ᠥᠪᠥᠷ ᠮᠣᠩᠭᠤᠯ ᠰᠢᠨ᠎ᠡ ᠨᠢᠭᠡ ᠡᠭᠡᠯᠵᠢ ᠶᠢᠨ ᠬᠦᠢᠲᠡᠨ ᠠᠭᠤᠷ ᠠᠮᠢᠰᠬᠤᠯ ᠢ ᠤᠭᠲᠤᠵᠤ  ᠬᠡᠰᠡᠭ ᠭᠠᠵᠠᠷ ᠲᠤ    - 40 ℃᠎ ᠤᠨ ᠲᠦᠢᠯ ᠤᠨ ᠬᠦᠢᠳᠠᠨ ᠢᠯᠡᠷᠡᠨ᠎ᠡ
ᠨᠡᠶᠢᠲᠡᠯᠡᠭᠰᠡᠨ ᠴᠠᠭ᠄
2016/1/13
     ᠢᠷᠡᠬᠦ 3 ᠡᠳᠦᠷ ᠲᠤ᠂ ᠥᠪᠥᠷ ᠮᠣᠩᠭᠤᠯ ᠤᠨ ᠶᠡᠬᠡᠩᠬᠢ ᠬᠡᠰᠡᠭ ᠭᠠᠵᠠᠷ ᠣᠷᠣᠨ ᠰᠢᠨ᠎ᠡ ᠨᠢᠭᠡ ᠡᠭᠡᠯᠵᠢ ᠶᠢᠨ ᠬᠦᠢᠲᠡᠨ ᠠᠭᠤᠷ ᠠᠮᠢᠰᠬᠤᠯ ᠢ ᠤᠭᠲᠤᠬᠤ ᠪᠣᠯᠣᠨ᠎ᠠ᠂ ᠡᠭᠦᠨ ᠳᠤ ᠵᠡᠭᠦᠨ ᠬᠡᠰᠡᠭ ᠤᠨ ᠭᠠᠵᠠᠷ ᠣᠷᠣᠨ ᠳᠤ ᠨᠡᠯᠢᠶᠡᠳ ᠶᠡᠭᠡ ᠰᠠᠯᠬᠢ ᠲᠠᠢ ᠪᠠᠶᠢᠵᠤ᠂ ᠳᠤᠮᠳᠠᠴᠢ ᠠᠭᠠᠷ ᠤᠨ ᠳᠤᠯᠠᠭᠠᠨ ᠨᠢ 4 ᠼᠧᠯᠰ ᠤᠨ ᠭᠷᠠᠳᠦᠰ ᠣᠷᠴᠢᠮ ᠪᠠᠭᠤᠷᠠᠵᠤ᠂ ᠵᠠᠷᠢᠮ ᠭᠠᠵᠠᠷ ᠲᠤ ᠪᠣᠷᠣᠭᠠᠨ ᠴᠠᠰᠤ ᠣᠷᠣᠨ᠎ᠠ᠃ ᠢᠷᠡᠬᠦ 3 ᠡᠳᠦᠷ ᠲᠤ᠂ ᠣᠷᠣᠨ ᠤ ᠳᠣᠲᠣᠷᠠᠬᠢ ᠶᠡᠬᠡᠩᠬᠢ ᠬᠡᠰᠡᠭ ᠭᠠᠵᠠᠷ ᠣᠷᠣᠨ ᠳᠤ ᠦᠷᠭᠦᠯᠵᠢᠯᠡᠨ ᠬᠦᠢᠲᠡᠷᠡᠬᠦ ᠪᠥᠭᠡᠳ ᠲᠤᠩᠭᠠᠯᠠᠭ ᠠᠴᠠ ᠡᠭᠦᠯᠡᠰᠢᠵᠦ᠂ ᠬᠡᠰᠡᠭ ᠭᠠᠵᠠᠷ ᠣᠷᠣᠨ ᠳᠤ ᠪᠣᠷᠣᠭᠠᠨ ᠴᠠᠰᠤ ᠣᠷᠣᠨ᠎ᠠ᠃ ᠡᠭᠦᠨ ᠳᠤ ᠵᠡᠭᠦᠨ ᠬᠡᠰᠡᠭ ᠤᠨ ᠭᠠᠵᠠᠷ ᠣᠷᠣᠨ ᠳᠤ ᠨᠡᠯᠢᠶᠡᠳ ᠶᠡᠭᠡ ᠬᠦᠢᠲᠡᠷᠡᠵᠦ᠂ ᠬᠥᠯᠥᠨ ᠪᠤᠶᠢᠷ ᠬᠤᠳᠠ ᠶᠢᠨ ᠵᠠᠯᠠᠨ ᠠᠶᠢᠯ ᠤᠨ ᠡᠮᠦᠨᠡᠲᠦ ᠬᠡᠰᠡᠭ᠂ ᠠᠷᠤᠨ ᠬᠤᠰᠢᠭᠤ ᠶᠢᠨ ᠡᠮᠦᠨᠡᠲᠦ ᠬᠡᠰᠡᠭ᠂ ᠮᠣᠷᠢᠨ ᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢᠨ ᠬᠡᠰᠡᠭ ᠭᠠᠵᠠᠷ ᠣᠷᠣᠨ ᠢ ᠭᠠᠷᠭᠠᠪᠠᠯ᠂ ᠪᠤᠰᠤᠳ ᠭᠠᠵᠠᠷ ᠣᠷᠣᠨ ᠳᠤ ᠴᠥᠮ ᠲᠡᠭ ᠠᠴᠠ ᠳᠣᠷᠣᠭᠰᠢ 30 ᠼᠧᠯᠰ ᠬᠦᠢᠲᠡᠷᠡᠵᠦ᠂ ᠬᠡᠰᠡᠭ ᠭᠠᠵᠠᠷ ᠣᠷᠣᠨ ᠳᠤ ᠲᠡᠭ ᠠᠴᠠ ᠳᠣᠷᠣᠭᠰᠢ 40 ᠼᠧᠯᠰ ᠪᠣᠯᠤᠨ᠎ᠠ᠃ ᠲᠤᠰᠬᠠᠶ ᠮᠡᠷᠭᠡᠵᠢᠯᠲᠡᠨ ᠤ ᠰᠠᠨᠠᠭᠤᠯᠤᠭᠰᠠᠨ ᠨᠢ᠂ ᠬᠤᠯᠪᠣᠭᠳᠠᠯ ᠪᠦᠬᠦᠢ ᠭᠠᠵᠠᠷ ᠣᠷᠣᠨ ᠬᠠᠬᠢᠷ ᠬᠦᠢᠲᠡᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠥᠮᠥᠨ ᠠᠷᠠᠳ ᠭᠠᠳᠠᠭᠰᠢ ᠭᠠᠷᠬᠤ ᠳᠠᠭᠠᠨ ᠬᠤᠪᠴᠠᠰᠤ ᠬᠤᠨᠠᠷ ᠳᠠᠪᠬᠤᠷᠯᠠᠵᠤ ᠡᠮᠦᠰᠬᠦ ᠶᠢᠨ ᠬᠠᠮᠲᠤ ᠵᠠᠮ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠪᠡᠶ᠎ᠡ ᠶᠢᠨ ᠠᠮᠤᠷ ᠲᠦᠪᠰᠢᠨ ᠢᠶᠠᠨ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号