| ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ᠂ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ᠂ ᠵᠠᠬᠢᠳᠠᠯ | ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠣᠳᠣᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ | ᠡᠦ ᠭᠦᠸᠧ ᠷᠦᠢ ᠲᠣᠪᠴᠢᠶ᠎ᠠ ᠶᠢᠨ ᠳᠠᠷᠤᠭ᠎ᠠ ᠨᠠᠷ ᠤᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | 12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ | ᠠᠵᠢᠯ ᠢ ᠳ᠋ᠦᠩᠨᠡᠵᠦ᠂ ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠪᠦᠬᠦ ᠣᠷᠣᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠰᠡᠳᠬᠢᠮᠵᠢ ᠪᠠ ᠭᠤᠣᠯᠳᠠᠯᠭ᠎ᠠ ᠶᠢ ᠰᠤᠳᠤᠯᠪᠠ᠃ | ᠬᠤᠷᠠᠯ ᠳᠡᠭᠡᠷ᠎ᠡ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠠᠵᠢᠯ ᠦᠢᠯᠡᠰ ᠤᠨ | ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ︽12·5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠠᠬᠢᠯᠲᠠ ᠶᠢᠨ ᠪᠠᠶᠢᠳᠠᠯ ᠪᠠ ᠪᠦᠬᠦ | ᠣᠷᠣᠨ ᠤ ᠵᠠᠬᠢᠳᠠᠯ ᠰᠤᠷᠪᠤᠯᠵᠢᠯᠠᠯ ᠤᠨ ᠦᠨᠳᠦᠰᠦᠨ ᠪᠦᠲᠦᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠤᠨ | ᠤᠳᠤᠷᠢᠳᠤᠯᠭ᠎ᠠ ᠪᠠ ᠡᠩᠨᠡᠭᠡ ᠶᠢᠨ ᠪᠦᠲᠦᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠤᠨ ᠰᠤᠶᠤᠯ ᠤᠨ ᠪᠦᠲᠦᠭᠡᠨ | ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠦᠭᠰᠡᠨ ᠪᠠᠶᠢᠳᠠᠯ ᠢ ᠳᠥᠭᠦᠮ ᠢᠶᠠᠷ ᠡᠷᠭᠢᠴᠡᠭᠦᠯᠦᠨ ᠪᠠ ᠬᠠᠷᠢᠭᠤ ᠮᠡᠳᠡᠭᠦᠯᠦᠯᠲᠡ ᠬᠢᠵᠦ᠂ ︽12·5︾ | ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠳᠤ ᠰᠠᠨᠠᠯ | ᠪᠠ ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠯᠴᠠᠭ᠎ᠠ ᠪᠠ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠡᠦ ᠭᠦᠸᠧ ᠷᠦᠢ ︽12·5︾ | ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ | ᠣᠯᠣᠭᠰᠠᠨ ᠠᠮᠵᠢᠯᠲᠠ ᠶᠢ ᠪᠦᠷᠢᠨ ᠨᠤᠲᠠᠯᠠᠬᠤ ᠶᠢᠨ ᠵᠡᠷᠭᠡ ᠪᠠᠷ ᠵᠢᠭᠠᠭᠰᠠᠨ ᠨᠢ᠂ ︽12·5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠲᠥᠷᠥ ᠶᠢᠨ ᠪᠣᠳᠣᠯᠭ᠎ᠠ | ᠪᠠᠶᠢᠷᠢᠯᠠᠭᠤᠯᠤᠯᠲᠠ ᠶᠢ ᠨᠢᠭᠲᠠ ᠲᠣᠭᠤᠷᠢᠭᠤᠯᠤᠨ᠂ ᠠᠵᠤ ᠠᠬᠤᠢ ᠶᠢᠨ ᠪᠠᠭᠤᠷᠠᠯᠲᠠ ᠶᠢᠨ ᠠᠪᠴᠢᠷᠠᠭᠰᠠᠨ ᠬᠦᠴᠢᠷᠳᠡᠯ | ᠪᠠ ᠠᠰᠠᠭᠤᠳᠠᠯ ᠢ ᠴᠢᠷᠮᠠᠶᠢᠨ ᠲᠡᠪᠴᠢᠵᠦ᠂ ︽ᠶᠡᠷᠦᠩᠬᠡᠢ ᠬᠡᠮᠵᠢᠶ᠎ᠡ ᠶᠢ ᠪᠠᠭᠤᠷᠠᠭᠤᠯᠵᠤ᠂ ᠶᠤᠰᠤ ᠪᠤᠰᠤ ᠪᠠᠷ | ᠰᠤᠷᠪᠤᠯᠵᠢᠯᠠᠬᠤ ᠶᠢ ᠵᠠᠰᠠᠵᠤ᠂ ᠡᠮᠬᠢ ᠵᠢᠷᠤᠮ ᠢ ᠬᠠᠮᠠᠭᠠᠯᠠᠵᠤ᠂ ᠪᠦᠲᠦᠭᠡᠨ ᠪᠠᠶᠢᠭᠤᠯᠤᠯᠲᠠ ᠶᠢ ᠠᠳᠬᠤᠬᠤ︾ | ᠠᠵᠢᠯ ᠤᠨ ᠰᠡᠳᠬᠢᠮᠵᠢ ᠶᠢ ᠪᠠᠷᠢᠮᠲᠠᠯᠠᠵᠤ᠂ ᠪᠣᠳᠠᠲᠠᠢ ᠲᠠᠢ ᠤᠶᠠᠯᠳᠤᠭᠤᠯᠤᠨ ᠪᠦᠲᠦᠮᠵᠢᠲᠡᠢ ᠠᠷᠭ᠎ᠠ ᠬᠡᠮᠵᠢᠶ᠎ᠡ | ᠠᠪᠴᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠥᠷᠢᠮ ᠤᠨ ᠥᠭᠡᠷᠡᠴᠢᠯᠡᠯᠲᠡ ᠪᠠ ᠵᠠᠬᠢᠳᠠᠯ ᠰᠤᠷᠪᠤᠯᠵᠢᠯᠠᠯ ᠤᠨ | ᠬᠠᠤᠯᠢ ᠪᠠᠷ ᠵᠠᠰᠠᠬᠤ ᠠᠬᠢᠴᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ︽ᠨᠠᠷᠠᠨ ᠭᠡᠷᠡᠯᠲᠦ ᠵᠠᠬᠢᠳᠠᠯ | ᠰᠤᠷᠪᠤᠯᠵᠢᠯᠠᠯ︾᠂ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾᠂ ︽ᠬᠠᠤᠯᠢ ᠪᠠᠷ ᠵᠠᠰᠠᠬᠤ ᠵᠠᠬᠢᠳᠠᠯ | ᠰᠤᠷᠪᠤᠯᠵᠢᠯᠠᠯ︾ ᠢ ᠬᠦᠴᠦᠲᠡᠢ ᠴᠣᠭᠴᠠᠯᠠᠵᠤ᠂ ᠶᠡᠭᠡ ᠬᠡᠮᠵᠢᠶᠡᠨ ᠤ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠶᠡᠭᠡ ᠬᠡᠮᠵᠢᠶᠡᠨ ᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ | ᠦᠨᠡᠨ ᠬᠦ ᠨᠠᠮᠳᠠᠭᠠᠪᠠ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠭᠤᠷᠪᠠᠨ ᠱᠠᠲᠤᠨ ᠤ ᠵᠠᠬᠢᠳᠠᠯ | ᠰᠤᠷᠪᠤᠯᠵᠢᠯᠠᠯ ᠤᠨ ᠶᠡᠷᠦᠩᠬᠡᠢ ᠬᠡᠮᠵᠢᠶ᠎ᠡ᠂ ᠵᠠᠬᠢᠳᠠᠯ ᠢᠷᠡᠭᠦᠯᠬᠦ ᠬᠡᠮᠵᠢᠶ᠎ᠡ᠂ ᠣᠷᠣᠨ ᠳᠤ ᠢᠷᠡᠬᠦ ᠰᠤᠷᠪᠤᠯᠵᠢᠯᠠᠯ ᠤᠨ | ᠬᠡᠮᠵᠢᠶ᠎ᠡ᠂ ᠬᠠᠮᠲᠤ ᠪᠠᠷ ᠰᠤᠷᠪᠤᠯᠵᠢᠯᠠᠬᠤ ᠬᠡᠮᠵᠢᠶ᠎ᠡ᠂ ᠳᠠᠬᠢᠨᠲᠠ ᠰᠤᠷᠪᠤᠯᠵᠢᠯᠠᠬᠤ ᠬᠡᠮᠵᠢᠶ᠎ᠡ ᠪᠦᠬᠦ ᠲᠠᠯ᠎ᠠ ᠪᠠᠷ | ᠪᠠᠭᠤᠷᠠᠵᠤ᠂ ᠵᠠᠬᠢᠳᠠᠯ ᠰᠤᠷᠪᠤᠯᠵᠢᠯᠠᠯ ᠤᠨ ᠡᠮᠬᠢ ᠵᠢᠷᠤᠮ ᠤᠯᠠᠮ ᠨᠢᠭᠡ ᠠᠯᠬᠤᠮ ᠰᠠᠶᠢᠵᠢᠷᠠᠵᠤ᠂ ᠵᠠᠬᠢᠳᠠᠯ | ᠰᠤᠷᠪᠤᠯᠵᠢᠯᠠᠯ ᠤᠨ ᠪᠠᠶᠢᠳᠠᠯ ᠲᠤᠭᠲᠠᠭᠤᠨ ᠤ ᠳᠤᠮᠳᠠ ᠰᠠᠶᠢᠵᠢᠷᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ | ᠪᠠᠶᠢᠭᠤᠯᠤᠮᠵᠢ ᠶᠢᠨ ᠲᠤᠭᠲᠠᠴᠠ ᠶᠢᠨ ᠡᠷᠭᠢᠯᠲᠡ ᠰᠢᠯᠤᠭᠤᠳᠴᠤ᠂ ᠦᠨᠡᠨ ᠪᠤᠳᠠᠲᠠᠢ ᠦᠷ᠎ᠡ ᠪᠦᠲᠦᠮᠵᠢ ᠣᠯᠵᠤ᠂ | ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠤᠯᠠᠮ ᠨᠢᠭᠡ ᠠᠯᠬᠤᠮ ᠬᠠᠮᠠᠭᠠᠯᠠᠵᠤ᠂ ᠡᠶ᠎ᠡ ᠵᠣᠬᠢᠴᠠᠯᠳᠤ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠵᠤ᠂ ᠥᠪᠥᠷ ᠮᠣᠩᠭᠤᠯ ᠢᠶᠠᠨ ᠡᠬᠡ ᠤᠯᠤᠰ ᠤᠨ | ᠤᠮᠠᠷᠠᠲᠤ ᠬᠢᠯᠢ ᠶᠢᠨ ᠦᠵᠡᠮᠵᠢᠲᠦ ᠣᠷᠣᠨ ᠪᠣᠯᠭᠠᠨ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠪᠡ ᠭᠡᠵᠡᠢ᠃ | ᠦ᠋ ᠭᠥᠸᠧ ᠷᠦᠢ ᠴᠢᠬᠤᠯᠠᠴᠢᠯᠠᠭᠰᠠᠨ ᠨᠢ᠂ ︽12.5︾ ᠶᠢᠨ ᠬᠤᠭᠤᠴᠠᠭᠠᠨ ᠳᠤ ᠪᠥᠬᠦ ᠣᠷᠣᠨ ᠤ | ᠵᠠᠬᠢᠳᠠᠯ ᠰᠤᠷᠪᠤᠯᠵᠢᠯᠠᠯ ᠤᠨ ᠰᠢᠰᠲ᠋ᠧᠮ ᠶᠡᠭᠡ ᠬᠡᠮᠵᠢᠶᠡᠨ ᠤ ᠭᠢᠯᠠᠷᠠᠭᠰᠠᠨ ᠠᠮᠵᠢᠯᠲᠠ ᠪᠦᠲᠦᠮᠵᠢᠲᠡᠶ ᠠᠵᠢᠯ ᠬᠢᠵᠡᠢ᠂ | ᠢᠯᠠᠩᠭᠤᠶ᠎ᠠ ᠵᠠᠬᠢᠳᠠᠯ ᠰᠤᠷᠪᠤᠯᠵᠢᠯᠠᠯ ︽ᠲᠠᠪᠤᠨ ᠪᠦᠲᠦᠭᠡᠨ ᠪᠠᠶᠢᠭᠤᠯᠤᠯᠲᠠ︾ ᠶᠢᠨ ᠲᠠᠯ᠎ᠠ ᠪᠠᠷ᠂ ᠮᠠᠰᠢ ᠤᠯᠠᠨ | ᠠᠵᠢᠯ ᠤᠨ ᠭᠢᠯᠠᠰ ᠴᠢᠭ᠋ ᠢᠯᠡᠷᠡᠵᠦ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠂ ᠳᠠᠷᠠᠭᠠᠴᠢ ᠶᠢᠨ | ᠠᠯᠬᠤᠮ ᠳᠤ ᠬᠦᠴᠦ ᠲᠠᠯᠪᠢᠨ ᠰᠠᠶᠢᠲᠤᠷ ᠳ᠋ᠦᠩᠨᠡᠵᠦ᠂ ︽13.5︾ ᠶᠢᠨ ᠬᠤᠭᠤᠴᠠᠭᠠᠨ ᠳᠠᠬᠢ ᠵᠠᠬᠢᠳᠠᠯ | ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠠᠰᠢᠭᠲᠠᠶ ᠯᠠᠪᠯᠠᠯᠲᠠ ᠬᠠᠩᠭᠠᠬᠤ ᠬᠡᠷᠡᠭᠲᠡᠶ᠃ | ᠣᠳᠣᠬᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠭᠦᠨᠵᠡᠭᠡᠶ ᠵᠠᠳᠠᠯᠵᠤ᠂ ︽12.5︾ ᠶᠢᠨ | ᠬᠤᠭᠤᠴᠠᠭᠠᠨ ᠤ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠢᠶᠠᠨ ᠨᠠᠷᠢᠨ ᠬᠢᠨᠠᠮᠠᠭᠠᠶ ᠳ᠋ᠦᠩᠨᠡᠭᠰᠡᠨ | ᠰᠠᠭᠤᠷᠢᠨ ᠳᠡᠭᠡᠷ᠎ᠡ᠂ ᠲᠥᠪ ᠪᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠶ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠥᠷ ᠮᠣᠩᠭᠤᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦ᠋ ᠭᠥᠸᠧ ᠷᠦᠢ ︽13.5︾ ᠶᠢᠨ | ᠬᠤᠭᠤᠴᠠᠭᠠᠨ ᠳᠠᠬᠢ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠡᠳᠬᠢᠴᠡ᠂ ᠬᠠᠷᠠᠯᠲᠠ ᠪᠣᠯᠤᠨ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠳᠤᠷᠠᠳᠤᠪᠠ᠃ ︽13.5︾ ᠶᠢᠨ ᠬᠤᠭᠤᠴᠠᠭᠠᠨ ᠳᠤ᠂ ᠪᠥᠬᠦ | ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ᠂ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠠᠶᠢᠨ ᠲᠤᠤᠱᠯᠠᠭᠤᠯᠵᠤ᠂ ︽ᠵᠠᠷᠭᠤ ᠶᠢᠨ ᠬᠦᠰᠡᠯ ᠨᠢ ᠵᠦᠢ ᠵᠣᠬᠢᠰᠲᠠᠶ | ᠪᠠᠶᠢᠪᠠᠯ ᠠᠰᠠᠭᠤᠳᠠᠯ ᠤᠨ ᠰᠢᠢᠳᠪᠦᠷᠢᠯᠡᠯᠲᠡ ᠶᠢ ᠪᠠᠶᠢᠷᠢᠨ ᠳᠤᠨᠢ ᠬᠦᠷᠭᠡᠵᠦ᠂ ᠵᠠᠷᠭᠤ ᠶᠢᠨ ᠬᠦᠰᠡᠯ ᠨᠢ ᠶᠣᠰᠣ ᠦᠭᠡᠢ | ᠪᠠᠶᠢᠪᠠᠯ ᠦᠵᠡᠯ ᠰᠠᠨᠠᠭᠠᠨ ᠤ ᠬᠥᠮᠦᠵᠢᠯ ᠢ ᠪᠠᠶᠢᠷᠢᠨ ᠳᠤᠨᠢ ᠬᠦᠷᠭᠡᠵᠦ᠂ ᠠᠮᠢᠳᠤᠷᠠᠯ ᠨᠢ ᠬᠦᠴᠢᠷᠳᠡᠯ ᠲᠠᠢ ᠪᠠᠶᠢᠪᠠᠯ | ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠠᠶᠢᠷᠢᠨ ᠳᠤᠨᠢ ᠬᠦᠷᠭᠡᠵᠦ᠂ ᠦᠢᠯᠡ ᠠᠵᠢᠯᠯᠠᠭ᠎ᠠ ᠨᠢ ᠬᠠᠤᠯᠢ ᠠᠴᠠ | ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠬᠦ︾ ᠵᠠᠬᠢᠳᠠᠯ ᠰᠤᠷᠪᠤᠯᠵᠢᠯᠠᠯ ᠤᠨ ᠠᠵᠢᠯ ᠤᠨ ᠶᠡᠷᠦᠩᠬᠡᠶ | ᠱᠠᠭᠠᠷᠳᠠᠯᠭ᠎ᠠ ᠶᠤᠰᠤᠭᠠᠷ᠂ ᠬᠠᠤᠯᠢ ᠪᠠᠷ ᠵᠠᠰᠠᠬᠤ ᠪᠠᠷ ᠶᠡᠷᠦᠩᠬᠡᠶᠢᠯᠡᠭᠦᠯᠵᠦ᠂ ᠥᠭᠡᠷᠡᠴᠢᠯᠡᠯᠲᠡ ᠪᠠᠷ ᠭᠤᠣᠯ ᠰᠢᠵᠢᠮ | ᠪᠤᠯᠭᠠᠨ ︽ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ︾᠂ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾᠂ ︽ | ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ︽ᠭᠤᠷᠪᠠᠨ ᠵᠦᠢᠯ ᠤᠨ ᠥᠭᠡᠷᠡᠴᠢᠯᠡᠯᠲᠡ︾ ᠶᠢ ᠭᠦᠨᠵᠡᠭᠡᠶᠢᠷᠡᠭᠦᠯᠵᠦ᠂ | ᠪᠥᠬᠦ ᠣᠷᠣᠨ ᠤ ᠵᠠᠬᠢᠳᠠᠯ ᠰᠤᠷᠪᠤᠯᠵᠢᠯᠠᠯ ᠦᠨᠳᠦᠰᠦᠨ ᠱᠠᠲᠤᠨ ᠤ ᠰᠠᠭᠤᠷᠢ᠂ ᠵᠠᠬᠢᠳᠠᠯ ᠰᠤᠷᠪᠤᠯᠵᠢᠯᠠᠯ ᠤᠨ | ᠪᠠᠶᠢᠭᠤᠯᠤᠯ ᠲᠣᠭᠲᠠᠴᠠ᠂ ᠵᠠᠬᠢᠳᠠᠯ ᠰᠤᠷᠪᠤᠯᠵᠢᠯᠠᠯ ᠤᠨ ᠪᠠᠭ ᠬᠢᠭᠡᠳ ᠡᠩᠨᠡᠭᠡ᠂ ᠵᠠᠬᠢᠳᠠᠯ ᠰᠤᠷᠪᠤᠯᠵᠢᠯᠠᠯ ᠤᠨ ᠰᠣᠶᠣᠯ᠂ | ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢᠴᠢᠯᠲᠠ ᠶᠢᠨ ︽ᠲᠠᠪᠤᠨ ᠶᠡᠭᠡ ᠪᠦᠲᠦᠭᠡᠨ ᠪᠠᠶᠢᠭᠤᠯᠤᠯᠲᠠ︾ ᠶᠢ ᠤᠯᠠᠮ | ᠨᠢᠭᠡ ᠠᠯᠬᠤᠮ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠬᠤ ᠲᠣᠭᠲᠠᠴᠠ᠂ | ᠵᠠᠬᠢᠳᠠᠯ ᠰᠤᠷᠪᠤᠯᠵᠢᠯᠠᠯ ᠤᠨ ᠠᠵᠢᠯ ᠢ ᠰᠢᠯᠭᠠᠨ ᠦᠨᠡᠯᠡᠬᠦ ᠲᠣᠭᠲᠠᠴᠠ ᠶᠢ ᠬᠠᠶᠢᠨ ᠰᠦᠪᠡᠭᠴᠢᠯᠡᠵᠦ | ᠲᠡᠭᠦᠯᠳᠡᠷᠵᠢᠭᠦᠯᠦᠨ᠂ ︽ᠨᠡᠶᠢᠭᠡᠮ ᠤᠨ ᠵᠥᠷᠢᠴᠡᠯ ᠢ ᠡᠵᠡᠮᠳᠡᠵᠦ ᠪᠣᠯᠬᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ | ᠵᠢᠷᠤᠮ ᠰᠠᠶᠢᠨ ᠰᠠᠶᠢᠬᠠᠨ᠂ ᠱᠠᠳᠤ ᠳᠠᠷᠠᠭᠠᠯᠠᠨ ᠰᠤᠷᠪᠤᠯᠵᠢᠯᠠᠬᠤ ᠬᠡᠪ ᠤᠨ ᠪᠠᠶᠢᠳᠠᠯ᠂ ᠵᠠᠬᠢᠳᠠᠯ ᠰᠤᠷᠪᠤᠯᠵᠢᠯᠠᠯ ᠤᠨ | ᠪᠦᠲᠦᠴᠡ ᠶᠢ ᠰᠢᠯᠢᠳᠡᠭᠵᠢᠭᠦᠯᠬᠦ᠂ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠭᠠᠷᠭᠠᠬᠤ᠂ ᠥᠭᠡᠷᠡᠴᠢᠯᠡᠯᠲᠡ | ᠦᠷ᠎ᠡ ᠪᠦᠲᠦᠮᠵᠢ ᠤᠯᠬᠤ︾ ᠠᠵᠢᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ᠃ | ᠦ᠋ ᠭᠥᠸᠧ ᠷᠦᠢ ᠴᠢᠬᠤᠯᠠᠴᠢᠯᠠᠭᠰᠠᠨ ᠨᠢ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠨᠢᠭᠡᠴᠡ | ᠬᠤᠶᠢᠰᠢᠳᠠ ᠶᠢᠨ ᠠᠵᠢᠯ ᠤᠨ ᠳᠤᠮᠳᠠ ᠪᠠᠨ ᠲᠥᠷᠥᠯᠬᠢ ᠰᠡᠳᠬᠢᠬᠦᠶ ᠶᠢᠨ ᠵᠠᠭᠪᠤᠷ ᠢ ᠡᠪᠳᠡᠵᠦ᠂ ᠦᠵᠡᠯ ᠰᠠᠨᠠᠭ᠎ᠠ ᠪᠠᠨ | ᠴᠢᠯᠥᠭᠡᠯᠡᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦ᠂ ︽ | 12.5︾ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠭᠡᠷᠡᠯ ᠰᠠᠴᠤᠷᠠᠩᠭᠤᠶ ᠭᠠᠵᠠᠷ ᠪᠣᠯᠤᠨ | ᠲᠤᠷᠰᠢᠯᠭ᠎ᠠ ᠶᠢ ᠵᠠᠯᠭᠠᠮᠵᠢᠯᠠᠨ ᠪᠠᠳᠠᠷᠠᠭᠤᠯᠵᠤ᠂ ︽13.5︾ ᠶᠢᠨ ᠬᠤᠭᠤᠴᠠᠭᠠᠨ ᠳᠠᠬᠢ ᠠᠵᠢᠯ ᠤᠨ ᠪᠠᠶᠢᠷᠢᠰᠢᠯ ᠢ | ᠤᠯᠠᠮ ᠨᠢᠭᠡ ᠠᠯᠬᠤᠮ ᠪᠣᠳᠣᠯᠬᠢᠯᠠᠬᠤ ᠪᠠ ᠰᠠᠶᠢᠲᠤᠷ ᠰᠡᠳᠤᠨ ᠲᠦᠰᠦᠪᠯᠡᠵᠦ᠂ ᠪᠦᠬᠦ ᠣᠷᠣᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠰᠢᠨ᠎ᠡ ᠨᠢᠭᠡᠨ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ᠪᠦᠬᠦ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠪᠡ᠃ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠹᠦ᠋ ᠵᠥᠩ ᠢᠦᠶ᠂ ᠵᠠᠩ ᠶᠢᠨ ᠫᠢᠩ᠂ ᠳᠡᠳ᠋ | ᠲᠣᠭᠤᠷᠢᠨ ᠪᠠᠶᠢᠴᠠᠭᠠᠭᠴᠢ ᠮᠠ ᠶᠢᠨ᠂ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠠᠵᠢᠯ ᠦᠢᠯᠡᠰ ᠤᠨ | ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | | |