᠢᠨ ᠬᠠᠷᠢᠴᠠᠭᠤᠯᠤᠯ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠠᠵᠢᠯᠲᠠᠨ ᠠᠵᠢᠯᠴᠢᠨ ᠤ ᠡᠯᠧᠺᠲᠷᠤᠨ ᠲᠠᠩᠰᠠ ᠡᠪᠬᠡᠮᠡᠯ ᠢ ᠠᠯᠬᠤᠮ ᠠᠯᠬᠤᠮ ᠢᠶᠠᠷ | ᠪᠠᠶᠢᠭᠤᠯᠵᠤ᠂ ᠬᠥᠳᠡᠯᠮᠦᠷᠢ ᠬᠦᠴᠦ᠂ ᠨᠡᠶᠢᠭᠡᠮ ᠤᠨ ᠳᠠᠭᠠᠳᠬᠠᠯ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ | ᠴᠢᠳᠠᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠳᠡᠯᠮᠦᠷᠢ ᠬᠦᠴᠦ ᠬᠡᠷᠡᠭᠯᠡᠬᠦ ᠬᠥᠳᠡᠯᠦᠩᠭᠦᠶ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠪᠡ᠃ | | ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠳᠦᠷᠢᠮ ᠢ | ᠲᠡᠭᠦᠯᠳᠡᠷᠵᠢᠬᠦᠯᠦᠨ᠎ᠡ | ︽ᠬᠡᠷᠡᠭᠵᠢᠬᠦᠯᠬᠦ ᠰᠠᠨᠠᠯ︾ ᠳᠤ ᠲᠤᠲᠤᠷᠬᠠᠶᠢᠯᠠᠭᠰᠠᠨ ᠨᠢ᠂ ᠤᠷᠢᠳᠴᠢᠯᠠᠨ ᠰᠡᠷᠭᠡᠶᠢᠯᠡᠬᠦ ᠪᠠᠷ ᠭᠤᠣᠯ | ᠪᠣᠯᠭᠠᠬᠤ᠂ ᠦᠨᠳᠦᠰᠦᠨ ᠱᠠᠲᠤ ᠪᠠᠷ ᠭᠤᠣᠯ ᠪᠣᠯᠭᠠᠵᠤ᠂ ᠡᠶᠡᠳᠡᠭᠦᠯᠬᠦ ᠪᠠᠷ ᠭᠤᠣᠯ ᠪᠣᠯᠭᠠᠬᠤ ᠠᠵᠢᠯ ᠤᠨ | ᠴᠢᠭᠯᠡᠯᠲᠡ ᠶᠢ ᠪᠠᠷᠢᠮᠲᠠᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠢᠶᠠᠷ ᠤᠳᠤᠷᠢᠳᠤᠮᠵᠢ ᠪᠤᠯᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠯᠤᠨ ᠨᠢᠭᠡᠴᠡ | ᠨᠦᠭᠦᠳ ᠬᠠᠮᠲᠤᠷᠠᠨ ᠤᠷᠤᠯᠴᠠᠭᠰᠠᠨ ᠲᠤᠰᠬᠠᠶ ᠮᠡᠷᠭᠡᠵᠢᠯ ᠤᠨ ᠴᠢᠨᠠᠷᠲᠠᠶ ᠬᠥᠳᠡᠯᠮᠦᠷᠢ ᠶᠢᠨ ᠮᠠᠷᠭᠤᠯᠳᠤᠭᠠᠨ ᠢ | ᠡᠶᠡᠳᠡᠭᠦᠯᠬᠦ ᠲᠣᠭᠲᠠᠴᠠ ᠶᠢ ᠪᠠᠶᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠳ ᠲᠤᠲᠤᠷ ᠵᠠᠭᠤᠷ᠎ᠠ ᠶᠢᠨ | ᠬᠥᠳᠡᠯᠮᠦᠷᠢ ᠶᠢᠨ ᠮᠠᠷᠭᠤᠯᠳᠤᠭᠠᠨ ᠢ ᠵᠦᠪᠳᠡᠯᠴᠡᠨ ᠡᠶᠡᠳᠡᠭᠦᠯᠬᠦ ᠲᠣᠭᠲᠠᠴᠠ ᠶᠢ ᠨᠡᠶᠢᠳᠡᠮ ᠪᠠᠶᠢᠭᠤᠯᠬᠤ᠂ ᠲᠤᠮᠤ | ᠳᠤᠮᠳᠠ ᠬᠡᠯᠪᠡᠷᠢ ᠶᠢᠨ ᠠᠵᠤ ᠠᠬᠤᠶᠢᠯᠠᠯ ᠤᠳ ᠡᠶᠡᠳᠡᠭᠦᠯᠭᠡ ᠶᠢᠨ ᠺᠣᠮᠢᠰ ᠢ ᠨᠡᠶᠢᠳᠡᠮ ᠪᠠᠶᠢᠭᠤᠯᠬᠤ ᠶᠢ ᠲᠦᠯᠬᠢᠨ | ᠠᠬᠢᠭᠤᠯᠬᠤ ᠬᠡᠷᠡᠭᠲᠡᠶ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠠᠵᠢᠯᠴᠢᠨ ᠤ ᠡᠪᠯᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠡᠶᠡᠳᠡᠭᠦᠯᠦᠨ ᠬᠥᠨᠳᠡᠯᠡᠨ ᠠᠴᠠ | ᠲᠠᠰᠤᠯᠬᠤ ᠠᠵᠢᠯ ᠢ ᠢᠳᠡᠪᠬᠢᠲᠡᠶ ᠬᠠᠮᠵᠢᠨ᠂ ᠨᠥᠬᠦᠴᠡᠯ ᠳᠤ ᠨᠡᠶᠢᠴᠡᠭᠰᠡᠨ ᠠᠵᠢᠯᠲᠠᠨ ᠠᠵᠢᠯᠴᠢᠨ ᠳᠤ ᠬᠠᠤᠯᠢ | ᠶᠣᠰᠣᠭᠠᠷ ᠴᠠᠭ ᠲᠤᠬᠠᠶ ᠳᠤᠨᠢ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠵᠤ᠂ ᠲᠤᠬᠠᠶ ᠶᠢᠨ ᠬᠥᠮᠦᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ | ᠭᠤᠷᠪᠠᠨ ᠲᠠᠯ᠎ᠠ ᠶᠢᠨ ᠲᠣᠭᠲᠠᠴᠠ ᠳᠤ ᠲᠦᠰᠢᠭᠯᠡᠨ ᠬᠠᠮᠲᠤ ᠶᠢᠨ ᠵᠥᠪᠳᠡᠯᠴᠡᠭᠡᠨ ᠤ ᠮᠠᠷᠭᠤᠯᠳᠤᠭᠠᠨ ᠢ ᠵᠣᠬᠢᠴᠠᠭᠤᠯᠤᠨ | ᠰᠢᠢᠳᠪᠦᠷᠢᠯᠡᠬᠦ ᠠᠷᠭ᠎ᠠ ᠶᠢ ᠲᠡᠭᠦᠯᠳᠡᠷᠵᠢᠭᠦᠯᠵᠦ᠂ ᠬᠠᠮᠲᠤ ᠶᠢᠨ ᠭᠡᠷ᠎ᠡ ᠲᠣᠭᠲᠠᠭᠠᠭᠰᠠᠨ ᠠᠴᠠ ᠪᠤᠯᠵᠤ ᠮᠠᠷᠭᠤᠯᠳᠤᠭᠠᠨ | ᠭᠠᠷᠬᠤ ᠪᠠ ᠬᠠᠮᠲᠤ ᠪᠠᠷ ᠠᠵᠢᠯ ᠵᠣᠭᠰᠣᠬᠤ ᠬᠡᠷᠡᠭ ᠡᠭᠦᠰᠬᠦ ᠶᠢ ᠪᠦᠲᠦᠮᠵᠢᠲᠡᠶ ᠪᠠᠷ ᠡᠶᠡᠳᠡᠭᠦᠯᠦᠨ ᠰᠢᠢᠳᠪᠦᠷᠢᠯᠡᠬᠦ | ᠬᠡᠷᠡᠭᠲᠠᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠲᠤᠲᠤᠷᠬᠠᠶᠢᠯᠠᠭᠰᠠᠨ ᠨᠢ᠂ ᠨᠠᠮ ᠤᠨ ᠬᠤᠷᠢᠶ᠎ᠠ᠂ | ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠤᠯᠤᠨ ᠠᠵᠢᠯᠴᠢᠨ ᠤ ᠡᠪᠯᠡᠯ᠂ ᠠᠵᠤ ᠠᠬᠤᠶᠢᠯᠠᠯ ᠤᠨ ᠲᠥᠯᠥᠭᠡᠯᠡᠭᠴᠢ ᠶᠢᠨ ᠵᠣᠬᠢᠶᠠᠨ | ᠪᠠᠶᠢᠭᠤᠯᠤᠯᠲᠠ ᠬᠠᠮᠲᠤᠷᠠᠨ ᠤᠷᠤᠯᠴᠠᠭᠰᠠᠨ ᠬᠠᠮᠲᠤᠯᠢᠭ ᠴᠢᠨᠠᠷᠲᠠᠶ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠲᠤᠷᠠᠨ ᠬᠥᠳᠡᠯᠦᠯᠴᠡᠬᠦ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠲᠦᠷᠭᠡᠨ ᠬᠠᠷᠢᠭᠤ ᠮᠡᠳᠡᠬᠦᠯᠬᠦ ᠪᠠ | ᠰᠢᠢᠳᠪᠦᠷᠢᠯᠡᠬᠦ ᠠᠵᠢᠯ ᠤᠨ ᠨᠡᠶᠢᠯᠡᠯ ᠬᠦᠴᠦᠨ ᠢ ᠪᠤᠢ ᠪᠤᠯᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠠᠮᠲᠤᠯᠢᠭ ᠴᠢᠨᠠᠷᠲᠠᠶ ᠬᠡᠷᠡᠭ ᠢ ᠴᠠᠭ ᠲᠤᠬᠠᠶ ᠳᠤᠨᠢ | ᠲᠣᠬᠢᠲᠠᠶ ᠰᠢᠢᠳᠪᠦᠷᠢᠯᠡᠬᠦ ᠬᠡᠷᠡᠭᠲᠠᠢ ᠭᠡᠪᠡ᠃ |