ᠤᠶᠢᠷ᠎ᠠ ᠶᠢᠨ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ︽ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠦᠪᠦᠷ ᠮᠣᠩᠭᠤᠯ ᠤᠨ ᠦᠪᠡᠷᠲᠡᠭᠡᠨ | ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ︾ ︵ᠳᠣᠷᠤᠭᠰᠢ ︽ᠬᠡᠷᠡᠭᠵᠢᠭᠦᠯᠬᠦ ᠰᠠᠨᠠᠯ︾ ᠭᠡᠵᠦ | ᠲᠣᠪᠴᠢᠯᠠᠨ᠎ᠠ︶ ᠢ ᠨᠡᠶᠢᠲᠡᠯᠡᠪᠡ᠃ ᠤᠶᠢᠯᠭᠠᠭᠰᠠᠨ ᠢᠶᠠᠷ᠂ ᠦᠪᠦᠷ ᠮᠣᠩᠭᠤᠯ ᠬᠤᠶᠢᠰᠢᠳᠠ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠶᠡᠭᠡ ᠬᠦᠷᠢᠶ᠎ᠡ ᠬᠡᠪᠴᠢᠶ᠎ᠡ ᠶᠢ ᠪᠦᠷᠬᠦᠭᠰᠡᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠳᠠᠶᠠᠭᠠᠷ ᠲᠤ ᠢᠲᠡᠭᠡᠯ ᠲᠠᠢ ᠶᠠᠪᠤᠪᠠᠯ ᠠᠯᠳᠠᠷ | ᠲᠠᠢ᠂ ᠢᠲᠡᠭᠡᠯ ᠢᠶᠠᠨ ᠠᠯᠳᠠᠪᠠᠯ ᠢᠴᠢᠭᠦᠷᠢᠲᠡᠢ ᠪᠠᠶᠢᠬᠤ ᠬᠡᠪ ᠪᠠᠶᠢᠳᠠᠯ ᠢ ᠪᠣᠢ ᠪᠣᠯᠭᠠᠨ᠎ᠠ᠃ ᠡᠭᠦᠨ ᠠᠴᠠ ᠬᠤᠶᠢᠰᠢ | ᠦᠪᠡᠷᠲᠡᠭᠡᠨ ᠵᠠᠰᠠᠬᠤ ᠤᠷᠤᠨ ᠠᠴᠠ ᠭᠤᠣᠯᠳᠠᠯᠭᠠᠲᠤ ᠠᠵᠢᠯ ᠲᠦᠷᠦᠯ ᠤᠨ ᠬᠦᠷᠢᠶ᠎ᠡ ᠬᠡᠪᠴᠢᠶᠡᠨ ᠤ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠳᠤ ᠭᠠᠵᠠᠷ ᠤᠷᠤᠨ ᠠᠯᠤᠰᠯᠠᠨ᠂ ᠰᠠᠯᠠᠭ᠎ᠠ ᠮᠦᠴᠢᠷ ᠠᠯᠤᠰᠯᠠᠨ ᠬᠤᠯᠪᠣᠭᠠᠯᠠᠨ | ᠵᠠᠯᠬᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠢᠲᠡᠭᠡᠯ ᠢᠶᠠᠨ ᠠᠯᠳᠠᠭᠰᠠᠳ ᠢ ᠨᠢᠭᠡᠨ ᠶᠠᠪᠤᠳᠠᠯ ᠳᠤ ᠢᠲᠡᠭᠡᠯ | ᠠᠯᠳᠠᠪᠠᠯ ᠶᠠᠪᠤᠳᠠᠯ ᠪᠣᠯᠭᠠᠨ ᠳᠤ ᠬᠢᠵᠠᠭᠠᠷᠯᠠᠭᠳᠠᠬᠤ ᠪᠣᠯᠭᠠᠨ᠎ᠠ᠃ ︽ᠬᠡᠷᠡᠭᠵᠢᠭᠦᠯᠬᠦ ᠰᠠᠨᠠᠯ︾ ᠶᠣᠰᠤᠭᠠᠷ᠂ 2020 | ᠣᠨ ᠪᠣᠯᠲᠠᠯ᠎ᠠ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠢᠷᠢ ᠲᠥᠪᠰᠢᠨ | ᠲᠠᠢ ᠲᠣᠬᠢᠷᠠᠯᠴᠠᠬᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ | ᠨᠡᠶᠢᠭᠡᠮ ᠤᠨ ᠢᠲᠡᠭᠡᠮᠵᠢ ᠶᠢᠨ ᠦᠨᠳᠦᠰᠦᠨ ᠬᠠᠣᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶᠠᠲᠤ ᠰᠢᠰᠲ᠋ᠧᠮᠵᠢ | ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠳᠠᠶᠠᠭᠠᠷ ᠢ ᠪᠦᠷᠬᠦᠭᠰᠡᠨ ᠢᠲᠡᠭᠡᠮᠵᠢ ᠶᠢᠨ ᠮᠡᠳᠡᠭᠡ ᠵᠠᠩᠭᠢ ᠶᠢᠨ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠂ ᠢᠲᠡᠭᠡᠮᠵᠢ ᠶᠢᠨ ᠮᠡᠳᠡᠭᠡ ᠵᠠᠩᠬᠢ ᠶᠢ ᠬᠠᠮᠲᠤ ᠪᠠᠷ ᠡᠳ᠋ᠯᠡᠬᠦ ᠪᠠ | ᠬᠡᠷᠡᠭᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠢᠲᠡᠭᠡᠯ ᠢᠶᠠᠨ ᠰᠠᠬᠢᠭᠰᠠᠨ ᠢ ᠤᠷᠠᠮᠰᠢᠭᠤᠯᠬᠤ ᠪᠠ | ᠢᠲᠡᠭᠡᠯ ᠢᠶᠠᠨ ᠠᠯᠳᠠᠭᠰᠠᠨ ᠢ ᠵᠠᠯᠬᠠᠭᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠡᠷᠡᠭᠦᠯ ᠢᠶᠠᠷ ᠬᠦᠭᠵᠢᠭᠦᠯᠵᠦ᠂ | ᠭᠤᠣᠯᠳᠠᠯᠭᠠᠲᠤ ᠠᠵᠢᠯ ᠲᠦᠷᠦᠯ ᠪᠣᠯᠤᠨ ᠬᠦᠷᠢᠶ᠎ᠡ ᠬᠡᠪᠴᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢ | ᠮᠡᠳᠡᠭᠳᠡᠬᠦ᠋ᠢᠴᠡ ᠠᠬᠢᠴᠠ ᠲᠠᠢ ᠪᠣᠯᠭᠠᠵᠤ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠯ ᠤᠨ ᠦᠵᠡᠯ ᠤᠬᠠᠮᠰᠠᠷ ᠢ | ᠨᠡᠶᠢᠳᠡᠮ ᠳᠡᠭᠡᠨ ᠨᠡᠮᠡᠭᠳᠡᠭᠦᠯᠵᠦ᠂ ᠠᠵᠤ ᠠᠬᠤᠢ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ | ᠮᠡᠳᠡᠭᠳᠡᠬᠦ᠋ᠢᠴᠡ ᠰᠠᠶᠢᠵᠢᠷᠠᠭᠤᠯᠤᠨ᠎ᠠ᠃ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠯ ᠤᠨ ᠪᠠᠶᠢᠭᠤᠯᠤᠯᠲᠠ ᠳᠤ ᠵᠠᠰᠠᠭ ᠤᠨ ᠤᠷᠳᠤᠨ ᠤ ᠡᠷᠬᠡ ᠶᠢᠨ | ᠨᠠᠷᠢᠨ ᠳᠠᠩᠰᠠᠨ ᠤ ᠳᠦᠷᠢᠮ ᠢ ᠢᠳᠡᠪᠬᠢᠲᠡᠢ ᠳᠡᠯᠭᠡᠷᠡᠭᠦᠯᠪᠡ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠯ ᠢ ᠳᠡᠯᠭᠡᠷᠡᠭᠦᠯᠬᠦ ᠲᠠᠯ᠎ᠠ ᠪᠠᠷ᠂ ᠦᠪᠡᠷᠲᠡᠭᠡᠨ ᠵᠠᠰᠠᠬᠤ | ᠤᠷᠤᠨ ᠠᠴᠠ ᠵᠠᠰᠠᠭ ᠤᠨ ᠤᠷᠳᠤᠨ ᠤ ᠡᠷᠬᠡ ᠶᠢᠨ ᠨᠠᠷᠢᠨ ᠳᠠᠩᠰᠠ ᠶᠢᠨ ᠳᠦᠷᠢᠮ ᠢ ᠢᠳᠡᠪᠬᠢᠲᠡᠢ ᠳᠡᠯᠭᠡᠷᠡᠭᠦᠯᠵᠤ᠂ | ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠰᠢᠢᠳᠪᠦᠷᠢᠲᠤ ᠪᠣᠳᠤᠯᠭ᠎ᠠ᠂ ᠬᠡᠷᠡᠭᠵᠢᠭᠦᠯᠦᠯᠲᠡ᠂ ᠬᠢᠨᠠᠯᠲᠠ ᠲᠠᠯᠪᠢᠯᠲᠠ | ᠪᠠ ᠦᠢᠯᠡᠴᠢᠯᠡᠭᠡ ᠶᠢᠨ ᠪᠦᠬᠦ ᠶᠠᠪᠤᠴᠠ ᠳᠤ ᠲᠤᠤᠱᠠᠯᠠᠭᠤᠯᠬᠤ ᠬᠡᠷᠡᠭᠲᠡᠢ᠃ ᠴᠢᠬᠤᠯᠠ ᠶᠡᠭᠡ ᠰᠢᠢᠳᠪᠦᠷᠢᠲᠦ | ᠪᠣᠳᠤᠯᠭ᠎ᠠ ᠶᠢᠨ ᠵᠦᠢᠯᠡᠰ ᠲᠤ ᠢᠯᠡ ᠵᠠᠷᠯᠠᠬᠤ ᠪᠠ ᠭᠡᠷᠡᠴᠢᠯᠡᠭᠡ ᠰᠣᠨᠣᠰᠬᠤ ᠳᠦᠷᠢᠮ ᠢ ᠦᠷᠭᠡᠨ ᠢᠶᠠᠷ ᠳᠡᠯᠭᠡᠷᠡᠭᠦᠯᠵᠦ᠂ | ᠡᠷᠬᠡ ᠶᠢᠨ ᠠᠵᠢᠯᠯᠠᠭᠠᠨ ᠳᠠᠬᠢ ᠨᠡᠶᠢᠭᠡᠮ ᠤᠨ ᠬᠢᠨᠠᠯᠲᠠ ᠲᠠᠯᠪᠢᠬᠤ ᠪᠠ ᠬᠢᠵᠠᠭᠠᠷᠯᠠᠯ ᠢ ᠴᠢᠩᠭᠠᠷᠠᠭᠤᠯᠬᠤ ᠬᠡᠷᠡᠭᠲᠡᠢ᠃ | ᠲᠡᠷᠡᠴᠢᠯᠡᠨ ᠤᠯᠤᠰ ᠤᠨ ᠮᠡᠳᠡᠭᠡ ᠵᠠᠩᠬᠢ ᠶᠢᠨ ᠠᠮᠤᠷ ᠲᠥᠪᠰᠢᠨ᠂ ᠬᠤᠳᠠᠯᠳᠤᠭᠠᠨ ᠤ ᠨᠢᠭᠤᠴᠠ ᠪᠠ ᠬᠤᠪᠢ ᠶᠢᠨ | ᠨᠢᠭᠤᠴᠠ ᠶᠢ ᠬᠠᠮᠠᠭᠠᠯᠠᠬᠤ ᠤᠷᠢᠳᠠᠯ ᠳᠣᠣᠷ᠎ᠠ᠂ ᠢᠯᠡ ᠪᠠᠶᠢᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠤᠰᠤ | ᠪᠠᠶᠢᠯᠭᠠᠬᠤ ᠶᠢ ᠣᠨᠴᠠᠭᠠᠶ ᠪᠠᠶᠢᠳᠠᠯ ᠪᠣᠯᠭᠠᠬᠤ ᠶᠢᠨ ᠵᠠᠷᠴᠢᠮ ᠢ ᠪᠠᠷᠢᠮᠳᠠᠯᠠᠵᠤ᠂ ᠵᠠᠰᠠᠭ ᠤᠨ ᠶᠠᠪᠤᠳᠠᠯ ᠤᠨ ᠮᠡᠳᠡᠭᠡ | ᠵᠠᠩᠬᠢ ᠶᠢ ᠬᠠᠤᠯᠢ ᠶᠣᠰᠤᠭᠠᠷ ᠢᠯᠡ ᠪᠠᠶᠢᠯᠭᠠᠵᠤ᠂ ᠪᠦᠲᠦᠮᠵᠢᠲᠡᠶ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ | ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠲᠣᠳᠤᠷᠬᠠᠢ ᠲᠣᠭᠲᠠᠭᠠᠪᠠ᠃ | ᠦᠪᠡᠷᠲᠡᠭᠡᠨ ᠵᠠᠰᠠᠬᠤ ᠤᠷᠤᠨ ᠠᠴᠠ ᠬᠤᠶᠢᠰᠢᠳᠠ ᠤᠯᠡᠠ ᠵᠠᠭᠤᠴᠢᠯᠠᠭᠤᠷ᠂ ᠮᠡᠳᠡᠭᠡ ᠵᠠᠩᠬᠢ ᠶᠢᠨ ᠮᠡᠷᠭᠡᠵᠢᠯ ᠢ | ᠬᠡᠷᠡᠭᠯᠡᠬᠦ ᠵᠡᠷᠭᠡ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ ᠢᠯᠡ ᠪᠣᠯᠭᠠᠵᠤ᠂ ᠤᠯᠠᠨ ᠲᠦᠮᠡᠨ ᠤ ᠤᠶᠢᠯᠭᠠᠵᠤ | ᠯᠠᠪᠯᠠᠨ ᠠᠰᠠᠭᠤᠬᠤ ᠳᠤ ᠳᠦᠭᠦᠮ ᠦᠵᠡᠭᠦᠯᠦᠨ᠎ᠡ︔ ᠠᠷᠠᠳ ᠣᠯᠠᠨ ᠤ ᠨᠡᠶᠢᠳᠡᠮ ᠰᠡᠳᠭᠢᠯ ᠲᠠᠯᠪᠢᠵᠤ ᠪᠠᠶᠢᠭ᠎ᠠ᠂ | ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ ᠠᠰᠠᠭᠤᠳᠠᠯ ᠢ ᠵᠠᠰᠠᠭ ᠤᠨ ᠶᠠᠪᠤᠳᠠᠯ ᠤᠨ | ᠢᠯᠡ ᠪᠣᠯᠭᠠᠬᠤ ᠭᠤᠣᠯᠳᠠᠯᠭ᠎ᠠ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠬᠤᠭᠤᠴᠠᠭᠠᠲᠤ | ᠦᠢᠯᠡᠳᠦᠯ ᠢ ᠳᠡᠭᠡᠭᠰᠢᠯᠡᠭᠦᠯᠵᠦ᠂ ᠪᠦᠬᠦ ᠲᠠᠯ᠎ᠠ ᠶᠢᠨ᠂ ᠪᠦᠷᠢᠨ ᠲᠡᠭᠦᠯᠳᠡᠷ᠂ ᠵᠥᠪ ᠣᠨᠤᠪᠴᠢᠲᠠᠢ ᠶᠢ ᠪᠡᠶᠡᠯᠡᠭᠦᠯᠬᠦ | ᠬᠡᠷᠡᠭᠲᠡᠢ᠃ ᠬᠦᠭᠵᠢᠭᠦᠯᠦᠯᠲᠡ ᠶᠢᠨ ᠲᠦᠯᠦᠪᠵᠢᠭᠦᠯᠭᠡ ᠪᠠ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠲᠡ ᠳᠠᠬᠢ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠷᠠᠳ | ᠢᠷᠭᠡᠳ ᠲᠤ ᠪᠣᠳᠠᠲᠠᠢ ᠠᠵᠢᠯ ᠬᠢᠬᠦ ᠬᠢᠭᠰᠡᠨ ᠦᠢᠯᠡᠳᠦᠯᠭᠡ ᠶᠢᠨ ᠠᠮᠠᠯᠠᠯᠲᠠ ᠶᠢᠨ ᠪᠠᠶᠢᠳᠠᠯ ᠢᠶᠠᠷ ᠵᠠᠰᠠᠭ ᠤᠨ | ᠤᠷᠳᠤᠨ ᠤ ᠢᠲᠡᠭᠡᠮᠵᠢ ᠶᠢᠨ ᠬᠢᠷᠢ ᠲᠥᠪᠰᠢᠨ ᠢ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠡᠯ᠎ᠡ ᠱᠠᠲᠤᠨ ᠤ | ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠢᠲᠡᠭᠡᠯ ᠢᠶᠠᠨ ᠰᠠᠬᠢᠨ ᠬᠡᠯᠡᠭᠰᠡᠨ ᠳᠡᠭᠡᠨ ᠬᠦᠷᠬᠦ ᠤᠬᠠᠮᠰᠠᠷ ᠪᠠ | ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠯᠪᠠᠲᠠᠨ ᠤ ᠦᠨᠡᠨᠴᠢ ᠢᠲᠡᠭᠡᠯ ᠤᠨ ᠳᠠᠩᠰᠠ ᠡᠪᠬᠡᠮᠡᠯ ᠤᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠣᠯᠢ ᠲᠣᠭᠲᠠᠭᠠᠯ ᠶᠣᠰᠤᠭᠠᠷ ᠠᠯᠪᠠᠲᠠᠨ ᠤ ᠬᠤᠪᠢ ᠬᠦᠮᠦᠨ ᠤ | ᠬᠤᠯᠪᠤᠭᠳᠠᠯ ᠪᠦᠬᠦᠢ ᠵᠦᠢᠯᠡᠰ ᠤᠨ ᠮᠡᠳᠡᠭᠦᠯᠦᠯᠲᠡ᠂ ᠡᠳ᠋ ᠬᠦᠷᠦᠩᠭᠡ ᠶᠢᠨ ᠮᠡᠳᠡᠭᠦᠯᠦᠯᠲᠡ᠂ ᠠᠷᠢᠭᠤᠨ ᠴᠢᠬᠡᠴᠢ ᠪᠠᠷ | ᠵᠠᠰᠠᠭ ᠪᠠᠷᠢᠭᠰᠠᠨ ᠲᠡᠮᠳᠡᠭᠯᠡᠯ᠂ ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ᠂ ᠬᠠᠣᠯᠢ ᠶᠢ ᠵᠥᠷᠢᠴᠡᠵᠦ ᠰᠠᠬᠢᠯᠭ᠎ᠠ | ᠪᠠᠲᠤ ᠶᠢ ᠵᠥᠷᠢᠴᠡᠭᠰᠡᠨ ᠪᠣᠯᠵᠤᠭ᠎ᠠ ᠶᠢ ᠵᠥᠷᠢᠴᠡᠭᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ ᠵᠡᠷᠭᠡ ᠢᠲᠡᠭᠡᠮᠵᠢ ᠶᠢᠨ | ᠮᠡᠳᠡᠭᠡ ᠵᠠᠩᠬᠢ ᠶᠢ ᠳᠠᠩᠰᠠ ᠡᠪᠬᠡᠮᠡᠯ ᠳᠤᠨᠢ ᠣᠷᠤᠭᠤᠯᠵᠤ᠂ ᠺᠠᠳ᠋ᠷᠴᠤᠳ ᠢ ᠬᠢᠨᠠᠨ ᠰᠢᠯᠭᠠᠬᠤ᠂ ᠲᠤᠰᠢᠶᠠᠯ ᠳᠤ | ᠲᠣᠮᠢᠯᠠᠬᠤ ᠪᠠ ᠵᠠᠯᠬᠠᠭᠠᠨ ᠴᠡᠭᠡᠷᠯᠡᠭᠦᠯᠬᠦ ᠶᠢᠨ ᠴᠢᠬᠤᠯᠠ ᠦᠨᠳᠦᠰᠦ ᠪᠠᠷᠢᠮᠳᠠ ᠪᠣᠯᠭᠠᠬᠤ ᠬᠡᠷᠡᠭᠲᠡᠢ ᠭᠡᠵᠦ ᠲᠣᠳᠤᠷᠬᠠᠢ | ᠲᠣᠭᠲᠠᠭᠠᠪᠠ᠃ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠯ ᠤᠨ ᠪᠠᠶᠢᠭᠤᠯᠤᠯᠲᠠ ᠳᠤ ᠠᠵᠤ ᠠᠬᠤᠶᠢᠯᠠᠯ ᠤᠨ | ᠢᠲᠡᠭᠡᠮᠵᠢ ᠶᠢᠨ ᠠᠮᠠᠯᠠᠯᠲᠠ ᠶᠢᠨ ᠳᠥᠷᠢᠮ ᠢ ᠢᠳᠡᠪᠬᠢᠲᠡᠢ ᠳᠡᠯᠭᠡᠷᠡᠭᠦᠯᠪᠠ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠯ ᠢ ᠪᠠᠶᠢᠭᠤᠯᠬᠤ ᠲᠠᠯ᠎ᠠ ᠪᠠᠷ᠂ ᠦᠪᠡᠷᠲᠡᠭᠡᠨ ᠵᠠᠰᠠᠬᠤ | ᠤᠷᠤᠨ ᠠᠴᠠ ᠦᠨᠡᠨᠴᠢ ᠢᠲᠡᠭᠡᠯᠲᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯᠯᠠᠭ᠎ᠠ | ᠦᠷᠨᠢᠭᠦᠯᠵᠦ᠂ ᠦᠨᠡᠨᠴᠢ ᠢᠲᠡᠭᠡᠯᠲᠦ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠤᠬᠠᠭᠤᠯᠤᠯ ᠪᠠ ᠢᠲᠡᠭᠡᠯ ᠢᠶᠠᠨ | ᠠᠯᠳᠠᠭᠰᠠᠨ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠬᠦᠲᠦᠯᠦᠨ | ᠵᠢᠯᠤᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠦᠨᠡᠨᠴᠢ ᠢᠲᠡᠭᠡᠯᠲᠦ ᠤᠬᠠᠮᠰᠠᠷ ᠢ ᠨᠢ | ᠨᠡᠮᠡᠭᠳᠡᠭᠦᠯᠬᠦ ᠬᠡᠷᠡᠭᠲᠡᠢ᠃ ᠠᠵᠢᠯ ᠲᠦᠷᠦᠯ ᠤᠨ ᠨᠡᠶᠢᠭᠡᠮᠯᠢᠭ ︵ᠬᠤᠳᠠᠯᠳᠤᠭᠠᠨ ᠤ ᠡᠪᠯᠡᠯ︶ ᠢ ᠵᠣᠷᠢᠭᠵᠢᠭᠤᠯᠤᠨ | ᠭᠡᠰᠢᠭᠦᠳ ᠤᠨ ᠨᠡᠶᠢᠭᠡᠮᠯᠢᠭ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ ᠢᠲᠡᠭᠡᠮᠵᠢ ᠶᠢᠨ ᠬᠢᠨᠠᠨ | ᠬᠠᠷᠭᠤᠭᠤᠯᠬᠤ ᠲᠦᠷᠢᠮ᠂ ᠢᠲᠡᠭᠡᠮᠵᠢ ᠶᠢᠨ ᠪᠡᠶ᠎ᠡ ᠪᠠᠨ ᠪᠠᠷᠢᠬᠤ ᠬᠠᠮᠢᠶᠠᠷᠤᠯᠲᠠ ᠶᠢᠨ ᠳᠦᠷᠢᠮ᠂ ᠢᠲᠡᠭᠡᠮᠵᠢ ᠶᠢᠨ | ᠦᠨᠡᠯᠡᠯᠲᠡ ᠪᠠ ᠭᠡᠷᠡᠴᠢᠯᠡᠯᠲᠡ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠬᠢ | ᠪᠠ ᠢᠲᠡᠭᠡᠮᠵᠢ ᠶᠢᠨ ᠪᠦᠲᠦᠭᠡᠭᠳᠡᠬᠦᠨ ᠤ ᠬᠡᠷᠡᠭᠯᠡᠯᠲᠡ ᠶᠢ ᠶᠡᠬᠡᠪᠡᠷ ᠳᠡᠯᠭᠡᠷᠡᠭᠦᠯᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤᠮᠳᠠ ᠪᠠᠨ ᠢᠲᠡᠭᠡᠮᠵᠢᠲᠡᠶ ᠪᠠᠶᠢᠬᠤ ᠪᠠ ᠦᠨᠡᠨᠴᠢ ᠢᠲᠡᠭᠡᠮᠵᠢᠲᠡᠶ | ᠪᠠᠷ ᠪᠡᠶ᠎ᠡ ᠪᠠᠨ ᠪᠠᠷᠢᠬᠤ ᠶᠢ ᠬᠦᠲᠦᠯᠦᠨ ᠵᠢᠯᠤᠭᠤᠳᠬᠤ ᠬᠡᠷᠡᠭᠲᠡᠢ᠃ ᠦᠢᠯᠡᠳᠪᠦᠷᠢᠯᠡᠬᠦ ᠪᠣᠯᠪᠠᠰᠤᠷᠠᠭᠤᠯᠬᠤ᠂ | ᠬᠤᠳᠠᠯᠳᠤᠭ᠎ᠠ ᠠᠷᠠᠯᠵᠢᠶᠠᠨ ᠤ ᠭᠦᠢᠯᠭᠡᠭᠡ᠂ ᠢᠳᠡᠭᠡᠨ ᠪᠠ ᠡᠮ ᠤᠨ ᠵᠦᠢᠯ᠂ ᠮᠦᠩᠭᠦᠨ ᠭᠦᠢᠯᠭᠡᠭᠡᠨ᠂ ᠭᠠᠶᠢᠯᠢ ᠶᠢᠨ | ᠶᠠᠪᠤᠳᠠᠯ᠂ ᠦᠨ᠎ᠡ ᠬᠠᠩᠰᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠤᠷᠳᠤᠨ ᠤ ᠬᠤᠳᠠᠯᠳᠤᠨ | ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ᠂ ᠵᠠᠮ ᠲᠡᠭᠡᠭᠡᠪᠦᠷᠢ᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠲᠤᠭ᠎ᠠ ᠪᠦᠷᠢᠳᠬᠡᠯ᠂ ᠵᠠᠭᠤᠴᠢ ᠦᠢᠯᠡᠴᠢᠯᠡᠭᠡ᠂ ᠦᠵᠡᠭᠦᠯᠦᠯᠭᠡ᠂ ᠵᠠᠷ ᠵᠡᠷᠭᠡ | ᠭᠤᠣᠯᠳᠠᠯᠭᠠᠲᠤ ᠬᠦᠷᠢᠶᠡᠨ ᠤ ᠲᠣᠭᠤᠷᠢᠨ ᠳᠤ᠂ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ᠂ | ᠢᠲᠡᠭᠡᠮᠵᠢ ᠶᠢᠨ ᠦᠨᠡᠯᠡᠯᠲᠡ ᠶᠢᠨ ᠳᠦᠷᠢᠮ ᠪᠠ ᠢᠲᠡᠭᠡᠮᠵᠢ ᠶᠢ ᠲᠦᠷᠦᠯ ᠬᠤᠪᠢᠶᠠᠨ ᠬᠢᠨᠠᠨ ᠬᠠᠮᠢᠶᠠᠷᠬᠤ ᠳᠦᠷᠢᠮ ᠢ | ᠢᠳᠡᠪᠬᠢᠲᠡᠢ ᠳᠡᠯᠭᠡᠷᠡᠭᠦᠯᠬᠦ ᠬᠡᠷᠡᠭᠲᠡᠢ ᠭᠡᠵᠦ ᠳᠤᠷᠠᠳᠪᠠ᠃ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠠᠤᠯᠢ ᠠᠴᠠ ᠵᠦᠷᠢᠴᠡᠭᠰᠡᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠬᠤ ᠡᠷᠴᠢᠮ ᠢ ᠴᠢᠩᠭᠠᠷᠠᠭᠤᠯᠪᠠ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠠᠴᠠ ᠡᠮ ᠡᠮᠨᠡᠯᠭᠡ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ᠂ ᠨᠡᠶᠢᠭᠡᠮ ᠤᠨ | ᠪᠠᠲᠤᠯᠠᠭ᠎ᠠ᠂ ᠬᠥᠳᠡᠯᠮᠦᠷᠢ ᠬᠦᠴᠦᠨ ᠬᠡᠷᠡᠭᠯᠡᠬᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ | ᠰᠣᠶᠣᠯ ᠪᠣᠯᠪᠠᠰᠤᠷᠠᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ | ᠣᠷᠴᠢᠨ ᠲᠣᠭᠤᠷᠢᠨ ᠤ ᠬᠠᠮᠠᠭᠠᠯᠠᠯᠲᠠ ᠪᠠ ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ᠂ ᠢᠨᠲ᠋ᠧᠷ | ᠰᠦᠯᠵᠢᠶ᠎ᠡ ᠶᠢᠨ ᠬᠡᠷᠡᠭᠯᠡᠯᠲᠡ ᠵᠢᠴᠢ ᠦᠢᠯᠡᠴᠢᠯᠡᠭᠡ ᠵᠡᠷᠭᠡ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠪᠠᠷ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠶᠢ ᠵᠠᠯᠬᠠᠭᠠᠬᠤ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡ ᠪᠠ ᠬᠠᠮᠢᠶᠠᠷᠤᠭᠳᠠᠬᠤ | ᠡᠲᠡᠭᠡᠳ ᠤᠨ ᠢᠲᠡᠭᠡᠮᠵᠢ ᠶᠢᠨ ᠲᠡᠮᠳᠡᠭᠯᠡᠯ ᠢ ᠪᠦᠷᠢᠨᠰᠢᠭᠦᠯᠵᠦ᠂ ᠨᠡᠶᠢᠭᠡᠮ ᠤᠨ ᠪᠦᠷᠢᠯᠳᠦᠬᠦᠨ ᠢ ᠬᠥᠲᠥᠯᠥᠨ | ᠵᠢᠯᠣᠭᠤᠳᠴᠤ ᠪᠠᠶᠢᠭᠠᠳ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠲᠠᠢ ᠪᠣᠯᠭᠠᠬᠤ ᠬᠡᠷᠡᠭᠲᠡᠶ᠃ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠪᠠᠨ ᠳᠠᠩᠰᠠᠯᠠᠭᠤᠯᠬᠤ ᠶᠢ ᠪᠦᠷᠢᠨᠰᠢᠭᠦᠯᠵᠦ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠪᠠᠨ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠬᠦ | ᠬᠡᠷᠡᠭᠲᠡᠢ᠃ ᠭᠤᠣᠯᠳᠠᠯᠭ᠎ᠠ ᠲᠠᠢ ᠬᠥᠮᠦᠰ ᠤᠨ ᠠᠵᠢᠯ ᠮᠡᠷᠭᠡᠵᠢᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2014 — 2020 ᠣᠨ︶︾ ᠳᠤ | ᠳᠤᠷᠠᠳᠤᠭᠰᠠᠨ 17 ᠲᠦᠷᠦᠯ ᠤᠨ ᠭᠤᠣᠯᠳᠠᠯᠭ᠎ᠠ ᠲᠠᠢ ᠬᠥᠮᠦᠰ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ | ᠪᠠᠶᠢᠭᠤᠯᠤᠨ ᠲᠡᠭᠦᠯᠳᠡᠷᠵᠢᠭᠦᠯᠵᠦ᠂ ᠬᠢᠷᠢ ᠬᠡᠮ ᠬᠢᠷᠢ ᠴᠢᠳᠠᠯ ᠢ ᠰᠢᠯᠭᠠᠨ ᠲᠣᠭᠲᠠᠭᠠᠬᠤ᠂ ᠠᠵᠢᠯ ᠤᠨ ᠪᠠᠶᠢᠷᠢ ᠳᠤ | ᠤᠷᠢᠨ ᠬᠡᠷᠡᠭᠯᠡᠬᠦ ᠵᠡᠷᠭᠡ ᠠᠵᠢᠯ ᠤᠨ ᠵᠠᠩᠭᠢᠯᠠᠭ᠎ᠠ ᠳᠤ ᠢᠲᠡᠭᠡᠮᠵᠢ ᠶᠢᠨ ᠮᠡᠳᠡᠭᠡ ᠵᠠᠩᠭᠢ ᠪᠣᠯᠣᠨ ᠢᠲᠡᠭᠡᠮᠵᠢ ᠶᠢᠨ | ᠪᠦᠲᠦᠭᠡᠭᠳᠡᠬᠦᠨ ᠢ ᠬᠡᠷᠡᠭᠯᠡᠵᠦ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠮᠡᠷᠭᠡᠵᠢᠯ ᠤᠨ | ᠰᠠᠬᠢᠯ ᠪᠠ ᠦᠨᠡᠨᠴᠢ ᠢᠲᠡᠭᠡᠮᠵᠢᠲᠡᠶ ᠠᠵᠢᠯᠯᠠᠭᠠᠨ ᠤ ᠪᠠᠷᠢᠮᠵᠢᠶ᠎ᠠ ᠶᠢ ᠬᠢᠴᠢᠶᠡᠩᠭᠦ᠋ᠢᠯᠡᠨ ᠵᠢᠷᠤᠮᠯᠠᠬᠤ ᠪᠣᠯᠭᠠᠬᠤ ᠬᠡᠷᠡᠭᠲᠡᠢ | ᠭᠡᠵᠦ ᠲᠣᠳᠣᠷᠬᠠᠢ ᠳᠤᠷᠠᠳᠪᠠ᠃ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠳᠤ ᠬᠠᠷᠢᠭᠤᠴᠠᠯᠭ᠎ᠠ ᠶᠢ ᠬᠡᠳᠡᠷᠭᠦ | ᠪᠠᠶᠢᠴᠠᠭᠠᠨ ᠬᠠᠷᠢᠭᠤᠴᠠᠯᠭ᠎ᠠ ᠲᠤᠯᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠪᠡ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ | ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠵᠤ ᠬᠠᠷᠢᠯᠴᠠᠨ | ᠨᠡᠪᠲᠡᠷᠡᠭᠦᠯᠬᠦ ᠶᠢ ᠴᠢᠩᠭᠠᠳᠬᠠᠵᠤ᠂ ᠨᠡᠶᠢᠭᠡᠮ ᠨᠡᠶᠢᠲᠡ᠂ ᠵᠠᠷᠭᠤ ᠶᠢᠨ ᠲᠤᠬᠠᠶ ᠶᠢᠨ ᠬᠥᠮᠦᠨ ᠤ ᠠᠳᠠᠯᠢ ᠪᠤᠰᠤ ᠪᠡᠶᠡᠴᠢ | ᠴᠣᠭᠴᠠ ᠳᠤ ᠴᠢᠭᠯᠡᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠰᠢᠰᠲ᠋ᠧᠮᠵᠢ ᠶᠢ ᠪᠠᠶᠢᠭᠤᠯᠪᠠ᠃ ︽ᠨᠡᠷᠡᠨ ᠭᠡᠷᠡᠯᠲᠦ | ᠬᠠᠤᠯᠢ ᠬᠡᠷᠡᠭᠵᠢᠭᠦᠯᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠨ ᠬᠡᠷᠡᠭ ᠰᠢᠳᠭᠡᠭᠰᠡᠨ | ᠮᠡᠳᠡᠭᠡ ᠵᠠᠩᠭᠢ ᠶᠢ ᠬᠠᠤᠯᠢ ᠶᠣᠰᠣᠭᠠᠷ ᠴᠠᠭ ᠲᠤᠬᠠᠶ ᠳᠤᠨᠢ ᠢᠯᠡ ᠪᠣᠯᠭᠠᠪᠠ᠃ ᠬᠠᠤᠯᠢ ᠬᠡᠷᠡᠭᠵᠢᠭᠦᠯᠬᠦ ᠳᠡᠰ | ᠳᠠᠷᠠᠭᠠᠯᠠᠯ ᠢ ᠴᠢᠩᠭᠠᠷᠠᠭᠤᠯᠵᠤ᠂ ᠬᠡᠷᠡᠭ ᠰᠢᠳᠬᠡᠬᠦ ᠶᠠᠰᠤ ᠴᠢᠨᠠᠷ ᠢ ᠨᠠᠰᠤᠨ ᠲᠤᠷᠰᠢᠳᠠ ᠬᠠᠷᠢᠭᠤᠴᠠᠬᠤ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭ ᠪᠤᠷᠤᠭᠤ ᠰᠢᠳᠬᠡᠬᠦ ᠶᠢ ᠰᠡᠷᠭᠡᠶᠢᠯᠡᠬᠦ᠂ ᠵᠠᠯᠠᠷᠠᠭᠤᠯᠬᠤ ᠪᠠ | ᠬᠠᠷᠢᠭᠤᠴᠠᠯᠭ᠎ᠠ ᠶᠢ ᠬᠡᠳᠡᠷᠭᠦ ᠪᠠᠶᠢᠴᠠᠭᠠᠨ ᠬᠠᠷᠢᠭᠤᠴᠠᠯᠭ᠎ᠠ ᠲᠤᠯᠭᠠᠬᠤ ᠲᠦᠷᠢᠮ ᠢ ᠪᠠᠶᠢᠭᠤᠯᠤᠨ ᠪᠦᠷᠢᠨᠰᠢᠭᠦᠯᠵᠦ᠂ | ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠪᠥᠬᠦ | ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠵᠡᠷᠭᠡ | ᠠᠵᠢᠯᠲᠠᠳ ᠤᠨ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ | ᠭᠠᠵᠢᠭᠤᠳᠠᠭᠤᠯᠬᠤ᠂ ᠠᠵᠢᠯ ᠶᠠᠪᠤᠳᠠᠯ ᠥᠯᠥ ᠬᠢᠬᠦ ᠵᠡᠷᠭᠡ ᠮᠠᠭᠤ ᠲᠡᠮᠳᠡᠭᠯᠡᠯ ᠢ ᠬᠠᠤᠯᠢ ᠲᠣᠭᠲᠠᠭᠠᠯ ᠶᠣᠰᠣᠭᠠᠷ | ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠰᠢᠯᠭᠠᠨ ᠦᠨᠡᠯᠡᠬᠦ ᠪᠠ ᠱᠠᠩᠨᠠᠬᠤ ᠰᠢᠳᠬᠡᠬᠦ ᠶᠢᠨ ᠦᠨᠳᠦᠰᠦ | ᠪᠠᠷᠢᠮᠲᠠ ᠪᠣᠯᠭᠠᠪᠠ᠃ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠳᠠᠨ᠂ ᠬᠠᠤᠯᠢ ᠴᠠᠭᠠᠵᠠ ᠶᠢᠨ ᠳᠤᠰᠠᠯᠠᠭᠴᠢ᠂ ᠬᠠᠤᠯᠢ ᠴᠠᠭᠠᠵᠠ ᠶᠢᠨ ᠰᠢᠯᠭᠠᠨ | ᠲᠣᠭᠲᠠᠭᠠᠭᠴᠢ ᠵᠡᠷᠭᠡ ᠶᠢᠨ ᠦᠨᠡᠨᠴᠢ ᠢᠲᠡᠭᠡᠮᠵᠢ ᠶᠢ ᠵᠢᠷᠤᠮᠵᠢᠭᠤᠯᠤᠨ ᠠᠵᠢᠯ ᠡᠷᠬᠢᠯᠡᠬᠦ ᠶᠢ ᠲᠥᠯᠬᠢᠨ ᠠᠬᠢᠭᠤᠯᠪᠠ᠃ | ᠬᠠᠤᠯᠢ ᠴᠠᠭᠠᠵᠠ ᠶᠢᠨ ᠠᠵᠢᠯ ᠦᠢᠯᠡᠰ ᠢ ᠡᠷᠬᠢᠯᠡᠵᠦ ᠪᠠᠶᠢᠭ᠎ᠠ ᠬᠥᠮᠦᠰ ᠤᠨ ᠢᠲᠡᠭᠡᠮᠵᠢ ᠶᠢᠨ ᠠᠮᠠᠯᠳᠠᠭ᠎ᠠ ᠶᠢᠨ | ᠳᠦᠷᠢᠮ ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠠᠵᠢᠯ ᠡᠷᠬᠢᠯᠡᠬᠦ ᠶᠢ ᠵᠠᠯᠬᠠᠭᠠᠬᠤ ᠳᠦᠷᠢᠮ ᠢ | ᠲᠡᠭᠦᠯᠳᠡᠷᠵᠢᠭᠦᠯᠪᠡ᠃ | ᠠᠵᠢᠯ ᠲᠦᠷᠦᠯ ᠤᠨ ︽ᠨᠡᠷ᠎ᠡ ᠶᠢᠨ ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠪᠡ | ︽ᠬᠡᠷᠡᠭᠵᠢᠭᠦᠯᠬᠦ ᠰᠠᠨᠠᠯ︾ ᠳᠤ᠂ ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢᠨ | ᠰᠢᠰᠲ᠋ᠧᠮᠵᠢ ᠪᠠ ᠲᠣᠭᠲᠠᠴᠠ ᠶᠢ ᠲᠦᠷᠬᠡᠨ ᠪᠠᠶᠢᠭᠤᠯᠵᠤ᠂ ᠢᠲᠡᠭᠡᠮᠵᠢ ᠪᠠᠨ ᠰᠠᠬᠢᠭᠰᠠᠨ ᠦᠢᠯᠡ ᠠᠵᠢᠯᠯᠠᠭ᠎ᠠ ᠶᠢ | ᠤᠬᠠᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠤᠯᠠᠨ ᠨᠡᠶᠢᠲᠡ ᠶᠢᠨ | ᠦᠢᠯᠡᠴᠢᠯᠡᠭᠡ ᠶᠢᠨ ᠶᠠᠪᠤᠴᠠ ᠳᠤ᠂ ᠡᠩ ᠲᠡᠷᠢᠭᠦᠨ ᠳᠤ ᠭᠦᠢᠴᠡᠳᠬᠡᠵᠦ ᠥᠭᠬᠦ᠂ ᠳᠡᠰ ᠳᠠᠷᠠᠭᠠᠯᠠᠯ ᠢ ᠳᠥᠭᠦᠮᠴᠢᠯᠡᠬᠦ | ᠵᠡᠷᠭᠡ ︽ᠰᠠᠭᠠᠳ ᠥᠭᠡᠢ ᠨᠡᠪᠲᠡᠷᠡᠬᠦ ᠵᠠᠮ︾ ᠶᠢᠨ ᠤᠷᠮᠠᠰᠢᠭᠤᠯᠤᠨ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ | ᠬᠦᠷᠲᠡᠭᠡᠬᠦ ᠬᠡᠷᠡᠭᠲᠡᠢ᠃ ᠠᠵᠢᠯ ᠲᠥᠷᠥᠯ ᠤᠨ ᠨᠡᠶᠢᠭᠡᠮᠯᠢᠭ ︵ᠬᠤᠳᠠᠯᠳᠤᠭᠠᠴᠢᠳ ᠤᠨ ᠡᠪᠯᠡᠯ︶ ᠤᠨ ᠠᠵᠢᠯ | ᠲᠦᠷᠦᠯ ᠤᠨ ᠥᠪᠡᠷ ᠢ ᠪᠠᠨ ᠱᠠᠭᠠᠷᠳᠠᠬᠤ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠪᠠᠶᠢᠭᠤᠯᠬᠤ ᠶᠢ ᠨᠢ | ᠵᠣᠷᠢᠭᠵᠢᠭᠤᠯᠵᠤ᠂ ᠢᠲᠡᠭᠡᠮᠵᠢ ᠪᠠᠨ ᠰᠠᠬᠢᠭᠰᠠᠨ ᠨᠡᠶᠢᠭᠡᠮᠯᠢᠭ ᠤᠨ ᠭᠡᠰᠢᠭᠦᠳ ᠲᠤ ᠤᠯᠠᠨ ᠬᠡᠯᠪᠡᠷᠢ ᠶᠢᠨ ᠳᠡᠮᠵᠢᠯᠭᠡ ᠪᠠ | ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ︽ᠰᠠᠨᠠᠯ︾ ᠳᠤ᠂ ᠡᠯ᠎ᠡ ᠱᠠᠲᠤᠨ ᠤ | ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠶᠠᠪᠤᠴᠠ ᠳᠤ᠂ ᠠᠵᠢᠯ ᠲᠦᠷᠦᠯ ᠤᠨ ︽ᠨᠡᠷ᠎ᠡ ᠶᠢᠨ | ᠬᠠᠷ᠎ᠠ ᠳᠠᠩᠰᠠ︾ ᠶᠢᠨ ᠳᠦᠷᠢᠮ ᠪᠠ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠷᠢ ᠬᠡᠮ ᠢ ᠮᠠᠭᠠᠳᠯᠠᠨ ᠲᠣᠭᠲᠠᠭᠠᠬᠤ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠥᠷᠥ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠬᠦ ᠶᠢᠨ ᠲᠠᠯ᠎ᠠ ᠪᠠᠷ | ᠢᠲᠡᠭᠡᠮᠵᠢ ᠶᠢᠨ ᠳᠦᠷᠦᠯ ᠬᠤᠪᠢᠶᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠯ ᠢᠶᠠᠨ ᠠᠯᠳᠠᠭᠰᠠᠨ | ᠲᠦᠷᠦᠯ ᠵᠦᠢᠯ ᠪᠠ ᠬᠡᠮᠵᠢᠶ᠎ᠡ ᠶᠢ ᠦᠨᠳᠦᠰᠦᠯᠡᠵᠦ᠂ ᠵᠣᠬᠢᠴᠠᠩᠭᠤᠶ ᠵᠠᠯᠬᠠᠭᠠᠬᠤ ᠪᠠ ᠰᠢᠳᠬᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠭᠴᠢ ᠶᠢᠨ ᠢᠲᠡᠭᠡᠮᠵᠢ ᠶᠢᠨ | ᠠᠮᠠᠯᠠᠯᠲᠠ ᠪᠠ ᠬᠢᠨᠠᠨ ᠪᠠᠶᠢᠴᠠᠭᠠᠬᠤ ᠲᠦᠷᠢᠮ ᠢ ᠢᠳᠡᠪᠬᠢᠲᠡᠶ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠦᠨᠡᠨᠴᠢ ᠢᠲᠡᠭᠡᠮᠵᠢᠲᠡᠶ ᠪᠠᠷ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ | ᠬᠡᠷᠡᠭᠲᠡᠢ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ᠂ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ | ᠵᠠᠭᠠᠯᠳᠤᠬᠤ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠰᠦᠷ ᠦᠵᠡᠭᠦᠯᠬᠦ | ᠰᠦᠷᠲᠦ ᠬᠦᠴᠦᠨ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠪᠢ ᠬᠥᠮᠦᠨ ᠤ ᠨᠢᠭᠤᠴᠠ ᠪᠠ ᠬᠤᠳᠠᠯᠳᠤᠭᠠᠨ ᠤ ᠨᠢᠭᠤᠴᠠ ᠶᠢ ᠫᠠᠨᠽᠠᠯᠠᠨ ᠬᠤᠳᠠᠯᠳᠤᠬᠤ ᠶᠢ ᠴᠢᠩᠭ᠎ᠠ | ᠰᠢᠳᠬᠡᠪᠡ | ᠥᠪᠡᠷᠲᠡᠭᠡᠨ ᠵᠠᠰᠠᠬᠤ ᠣᠷᠣᠨ ᠠᠴᠠ ᠲᠣᠳᠣᠷᠬᠠᠢ ᠲᠣᠭᠲᠠᠭᠠᠭᠰᠠᠨ ᠨᠢ ᠵᠠᠰᠠᠭ ᠤᠨ ᠶᠠᠪᠤᠳᠠᠯ ᠤᠨ ᠭᠠᠳᠠᠷ | ᠰᠦᠯᠵᠢᠶ᠎ᠡ ᠶᠢ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠬᠤᠶᠠᠷ ᠱᠠᠲᠤᠨ ᠤ ᠤᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠣᠯᠤᠨ ᠳ᠋ᠠᠶᠢᠲ᠋ᠠ ᠬᠥᠮᠥᠷᠭᠡ ᠶᠢ ᠲᠦᠷᠭᠡᠳᠬᠡᠨ | ᠪᠠᠶᠢᠭᠤᠯᠬᠤ ᠪᠠ ᠪᠦᠷᠢᠨᠰᠢᠭᠦᠯᠵᠦ᠂ ᠨᠥᠬᠦᠴᠡᠯ ᠲᠠᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠯᠠᠨ | ᠨᠡᠶᠢᠲᠡ ᠶᠢᠨ ᠮᠡᠳᠡᠭᠡ ᠵᠠᠩᠭᠢ ᠴᠤᠭᠯᠠᠭᠤᠯᠬᠤ ᠲᠠᠪᠴᠠᠩ ᠪᠠᠶᠢᠭᠤᠯᠬᠤ ᠶᠢ ᠨᠢ ᠳᠡᠮᠵᠢᠵᠦ᠂ ᠢᠲᠡᠭᠡᠮᠵᠢ ᠶᠢᠨ ᠮᠡᠳᠡᠭᠡ | ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠳᠤ ᠰᠠᠭᠤᠷᠢ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ | ᠡᠭᠦᠨ ᠤ ᠬᠠᠮᠲᠤ᠂ ᠢᠲᠡᠭᠡᠮᠵᠢ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠠᠵᠢᠯ | ᠡᠷᠬᠢᠯᠡᠭᠰᠡᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠪᠢ ᠬᠥᠮᠦᠨ ᠤ ᠨᠢᠭᠤᠴᠠ ᠪᠠ | ᠬᠤᠳᠠᠯᠳᠤᠭᠠᠨ ᠤ ᠨᠢᠭᠤᠴᠠ ᠶᠢ ᠫᠠᠨᠽᠠᠯᠠᠨ ᠬᠤᠳᠠᠯᠳᠤᠬᠤ᠂ ᠬᠠᠤᠯᠢ ᠪᠤᠰᠤ ᠪᠠᠷ᠂ ᠬᠡᠪᠴᠢᠶᠡᠨ ᠠᠴᠠ ᠬᠡᠲᠦᠷᠡᠭᠦᠯᠦᠨ | ᠢᠲᠡᠭᠡᠮᠵᠢ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ | ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠵᠦ᠂ ᠵᠠᠬ᠎ᠠ ᠳᠡᠯᠭᠡᠭᠦᠷ ᠤᠨ ᠡᠮᠬᠢ | ᠵᠢᠷᠤᠮ ᠢ ᠬᠠᠮᠠᠭᠠᠯᠠᠬᠤ ᠬᠡᠷᠡᠭᠲᠡᠢ ᠭᠡᠵᠡᠢ᠃ |