ᠥᠪᠥᠷ ᠮᠣᠩᠭᠤᠯ ︽13. 5︾᠎ ᠶᠢᠨ ᠬᠤᠭᠤᠴᠠᠭᠠᠨ ᠳᠤ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠳᠤ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠬᠦᠨ ᠢ ᠪᠦᠷᠬᠦᠭᠦᠯᠬᠦ ᠪᠠᠷ ᠲᠦᠯᠦᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2016/1/13
     ᠥᠪᠥᠷ ᠮᠣᠩᠭᠤᠯ ︽13.5︾᠎ ᠶᠢᠨ ᠬᠤᠭᠤᠴᠠᠭᠠᠨ ᠳᠤ᠂ ᠤᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠤᠷᠠᠭᠵᠢᠭᠤᠯᠬᠤ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠪᠠᠷ ᠲᠦᠯᠦᠪᠯᠡᠵᠦ ᠪᠠᠶᠢᠨ᠎ᠠ᠃ ᠡᠭᠦᠨ ᠳᠤ᠂ ᠬᠤᠲᠠ ᠳᠤ ᠨᠡᠶᠢᠳᠡᠮ ᠳᠡᠭᠡᠨ ︽ᠠᠷᠪᠠᠨ ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ︾ ᠪᠠᠶᠢᠭᠤᠯᠵᠤ᠂ ᠬᠤᠰᠢᠭᠤ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠰᠤᠮᠤ ᠰᠢᠶᠠᠩ ᠪᠠᠯᠭᠠᠰᠤ ᠶᠢᠨ ᠵᠢᠵᠢᠭ ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠲᠥᠪ᠂ ᠭᠠᠴᠠᠭ᠎ᠠ ᠲᠣᠰᠬᠤᠨ ᠤ ᠬᠦᠳᠡᠯᠭᠡᠭᠡᠨ ᠤ ᠦᠷᠳᠡᠭᠡ ᠴᠢᠭ᠋ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃      ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠤᠨ ᠬᠤᠷᠠᠯ 11᠎ ᠤ ᠡᠳᠦᠷ ᠬᠥᠬᠡᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠲᠠᠨ ᠵᠢᠩ ᠹᠧᠩ ᠠᠵᠢᠯ ᠤᠨ ᠢᠯᠡᠳᠬᠡᠯ ᠳᠡᠭᠡᠨ ︽13.5︾᠎ ᠶᠢᠨ ᠬᠤᠭᠤᠴᠠᠭᠠᠨ ᠳᠠᠬᠢ ᠠᠵᠢᠯ ᠤᠨ ᠬᠠᠷᠠᠯᠲᠠ ᠶᠢ ᠥᠭᠦᠯᠡᠬᠦ ᠳᠡᠭᠡᠨ ᠵᠢᠭᠠᠵᠤ ᠭᠠᠷᠭᠠᠭᠰᠠᠨ ᠨᠢ᠂ ᠤᠯᠠᠨ ᠲᠦᠮᠡᠨ ᠤ ᠡᠳᠦᠷ ᠢᠷᠡᠬᠦᠶ᠎ᠡ ᠤᠯᠠᠨ ᠶᠠᠩᠵᠤᠲᠤ᠂ ᠥᠪᠡᠷᠮᠢᠴᠡ ᠴᠢᠨᠠᠷᠲᠠᠶ ᠪᠤᠯᠵᠤ ᠪᠠᠶᠢᠭ᠎ᠠ ᠪᠡᠶ᠎ᠡ ᠴᠢᠬᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠠᠴᠠ ᠭᠠᠳᠠᠨ᠎ᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠲᠤᠭ᠎ᠠ ᠶᠢ ᠤᠳᠤ ᠪᠠᠶᠢᠭ᠎ᠠ 4 ᠲᠦᠮᠡ ᠢᠯᠡᠭᠦᠦ ᠬᠥᠮᠦᠨ ᠠᠴᠠ 5 ᠲᠦᠮᠡᠨ ᠬᠥᠮᠦᠨ ᠠᠴᠠ ᠳᠡᠭᠡᠭᠰᠢ ᠪᠤᠯᠭᠠᠨ ᠨᠡᠮᠡᠭᠳᠡᠭᠦᠯᠵᠦ᠂ ᠬᠥᠮᠦᠨ ᠪᠦᠷᠢ ᠳᠤ ᠨᠤᠭᠳᠠᠬᠤ ᠪᠡᠶ᠎ᠡ ᠶᠢᠨ ᠲᠠᠮᠢᠷ ᠤᠨ ᠲᠠᠯᠠᠪᠠᠢ ᠶᠢ 2.5 ᠲᠡᠭᠰᠢ ᠲᠦᠷᠪᠡᠯᠵᠢᠨ ᠮᠧᠲᠷ ᠲᠤ ᠬᠦᠷᠦᠭᠦᠯᠵᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠢ ᠨᠡᠭᠡᠭᠡᠨ ᠬᠦᠭᠵᠢᠭᠦᠯᠬᠦ ᠨᠤᠷᠮ᠎ᠠ ᠶᠢ 95%᠎ ᠲᠤ ᠬᠦᠷᠦᠭᠦᠯᠬᠦ ᠬᠡᠷᠡᠭᠲᠡᠢ ᠭᠡᠪᠡ᠃      ︽12.5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠤᠨ 84%᠎ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠠᠷᠠᠳ ᠤᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ ᠲᠥᠪ ᠪᠠᠶᠢᠭᠤᠯᠵᠤ᠂ 81%᠎ ᠶᠢᠨ ᠰᠤᠮᠤ ᠰᠢᠶᠠᠩ ᠪᠠᠯᠭᠠᠰᠤ ᠵᠢᠵᠢᠭ ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠲᠥᠪ ᠪᠠᠶᠢᠭᠤᠯᠵᠤ᠂ 60%᠎ ᠶᠢᠨ ᠭᠠᠴᠠᠭ᠎ᠠ ᠲᠣᠰᠬᠤᠨ ᠠᠷᠠᠳ ᠤᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ ᠴᠢᠭ᠋ ᠪᠠᠶᠢᠭᠤᠯᠵᠤ᠂ ᠨᠢᠭᠡ ᠪᠦᠯᠦᠭ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ᠂ ᠭᠡᠷ ᠤᠨ ᠭᠠᠳᠠᠨᠠᠬᠢ ᠪᠤᠯᠪᠠᠰᠤᠷᠠᠯ ᠤᠨ ᠲᠠᠯᠠᠪᠠᠢ᠂ ᠪᠡᠶ᠎ᠡ ᠴᠢᠭᠢᠷᠠᠭᠵᠢᠭᠤᠯᠬᠤ ᠠᠯᠬᠤᠭᠠᠨ ᠤ ᠵᠠᠮ ᠵᠡᠷᠭᠡ ᠪᠡᠯᠡᠳᠬᠡᠮᠵᠢ ᠶᠢ ᠲᠤᠬᠢᠷᠠᠭᠤᠯᠤᠨ ᠬᠡᠷᠡᠭᠯᠡᠭᠦᠯᠵᠦ᠂ ᠬᠥᠮᠦᠨ ᠪᠦᠷᠢ ᠳᠤ ᠨᠤᠭᠳᠠᠬᠤ ᠪᠡᠶ᠎ᠡ ᠶᠢᠨ ᠲᠠᠮᠢᠷ ᠤᠨ ᠲᠠᠯᠠᠪᠠᠢ 1.66 ᠲᠡᠭᠰᠢ ᠳᠦᠷᠪᠡᠯᠵᠢᠨ ᠮᠧᠲᠷ ᠲᠤ ᠬᠦᠷᠪᠡ᠃      2015 ᠣᠨ ᠳᠤ᠂ ᠥᠪᠥᠷ ᠮᠣᠩᠭᠤᠯ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ 2000 ᠭᠠᠷᠤᠶ ᠲᠦᠷᠦᠯ ᠤᠳᠠᠭ᠎ᠠ ᠥᠷᠨᠢᠭᠦᠯᠵᠦ᠂ ᠰᠢᠭᠤᠳ ᠣᠷᠣᠯᠴᠠᠭᠰᠠᠨ ᠬᠦᠢᠮᠣᠠ ᠤ ᠲᠤᠭ᠎ᠠ 1200 ᠲᠦᠮᠡᠨ ᠬᠥᠮᠦᠨ ᠤᠳᠠᠭ᠎ᠠ ᠳᠤ ᠬᠦᠷᠪᠡ᠃ ᠪᠠᠶᠠᠷ ᠴᠡᠩᠭᠡᠯᠲᠦ ᠲᠠᠯ᠎ᠠ ᠨᠤᠲᠤᠭ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠡᠭᠡ ᠴᠤᠭᠯᠠᠭᠠᠨ᠂ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠪᠠᠶᠠᠷ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠴᠤᠭᠯᠠᠭᠠᠨ ᠵᠡᠷᠭᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠷᠡᠲᠦ ᠲᠡᠮᠳᠡᠭᠲᠦ ᠶᠢᠨ ᠠᠵᠢᠯᠯᠠᠭ᠎ᠠ ᠨᠢ ᠥᠷᠭᠡᠨ ᠳᠡᠯᠭᠡᠷ ᠮᠡᠳᠡᠷᠡᠭᠳᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠨᠢ ᠣᠷᠣᠰ᠂ ᠮᠣᠩᠭᠤᠯ ᠤᠯᠤᠰ ᠤᠨ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠠᠢ ᠬᠠᠮᠲᠤᠷᠠᠯᠴᠠᠭ᠎ᠠ ᠰᠣᠯᠢᠯᠴᠠᠭ᠎ᠠ ᠬᠢᠬᠦ ᠪᠠᠨ ᠪᠠᠬᠢᠵᠢᠭᠦᠯᠬᠦ ᠰᠠᠭᠤᠷᠢᠨ ᠳᠡᠭᠡᠷ᠎ᠡ᠂ ᠭᠧᠷᠮᠡᠨ᠂ ᠪᠷᠠᠽᠢᠯ ᠵᠡᠷᠭᠡ ᠤᠯᠤᠰ ᠤᠨ ᠬᠥᠯ ᠪᠥᠮᠪᠥᠭᠡᠨ ᠤ ᠨᠡᠶᠢᠭᠡᠮᠯᠢᠭ ᠲᠠᠢ ᠰᠣᠯᠢᠯᠴᠠᠭ᠎ᠠ ᠬᠠᠮᠲᠤᠷᠠᠯᠴᠠᠭ᠎ᠠ  ᠬᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠨᠢᠭᠡ ᠪᠦᠰᠡ ᠨᠢᠭᠡ ᠵᠠᠮ︾᠎ ᠤᠨ ᠳᠤᠮᠳᠠᠳᠤ ᠣᠷᠣᠰ ᠮᠣᠩᠭᠤᠯ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠵᠤᠰᠠᠯᠠᠩ᠂ ᠡᠪᠦᠯ ᠤᠨ ᠵᠤᠰᠠᠯᠠᠩ ᠪᠣᠯᠤᠨ ᠶᠠᠷᠢᠶᠠᠨ ᠤ ᠲᠠᠪᠴᠠᠩ ᠵᠡᠷᠭᠡ ᠬᠦᠯ ᠪᠥᠮᠪᠥᠭᠡᠨ ᠤ ᠭᠠᠳᠠᠭᠠᠳᠤ ᠲᠠᠢ ᠰᠤᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠦᠷᠨᠢᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号