2016 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/12
     2016 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠬᠥᠬᠡᠬᠤᠲᠠ ᠳᠤ  ᠬᠤᠷᠠᠯᠳᠤᠵᠤ ᠪᠠᠶᠢᠭ᠎ᠠ ᠨᠢ
     ᠳᠡᠳ᠋ ᠲᠡᠷᠢᠭᠦᠯᠡᠭᠴᠢ ᠯᠢᠦ ᠰᠢᠨ ᠯᠧ  ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ ᠪᠠᠶᠢᠭ᠎ᠠ ᠨᠢ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠨ ᠲᠣᠭᠲᠠᠭᠠᠭᠰᠠᠨ ᠢᠶᠠᠷ᠂ 1 ᠳ᠋ᠦ᠋ᠭᠡᠷ ᠰᠠᠷ᠎ᠠ ᠶᠢᠨ 11᠎ ᠤ ᠡᠳᠦᠷ ᠲᠤ᠂ 2016 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠲᠠᠨ ᠵᠢᠩ ᠹᠧᠩ ᠬᠤᠷᠠᠯ ᠳᠤ ᠣᠷᠣᠯᠴᠠᠭᠰᠠᠨ ᠪᠦᠭᠡᠳ ᠠᠵᠢᠯ ᠤᠨ ᠢᠯᠡᠳᠬᠡᠯ ᠬᠢᠪᠡ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠦᠢ ᠬᠤᠩ ᡁᠢ ᠡᠷᠬᠢᠯᠡᠪᠡ᠃ ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠳᠠ᠂ ᠡᠷᠢᠶᠡᠨ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠬᠤᠲᠠ ᠶᠢᠨ ᠳᠡᠳ᠋ ᠳᠠᠷᠤᠭ᠎ᠠ︔ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ ᠂ ᠲᠣᠪᠴᠢᠶ᠎ᠠ ᠶᠢᠨ ᠬᠠᠷᠢᠭᠤᠴᠠᠯᠭᠠᠲᠠᠳ︔ ᠥᠪᠡᠷᠲᠡᠭᠡᠨ ᠵᠠᠰᠠᠬᠤ ᠣᠷᠣᠨ ᠤ ᠬᠡᠰᠡᠭ ᠠᠵᠢᠯ ᠲᠦᠷᠦᠯ ᠤᠨ ᠪᠡᠶ᠎ᠡ ᠶᠢᠨ ᠲᠠᠮᠢᠷ ᠤᠨ  ᠨᠡᠶᠢᠭᠡᠮᠯᠢᠭ ᠤᠨ ᠬᠠᠷᠢᠭᠤᠴᠠᠯᠭᠠᠲᠠᠳ︔ ᠡᠯ᠎ᠡ ᠠᠶᠢᠮᠠᠭ ᠬᠤᠳᠠ ᠶᠢᠨ ᠪᠡᠶ᠎ᠡ ᠶᠢᠨ ᠲᠠᠮᠢᠷ  ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠣᠯᠣᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠳ︔ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ᠂ ᠯᠢ ᡁᠢ ᠶᠢᠦ᠂ ᠡᠦ ᠭᠠᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠵᠢᠶᠦ᠋ᠨ ᠬᠠᠢ ᠵᠢᠴᠢ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃       ᠲᠤᠰ ᠤᠳᠠᠭᠠᠨ ᠤ ᠬᠤᠷᠠᠯ ᠤᠨ ᠭᠤᠣᠯ ᠰᠡᠳᠦᠪ ᠪᠣᠯ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠶ  ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ᠂ ᠴᠣᠬᠤᠯᠠᠪᠤᠷᠢ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠤᠯᠤᠰ ᠤᠨ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ ᠨᠠᠷ ᠤᠨ ᠬᠤᠷᠠᠯ ᠪᠠ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽12· 5︾᠎ ᠶᠢᠨ ᠲᠥᠯᠥᠪᠵᠢᠭᠦᠯᠭᠡ ᠪᠣᠯᠣᠨ 2015 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ︽13· 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ ᠠᠵᠢᠯ ᠢ ᠪᠦᠬᠦ ᠲᠠᠯ᠎ᠠ ᠪᠠᠷ ᠰᠦᠪᠡᠭᠴᠢᠯᠡᠨ ᠲᠥᠯᠥᠪᠯᠡᠵᠦ᠂ 2016 ᠣᠨ ᠤ ᠭᠤᠣᠯ ᠡᠭᠦᠷᠭᠡ ᠲᠣᠬᠢᠷᠠᠭᠤᠯᠤᠨ ᠪᠠᠶᠢᠷᠢᠯᠠᠭᠤᠯᠵᠤ᠂  ᠡᠷᠡᠭᠦᠯ ᠴᠢᠬᠢᠷᠠᠭ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠭᠠᠵᠠᠷ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠪᠠ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠎ ᠳᠠᠬᠢ ᠪᠡᠶ᠎ᠡ ᠶᠢᠨ ᠲᠠᠮᠢᠷ ᠤᠨ ᠥᠪᠡᠷᠮᠢᠴᠡ ᠴᠢᠳᠠᠮᠵᠢ ᠶᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠢᠯ ᠎ ᠤᠨ ᠪᠦᠬᠦ ᠲᠠᠯ᠎ᠠ ᠪᠠᠷ ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠠᠪᠤᠳᠠᠯ ᠪᠣᠯᠣᠨ᠎ᠠ᠃       ᠳᠡᠳ᠋ ᠲᠡᠷᠢᠭᠦᠯᠡᠭᠴᠢ ᠯᠢᠦ ᠰᠢᠨ ᠯᠧ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽13· 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠳᠤ ᠡᠷᠭᠡᠪᠰᠢ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ︾ ᠵᠡᠷᠭᠡ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ  ᠭᠦᠨᠵᠡᠭᠡᠢ ᠲᠤᠤᠱᠯᠠᠭᠤᠨ ᠨᠠᠶᠢᠳᠠᠪᠤᠷᠢᠵᠢᠭᠤᠯᠵᠤ᠂ ᠣᠳᠣᠬᠢ ᠲᠦ᠋ᠷᠦ ᠶᠢᠨ ᠪᠤᠳᠤᠯᠭ᠎ᠠ᠂ ᠥᠭᠡᠷᠡᠴᠢᠯᠡᠯᠲᠡ᠂ ᠬᠡᠷᠡᠭᠯᠡᠭᠡ ᠪᠣᠯᠣᠨ ᠬᠢᠯᠢ ᠠᠯᠤᠰᠯᠠᠭᠰᠠᠨ ᠨᠡᠶᠢᠯᠡᠯ ᠤᠨ ᠠᠪᠴᠢᠷᠠᠭᠰᠠᠨ ᠠᠰᠢᠭ ᠲᠤᠰᠠ ᠪᠠ ᠠᠵᠠ ᠲᠣᠬᠢᠶᠠᠯ ᠢ ᠡᠷᠬᠡᠪᠰᠢ ᠴᠢᠩᠭ᠎ᠠ ᠠᠳᠬᠤᠵᠤ᠂ 2016 ᠣᠨ ᠤ ᠪᠡᠶ᠎ᠡ ᠶᠢᠨ ᠲᠠᠮᠢᠷ ᠤᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠮᠠᠨ ᠤ ᠣᠷᠣᠨ ᠤ ︽13· 5︾᠎ ᠶᠢᠨ ᠲᠥᠯᠥᠪᠵᠢᠭᠦᠯᠭᠡ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠰᠠᠶᠢᠠ ᠡᠬᠢᠯᠡᠯᠲᠡ ᠲᠠᠢ᠂ ᠰᠠᠶᠢᠲᠤᠷ ᠡᠬᠢᠯᠡᠭᠦᠯᠬᠦ ᠬᠡᠷᠡᠭᠲᠡᠢ ᠭᠡᠪᠡ᠃      ᠳᠡᠳ᠋ ᠲᠡᠷᠢᠭᠦᠯᠡᠭᠴᠢ ᠯᠢᠦ ᠰᠢᠨ ᠯᠧ ᠴᠢᠬᠤᠯᠠᠴᠢᠯᠠᠭᠰᠠᠨ ᠨᠢ᠂ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠳᠣᠲᠣᠭᠠᠳᠤ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠲᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ ᠲᠠᠯᠠᠪᠠᠢ ᠪᠠᠶᠢᠭᠤᠯᠬᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠵᠣᠬᠢᠶᠠᠨ ᠪᠠᠶᠢᠭᠤᠯᠵᠤ ᠪᠣᠯᠪᠠᠰᠤᠷᠠᠭᠤᠯᠬᠤ ᠶᠢ ᠰᠠᠶᠢᠲᠤᠷ ᠪᠠᠷᠢᠮᠲᠠᠯᠠᠨ ᠠᠳᠬᠤᠬᠤ ᠬᠡᠷᠡᠭᠲᠡᠢ︔ ᠤᠷᠤᠯᠳᠤᠭᠠᠨ ᠤ ᠪᠡᠶ᠎ᠡ ᠶᠢᠨ ᠲᠠᠮᠢᠷ ᠲᠤ ︽ᠳᠥᠷᠪᠡ ᠶᠢ ᠨᠠᠶᠢᠳᠠᠪᠤᠷᠢᠵᠢᠭᠤᠯᠬᠤ᠂ ᠳᠥᠷᠪᠡ ᠶᠢ ᠳᠡᠭᠡᠭᠰᠢᠯᠡᠭᠦᠯᠬᠦ︾᠎ ᠶᠢ ᠰᠠᠶᠢᠳᠤᠷ ᠠᠳᠬᠤᠬᠤ ᠬᠡᠷᠡᠭᠲᠡᠢ᠂ ᠲᠤᠬᠠᠶᠢᠯᠠᠪᠠᠯ ᠪᠡᠶ᠎ᠡ ᠶᠢᠨ ᠲᠠᠮᠢᠷ ᠤᠨ ᠵᠠᠷᠤᠳᠠᠯ ᠢ ᠨᠠᠶᠢᠳᠠᠪᠤᠷᠢᠵᠢᠭᠤᠯᠬᠤ᠂ ᠪᠣᠯᠪᠠᠰᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠦᠢᠯ ᠢ ᠨᠠᠶᠢᠳᠠᠪᠤᠷᠢᠵᠢᠭᠤᠯᠬᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ᠂ ᠰᠣᠳᠣᠨ ᠤᠷᠤᠯᠳᠤᠭᠠᠨ ᠨᠠᠶᠢᠳᠠᠪᠤᠷᠢᠵᠢᠭᠤᠯᠬᠤ᠂ ᠤᠷᠤᠯᠳᠤᠭᠠᠨ ᠳᠤ ᠣᠷᠣᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠠᠮᠢᠶ᠎ᠠ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠬᠤ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ᠃ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ ᠪᠦᠬᠦ ᠣᠷᠣᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ 14 ᠳ᠋ᠦ᠋ᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠬᠡᠪᠡᠷ ᠥᠷᠨᠢᠭᠦᠯᠬᠦ ᠬᠡᠷᠡᠭᠲᠡᠶ ᠭᠡᠵᠡᠢ᠃      ᠳᠡᠳ᠋ ᠲᠡᠷᠢᠭᠦᠯᠡᠭᠴᠢ ᠯᠢᠦ ᠰᠢᠨ ᠯᠧ ᠵᠢᠭᠠᠵᠤ ᠭᠠᠷᠭᠠᠭᠰᠠᠨ ᠨᠢ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠳᠤ ᠠᠵᠤ ᠠᠬᠤᠶ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠶ ᠪᠠᠷ ᠵᠣᠬᠢᠴᠠᠨ᠂ ᠬᠠᠩᠭᠠᠯᠭ᠎ᠠ ᠶᠢᠨ ᠬᠠᠵᠠᠭᠤ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠦᠷᠦ ᠶᠢᠨ ᠪᠤᠳᠦᠯᠭ᠎ᠠ ᠪᠠ ᠴᠢᠬᠤᠯᠠ ᠶᠡᠭᠡ ᠡᠭᠦᠷᠭᠡ ᠶᠢ ᠣᠨᠣᠪᠴᠢᠲᠠᠶ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠰᠢᠨ᠎ᠡ ᠬᠡᠪ ᠪᠠᠶᠢᠳᠠᠯ ᠳᠤ ᠨᠡᠩ ᠲᠦᠷᠭᠡᠨ ᠨᠡᠩ ᠰᠠᠶᠢᠨ ᠢᠶᠠᠷ ᠵᠣᠬᠢᠴᠠᠵᠤ᠂ ︽ᠭᠤᠷᠪᠠ ᠶᠢ ᠦᠭᠡᠶᠢᠰᠬᠡᠬᠦ‍ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾᠎ ᠶᠢ ᠬᠦᠴᠦ ᠲᠠᠯᠪᠢᠨ ᠰᠢᠢᠳᠪᠦᠷᠢᠯᠡᠵᠦ᠂ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠡᠶ᠎ᠡ ᠶᠢᠨ ᠲᠠᠮᠢᠷ ᠤᠨ ᠠᠵᠤ ᠦᠢᠯᠡᠰ ᠢ ᠠᠬᠢᠭᠤᠯᠵᠤ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠨᠠᠯ ᠤᠳ ᠪᠣᠯᠤᠨ ᠬᠡᠷᠡᠭᠵᠢᠭᠦᠯᠬᠦ ᠰᠠᠨᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠮᠤ ᠬᠡᠯᠪᠡᠷᠢ ᠶᠢᠨ ᠲᠠᠮᠢᠷ ᠤᠨ ᠲᠠᠯᠠᠪᠠᠢ ᠣᠷᠳᠣᠨ ᠤ ᠡᠵᠡᠩᠨᠡᠯᠲᠡ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠡᠯ᠎ᠡ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠲᠥᠯᠥᠨ ᠵᠢᠯᠣᠭᠤᠳᠬᠤ ᠪᠡᠯᠡ ᠮᠥᠩᠭᠦ ᠪᠠᠶᠢᠭᠤᠯᠬᠤ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠤᠭ᠎ᠠ ᠪᠦᠷᠢᠳᠬᠡᠯ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠳᠠᠯᠳᠤᠬᠤ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠲᠠᠨ ᠵᠢᠩ ᠹᠧᠩ ᠠᠴᠠ ︽ᠠᠵᠠ ᠲᠣᠬᠢᠶᠠᠯ ᠢ ᠡᠵᠡᠮᠳᠡᠨ᠂ ᠦᠨᠡᠨ ᠠᠳᠬᠤᠵᠤ ᠪᠣᠳᠠᠲᠠᠶ ᠠᠵᠢᠯᠯᠠᠨ᠂ ᠡᠷᠡᠭᠦᠯ ᠴᠢᠭᠢᠷᠠᠭ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠵᠡᠮᠵᠢᠲᠦ ᠣᠷᠣᠨ ᠢ ᠪᠠᠶᠢᠭᠤᠯᠤᠶ᠎ᠠ︾ ᠭᠡᠰᠡᠨ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠦ᠂ ︽12.5︾᠎ ᠶᠢᠨ ᠬᠤᠭᠤᠴᠠᠭᠠᠨ ᠤ ᠪᠠ 2015 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠢ ᠰᠢᠰᠲ᠋ᠧᠮ ᠲᠠᠢ ᠪᠠᠷ ᠡᠷᠭᠢᠴᠡᠭᠦᠯᠦᠨ ᠳ᠋ᠦᠩᠨᠡᠵᠦ᠂ ︽13.5︾ ᠪᠠ 2016 ᠣᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ ︽2015 ᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠤᠨ ᠲᠡᠷᠢᠭᠦᠨ ᠤ ᠬᠠᠮᠲᠤ ᠶᠢ ᠰᠠᠶᠢᠰᠢᠶᠠᠨ ᠬᠥᠬᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠮᠡᠳᠡᠭᠡ︾᠎ ᠶᠢ ᠤᠩᠰᠢᠨ ᠨᠡᠶᠢᠲᠡᠯᠡᠪᠡ᠃ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠯᠥᠨ ᠪᠤᠶᠢᠷ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠪᠡᠶ᠎ᠡ ᠲᠠᠮᠢᠷ ᠤᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠵᠦᠢᠯ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠵᠡᠷᠭᠡ ᠨᠢᠭᠡᠴᠡ ᠬᠤᠷᠠᠯ ᠤᠨ ᠭᠤᠣᠯ ᠰᠡᠳᠦᠪ ᠲᠠᠢ ᠤᠶᠠᠯᠳᠤᠭᠤᠯᠤᠨ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号