2015 ᠣᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠠᠴᠠ ᠲᠣᠮᠢᠯᠠᠨ ᠰᠠᠭᠤᠯᠭᠠᠬᠤ ᠪᠠᠶᠢᠭᠤᠯᠤᠮᠵᠢ ᠶᠢ ︽ᠪᠦᠷᠢᠨ ᠪᠥᠷᠬᠦᠭᠦᠯᠬᠦ︾ ᠶᠢ ᠨᠠᠮ ᠤᠨ | ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠭᠤᠣᠯᠳᠠᠯᠭ᠎ᠠ ᠲᠠᠢ ᠠᠵᠢᠯ ᠳᠤ ᠵᠢᠭᠰᠠᠭᠠᠭᠰᠠᠨ ᠪᠥᠭᠡᠳ ᠬᠤᠷᠳᠤᠴᠠ ᠪᠠᠨ ᠨᠡᠮᠡᠭᠳᠡᠭᠦᠯᠦᠨ ᠬᠦᠴᠦ ᠪᠠᠨ ᠨᠡᠮᠡᠭᠳᠡᠭᠦᠯᠵᠦ᠂ | ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠤᠳᠤᠷᠢᠳᠬᠤ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢ | ᠥᠭᠡᠷᠡᠴᠢᠯᠡᠨ ᠪᠦᠷᠢᠨᠰᠢᠭᠦᠯᠵᠦ᠂ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠬᠢᠨᠠᠯᠲᠠ ᠲᠠᠯᠪᠢᠬᠤ ᠶᠢᠨ ᠰᠠᠬᠢᠯᠭ᠎ᠠ | ᠪᠠᠲᠤ ᠶᠢᠨ ᠬᠡᠷᠡᠭᠵᠢᠭᠦᠯᠦᠯᠲᠡ ᠳᠤ ᠬᠠᠷᠢᠭᠤᠴᠠᠯᠭ᠎ᠠ ᠲᠤᠯᠭᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠨ ᠰᠣᠬᠤᠷ ᠪᠠᠯᠠᠢ ᠣᠷᠣᠨ ᠳᠤ ᠪᠠ ᠬᠡᠢ ᠬᠤᠭᠤᠰᠣᠨ ᠣᠷᠣᠨ ᠳᠤ | ᠬᠢᠨᠠᠯᠲᠠ ᠲᠠᠯᠪᠢᠬᠤ ᠶᠢ ᠦᠭᠡᠶᠢᠰᠬᠡᠪᠡ | 2014 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠣᠮᠢᠯᠠᠨ ᠰᠠᠭᠤᠯᠭᠠᠭᠰᠠᠨ᠂ | ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠨᠡᠶᠢᠲᠡ ᠠᠰᠠᠭᠤᠳᠠᠯ ᠲᠠᠢ ᠰᠦᠪᠡᠭᠴᠢ 2424 ᠶᠢ | ᠬᠦᠯᠢᠶᠡᠨ ᠠᠪᠴᠤ ᠰᠢᠢᠳᠪᠦᠷᠢᠯᠡᠵᠦ᠂ 1192 ᠬᠡᠷᠡᠭ ᠢ ᠠᠩᠬ᠎ᠠ ᠬᠠᠷᠭᠤᠭᠤᠯᠵᠤ᠂ 103 ᠬᠡᠷᠡᠭ ᠢ ᠳᠠᠩᠰᠠᠯᠠᠵᠤ᠂ | 130 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠥᠭᠴᠦ᠂ ᠥᠩᠭᠡᠷᠡᠭᠰᠡᠨ ᠤ ᠬᠢ ᠠᠴᠠ ᠪᠦᠷ | ᠶᠡᠭᠡ ᠬᠡᠮᠵᠢᠶ᠎ᠡ ᠪᠠᠷ ᠨᠡᠮᠡᠭᠳᠡᠵᠡᠶ᠃ ᠭᠡᠪᠡᠴᠦ᠂ ᠠᠮᠵᠢᠯᠲᠠ ᠶᠢᠨ ᠠᠷᠤ ᠳᠤ ᠮᠥᠨ ᠯᠡ ᠴᠥᠭᠡᠨ ᠪᠤᠰᠤ ᠠᠰᠠᠭᠤᠳᠠᠯ | ᠪᠣᠯᠣᠨ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠥᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠨᠠᠮ ᠪᠣᠯᠣᠨ ᠲᠥᠷᠥ ᠶᠢᠨ ᠪᠠᠶᠢᠭᠤᠯᠭ᠎ᠠ ᠳᠤ ᠲᠣᠮᠢᠯᠠᠨ ᠰᠠᠭᠤᠯᠭᠠᠭᠰᠠᠨ᠂ ᠲᠣᠮᠢᠯᠠᠭᠰᠠᠨ | ᠪᠠᠶᠢᠭᠤᠯᠤᠮᠵᠢ ᠨᠢ ᠵᠥᠪᠬᠡᠨ 44 ᠨᠢᠭᠡᠴᠡ ᠳᠤ ᠬᠢᠨᠠᠯᠲᠠ ᠲᠠᠯᠪᠢᠬᠤ ᠶᠢ ᠪᠦᠷᠢᠨ ᠪᠦᠷᠭᠦᠭᠦᠯᠵᠦ᠂ 40 ᠨᠢᠭᠡᠴᠡ ᠳᠤ | ᠪᠥᠷᠭᠦᠭᠦᠯᠦᠭᠰᠡᠨ ᠦᠭᠡᠶ ᠪᠥᠭᠡᠳ ᠢᠯᠠᠩᠭᠤᠶ᠎ᠡ ᠨᠠᠮ ᠤᠨ ᠠᠵᠢᠯ ᠤᠨ ᠰᠠᠯᠠᠭ᠎ᠠ ᠮᠥᠴᠢᠷ ᠲᠤ ᠰᠠᠬᠢᠯᠭ᠎ᠠ ᠪᠠᠲᠤ | ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠭᠰᠠᠨ ᠦᠭᠡᠢ ᠮᠥᠷᠲᠡᠭᠡᠨ ᠪᠠᠰᠠ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠳᠤ ᠴᠤ ᠲᠣᠮᠢᠯᠠᠨ ᠰᠠᠭᠤᠯᠭᠠᠭᠰᠠᠨ ᠦᠭᠡᠢ ᠪᠠᠶᠢᠯ᠎ᠠ | ᠃ ᠭᠡᠬᠦ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠱᠠᠲᠤᠨ ᠤ ᠨᠠᠮ ᠪᠣᠯᠣᠨ ᠲᠦᠷᠦ ᠶᠢᠨ ᠪᠠᠶᠢᠭᠤᠯᠭ᠎ᠠ ᠳᠤ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠬᠠᠷᠢᠴᠠᠩᠭᠤᠶ ᠳᠤᠷᠤᠢ ᠪᠠᠭᠤᠷᠠᠶ ᠪᠠᠶᠢᠬᠤ | ᠠᠰᠠᠭᠤᠳᠠᠯ ᠨᠡᠶᠢᠳᠡᠮ ᠣᠷᠣᠰᠢᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮᠵᠢ ᠲᠡᠭᠦᠯᠳᠡᠷ ᠪᠤᠰᠤ᠂ | ᠡᠷᠬᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠢᠵᠠᠭᠠᠷᠯᠠᠯ ᠨᠢ ᠬᠤᠯᠠ ᠲᠤᠲᠠᠮᠠᠭ ᠪᠠᠶᠢᠵᠤ᠂ ᠥᠡᠭᠭᠡᠨ | ᠳᠡᠭᠡᠷ᠎ᠡ ᠪᠠᠨ ᠰᠠᠬᠢᠯᠭ᠎ᠠ ᠪᠠᠲᠤ ᠬᠡᠷᠡᠭᠵᠢᠭᠦᠯᠬᠦ ᠬᠥᠮᠦᠨ ᠲᠠᠢ ᠪᠣᠯᠪᠠᠴᠤ ᠦᠨᠡᠨ ᠳᠡᠭᠡᠨ ᠰᠠᠬᠢᠯᠭ᠎ᠠ ᠪᠠᠲᠤ ᠬᠡᠷᠡᠭᠵᠢᠭᠦᠯᠬᠦ | ᠬᠥᠮᠦᠨ ᠦᠭᠡᠢ ᠪᠣᠶᠤ ᠰᠠᠬᠢᠯᠭ᠎ᠠ ᠪᠠᠲᠤ ᠬᠡᠷᠡᠭᠵᠢᠭᠦᠯᠬᠦ ᠳᠡᠭᠡᠨ ᠰᠤᠯᠠᠪᠲᠤᠷ ᠵᠥᠭᠡᠯᠡᠪᠲᠦᠷ ᠪᠠᠶᠢᠬᠤ ᠠᠰᠠᠭᠤᠳᠠᠯ | ᠣᠷᠣᠰᠢᠵᠤ ᠪᠠᠶᠢᠪᠠ᠃ | ᠡᠭᠦᠨ ᠠᠴᠠ ᠭᠠᠳᠠᠨ᠎ᠠ᠂ ᠰᠠᠭᠤᠭ᠎ᠠ ᠰᠠᠯᠠᠭ᠎ᠠ ᠮᠥᠴᠢᠷ ᠤᠨ ᠲᠠᠯ᠎ᠠ ᠠᠴᠠ ᠠᠪᠴᠤ ᠦᠵᠡᠪᠡᠯ᠂ ᠰᠠᠭᠤᠭ᠎ᠠ | ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠠᠵᠢᠯ ᠤᠨ ᠳᠤᠮᠳᠠ ᠮᠥᠨ ᠬᠦ ᠣᠪᠣᠷ ᠢᠶᠠᠨ ᠢᠯᠡᠳᠬᠡᠬᠦ ᠶᠢ ᠴᠢᠬᠤᠯᠠᠴᠢᠯᠠᠭᠠᠳ | ᠨᠠᠶᠢᠳᠠᠪᠤᠷᠢᠵᠢᠭᠤᠯᠬᠤ ᠶᠢ ᠬᠥᠡᠭᠭᠡᠪᠴᠢᠯᠡᠬᠦ ᠠᠰᠠᠭᠤᠳᠠᠯ ᠣᠷᠣᠰᠢᠵᠤ ᠪᠠᠶᠢᠪᠠ᠃ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠶᠢᠨ ᠲᠠᠯ᠎ᠠ ᠠᠴᠠ ᠦᠵᠡᠪᠡᠯ᠂ ᠵᠠᠷᠢᠮ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠰᠠᠭᠤᠭ᠎ᠠ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠳᠤ ᠣᠷᠣᠯᠴᠠᠬᠤ ᠦᠭᠡᠢ ᠪᠣᠯ ᠬᠢᠨᠠᠯᠲᠠ ᠲᠠᠯᠪᠢᠬᠤ ᠳᠤ ᠳᠥᠭᠦᠮ ᠦᠭᠡᠢ ᠭᠡᠳᠡᠭ | ᠰᠢᠯᠲᠠᠭ ᠢᠶᠠᠷ ᠲᠤᠬᠠᠶᠢᠯᠠᠭᠰᠠᠨ ᠠᠵᠢᠯ ᠤᠨ ᠬᠤᠪᠢᠶᠠᠷᠢᠯᠠᠯ ᠳᠤ ᠢᠯᠡ ᠪᠣᠶᠤ ᠲᠡᠯᠳᠡ ᠪᠠᠷ ᠣᠷᠣᠯᠴᠠᠪᠠ︔ ᠵᠠᠷᠢᠮ | ᠲᠣᠮᠢᠯᠠᠨ ᠰᠠᠭᠤᠯᠭᠠᠭᠰᠠᠨ ᠺᠠᠳ᠋ᠷ ᠨᠢ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠢᠶᠠᠷ | ᠪᠠᠷᠤᠭᠲᠠᠢ᠂ ᠬᠢᠨᠠᠯᠲᠠ ᠲᠠᠯᠪᠢᠬᠤ ᠵᠣᠷᠢᠭ ᠦᠭᠡᠢ᠂ ᠳᠤᠷ᠎ᠠ ᠦᠭᠡᠶ ᠪᠣᠶᠤ ᠰᠠᠨᠠᠭ᠎ᠠ ᠦᠭᠡᠢ ᠪᠠᠶᠢᠪᠠ︔ ᠵᠠᠷᠢᠮ | ᠺᠠᠳ᠋ᠷ ᠤᠨ ᠴᠢᠳᠠᠪᠤᠷᠢ ᠨᠢ ᠠᠨᠠᠢ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ ᠬᠠᠷᠢᠭᠤᠴᠠᠯᠭ᠎ᠠ | ᠲᠤᠯᠭᠠᠬᠤ ᠠᠷᠭ᠎ᠠ ᠨᠢ ᠴᠥᠬᠡᠨ ᠪᠠᠶᠢᠵᠤ᠂ ᠵᠠᠷᠢᠮ ᠨᠢ ᠴᠢᠨᠠᠭᠰᠢᠯᠠᠭᠠᠳ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠲᠤᠬᠠᠶᠢᠯᠠᠭᠰᠠᠨ ᠠᠵᠢᠯ ᠢ ᠣᠶᠢᠯᠠᠭᠠᠬᠤ ᠦᠭᠡᠢ ᠪᠠᠶᠢᠪᠠ᠃ | ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠰᠣᠬᠤᠷ ᠪᠠᠯᠠᠢ ᠣᠷᠣᠨ ᠳᠤ ᠪᠠ ᠬᠡᠢ ᠬᠤᠭᠤᠰᠣᠨ ᠣᠷᠣᠨ ᠳᠤ ᠬᠢᠨᠠᠯᠲᠠ ᠲᠠᠯᠪᠢᠬᠤ ᠶᠢ ᠦᠭᠡᠶᠢᠰᠬᠡᠵᠦ᠂ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠶᠢᠨ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ ᠬᠠᠷᠢᠭᠤᠴᠠᠯᠭ᠎ᠠ | ᠲᠤᠯᠭᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠᠲᠠᠢ ᠪᠣᠯᠪᠠ᠃ | ︽2015 ᠣᠨ ᠤ 3 ᠳ᠋ᠤᠭᠠᠷ ᠰᠠᠷ᠎ᠠ ᠳᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠲᠥᠪ ᠤᠨ ᠠᠯᠪᠠᠨ ᠲᠢᠩᠬᠢᠮ ᠵᠡᠷᠭᠡ 7 ᠲᠣᠮᠢᠯᠠᠨ ᠰᠠᠭᠤᠯᠭᠠᠬᠤ ᠪᠠᠶᠢᠭᠤᠯᠤᠮᠵᠢ ᠶᠢ ᠨᠡᠮᠡᠵᠦ ᠪᠠᠶᠢᠭᠤᠯᠤᠭᠠᠳ᠂ | ᠲᠣᠮᠢᠯᠠᠨ ᠰᠠᠭᠤᠯᠭᠠᠬᠤ ᠶᠢ ︿ᠪᠦᠷᠢᠨ ᠪᠥᠷᠭᠦᠭᠦᠯᠬᠦ﹀ ᠶᠢ ᠪᠡᠶᠡᠯᠡᠭᠦᠯᠵᠦ᠂ ᠮᠤᠵᠢ ᠣᠷᠣᠨ ᠬᠤᠲᠠ ᠶᠢᠨ ᠲᠣᠮᠢᠯᠠᠨ | ᠰᠠᠭᠤᠯᠭᠠᠬᠤ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠳᠤ ᠵᠢᠱᠢᠶ᠎ᠡ ᠦᠵᠡᠭᠦᠯᠪᠡ᠃ ᠵᠠᠯᠭᠠᠭᠠᠳ ᠮᠤᠵᠢ ᠶᠢᠨ | ᠨᠢᠭᠡᠳᠦᠭᠡᠷ ᠱᠠᠲᠤ ︿ᠡᠮ ᠤᠨ ᠵᠣᠷ ᠢᠶᠠᠷ ᠡᠮ ᠠᠪᠬᠤ﹀ ᠨᠢ ᠵᠠᠶᠢᠯᠠᠰᠢ ᠦᠭᠡᠢ ᠶᠠᠪᠤᠳᠠᠯ ᠪᠣᠯᠪᠠ᠃︾ ᠭᠡᠵᠦ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠨᠥᠬᠦᠳ ᠬᠡᠯᠡᠪᠡ᠃ | ᠤᠢᠢᠯᠠ ᠠᠵᠢᠯᠯᠠᠭ᠎ᠠ ᠪᠠᠨ ᠨᠡᠩ ᠬᠦᠴᠦᠲᠡᠶ ᠪᠠᠶᠢᠯᠭᠠᠵᠤ᠂ ᠲᠣᠮᠢᠯᠠᠨ ᠰᠠᠭᠤᠯᠭᠠᠬᠤ ᠶᠢ ︽ᠪᠦᠷᠢᠨ | ᠪᠥᠷᠭᠦᠭᠦᠯᠬᠦ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠭᠤᠷᠪᠠᠳᠤᠭᠠᠷ ᠪᠥᠬᠦᠳᠡ ᠬᠤᠷᠠᠯ ᠤᠨ | ᠲᠣᠭᠲᠠᠭᠠᠯ ᠳᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠥᠪ ᠤᠨ ᠨᠢᠭᠡᠳᠦᠭᠡᠷ ᠱᠠᠲᠤᠨ ᠤ ᠨᠠᠮ | ᠪᠣᠯᠣᠨ ᠲᠦᠷᠤ ᠶᠢᠨ ᠪᠠᠶᠢᠭᠤᠯᠭ᠎ᠠ ᠳᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠲᠣᠮᠢᠯᠠᠨ ᠰᠠᠭᠤᠯᠭᠠᠬᠤ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠯᠲᠡᠶ ᠨᠡᠷᠡᠶᠢᠳᠦᠯ᠂ ᠨᠢᠭᠡᠳᠦᠯᠲᠡᠶ ᠬᠠᠮᠢᠶᠠᠷᠤᠯᠲᠠ ᠶᠢ | ᠶᠠᠪᠤᠭᠳᠠᠭᠤᠯᠬᠤ ᠬᠡᠷᠡᠭᠲᠡᠶ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠡ ᠠᠴᠠ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠲᠦᠷᠭᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠲᠣᠮᠢᠯᠠᠨ ᠰᠠᠭᠤᠯᠭᠠᠬᠤ ᠪᠠᠶᠢᠭᠤᠯᠤᠮᠵᠢ ᠶᠢ | ᠪᠦᠷᠢᠨ ᠪᠦᠷᠭᠦᠭᠦᠯᠬᠦ ᠶᠢ ᠲᠥᠷᠭᠡᠳᠬᠡᠬᠦ ᠶᠢ ᠰᠣᠳᠣᠯᠵᠣ᠂ ᠪᠣᠳᠠᠲᠤ ᠪᠠᠶᠢᠳᠠᠯ ᠢ ᠦᠨᠳᠦᠰᠦᠯᠡᠨ᠂ ᠤᠷᠢᠳᠠᠪᠠᠷ ᠬᠢᠵᠦ | ᠤᠷᠢᠳᠠᠪᠠᠷ ᠲᠤᠷᠰᠢᠪᠠ᠃ | 2015 ᠣᠨ ᠤ 3 ᠳ᠋ᠤᠭᠠᠷ ᠰᠠᠷ᠎ᠠ ᠶᠢᠨ 16 ᠤ ᠡᠳᠦᠷ᠂ ᠦᠪᠡᠷᠲᠡᠭᠡᠨ ᠵᠠᠰᠬᠠᠤ ᠤᠷᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠠᠴᠠ ︽ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠲᠣᠮᠢᠯᠠᠨ ᠰᠠᠭᠤᠯᠭᠠᠬᠤ ᠪᠠᠶᠢᠭᠤᠯᠤᠮᠵᠢ ᠶᠢ ︿ᠪᠦᠷᠢᠨ ᠪᠦᠷᠬᠦᠭᠦᠯᠬᠦ﹀ ᠶᠢ ᠠᠬᠢᠭᠤᠯᠬᠤ ᠲᠤᠬᠠᠢ ᠲᠥᠰᠦᠯ︾ ᠢ | ᠨᠡᠶᠢᠲᠡᠯᠡᠵᠦ᠂ ᠲᠣᠮᠢᠯᠠᠨ ᠰᠠᠭᠤᠯᠭᠠᠬᠤ ᠶᠢ ︽ᠪᠦᠷᠢᠨ ᠪᠦᠷᠬᠦᠭᠦᠯᠬᠦ︾ ᠶᠢᠨ ︽ᠴᠠᠭ ᠤᠨ ᠬᠦᠰᠦᠨᠦᠭᠲᠦ︾ ᠪᠠ ︽ | ᠱᠤᠭᠤᠮ ᠤᠨ ᠵᠢᠷᠤᠭ︾ ᠢ ᠲᠦᠯᠦᠪᠵᠢᠭᠦᠯᠪᠡ︔ 5 ᠳ᠋ᠤᠭᠠᠷ ᠰᠠᠷ᠎ᠠ ᠶᠢᠨ 4 ᠤ ᠡᠳᠦᠷ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠰᠠᠨᠠᠯ︾ ᠵᠢᠴᠢ ︽ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠥᠪᠡᠷᠲᠡᠭᠡᠨ | ᠵᠠᠰᠠᠬᠤ ᠣᠷᠣᠨ ᠤ ᠨᠢᠭᠡᠳᠦᠭᠡᠷ ᠱᠠᠲᠤᠨ ᠤ ᠨᠠᠮ ᠪᠠ ᠲᠦᠷᠤ ᠶᠢᠨ ᠪᠠᠶᠢᠭᠤᠯᠭ᠎ᠠ ᠳᠤ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠤᠮᠵᠢ ᠲᠣᠮᠢᠯᠠᠨ ᠰᠠᠭᠤᠯᠭᠠᠬᠤ ᠠᠵᠢᠯ ᠤᠨ ᠲᠦᠰᠦᠯ︾ ᠢ ᠳᠠᠷᠤᠮᠠᠯᠯᠠᠨ ᠲᠠᠷᠬᠠᠭᠠᠪᠠ︔ 10 ᠳ᠋ᠤᠭᠠᠷ | ᠰᠠᠷ᠎ᠠ ᠶᠢᠨ 20 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ | ᠬᠤᠷᠠᠯ ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ | ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠲᠣᠮᠢᠯᠠᠨ ᠰᠠᠭᠤᠯᠭᠠᠬᠤ ᠰᠢᠨ᠎ᠡ | ᠪᠠᠶᠢᠭᠤᠯᠤᠭᠰᠠᠨ ᠪᠠ ᠲᠣᠬᠢᠷᠠᠭᠤᠯᠤᠭᠰᠠᠨ 36 ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ | ᠲᠣᠬᠢᠷᠠᠭᠤᠯᠬᠤ ᠶᠠᠪᠤᠳᠠᠯ ᠢ ᠲᠤᠰᠬᠠᠢ ᠰᠡᠳᠥᠪ ᠢᠶᠠᠷ ᠰᠣᠳᠤᠯᠪᠡ᠃ ᠢᠩᠬᠢᠭᠡᠳ᠂ ᠰᠢᠨ᠎ᠡ ᠪᠠᠷ ᠲᠤᠰᠢᠶᠠᠯ | ᠡᠭᠦᠷᠭᠡᠯᠡᠭᠰᠡᠨ᠂ ᠲᠣᠬᠢᠷᠠᠭᠤᠯᠤᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ | ᠨᠠᠷ ᠵᠠᠯᠭᠠᠭ᠎ᠠ ᠪᠠᠷ ᠠᠵᠢᠯ ᠤᠨ ᠪᠠᠶᠢᠷᠢᠨ ᠳᠠᠭᠠᠨ ᠭᠠᠷᠪᠠ ᠁ | ︽ᠨᠢᠭᠡᠳᠦᠯᠲᠡᠢ ᠲᠦᠯᠦᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠬᠦ︾ ᠵᠠᠷᠴᠢᠮ ᠶᠣᠰᠤᠭᠠᠷ᠂ | ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠤᠤᠯ ᠤᠨ ᠲᠣᠮᠢᠯᠠᠭᠰᠠᠨ | ᠪᠠᠶᠢᠭᠤᠯᠤᠮᠵᠢ ᠳᠠᠭᠠᠨ ᠦᠭᠡᠷᠡᠴᠢᠯᠡᠯᠲᠡ ᠲᠣᠬᠢᠷᠠᠭᠤᠯᠤᠯᠲᠠ ᠬᠢᠵᠦ᠂ ᠲᠤᠰᠠᠭᠠᠷ ᠲᠣᠮᠢᠯᠠᠨ ᠰᠠᠭᠤᠯᠭᠠᠬᠤ ᠰᠠᠬᠢᠯᠭ᠎ᠠ | ᠪᠠᠲᠤ ᠪᠠᠶᠢᠴᠠᠭᠠᠬᠤ ᠳᠤᠭᠤᠶᠢᠯᠠᠩ ᠢ 19 ᠪᠠᠶᠢᠭᠤᠯᠵᠤ᠂ ᠵᠣᠬᠢᠴᠠᠩᠭᠤᠢ ᠪᠦᠬᠦᠢ 19 ᠰᠠᠯᠠᠭ᠎ᠠ ᠮᠦᠴᠢᠷ ᠪᠠ ᠨᠢᠭᠡᠴᠡ | ᠳᠤ ᠬᠢᠨᠠᠯᠲᠠ ᠲᠠᠯᠪᠢᠬᠤ ᠶᠢ ᠬᠠᠷᠢᠭᠤᠴᠠᠭᠤᠯᠪᠠ︔ ᠰᠠᠬᠢᠯᠭ᠎ᠠ ᠪᠠᠲᠤ ᠪᠠᠶᠢᠴᠠᠭᠠᠬᠤ 17 ᠳᠤᠭᠤᠶᠢᠯᠠᠩ ᠢ | ᠶᠡᠷᠦᠩᠬᠡᠶᠢᠯᠡᠨ ᠲᠣᠮᠢᠯᠠᠨ ᠰᠠᠭᠤᠯᠭᠠᠵᠤ᠂ 64 ᠰᠠᠯᠠᠭ᠎ᠠ ᠮᠦᠴᠢᠷ ᠪᠠ ᠨᠢᠭᠡᠴᠡ ᠳᠤ ᠬᠢᠨᠠᠯᠲᠠ ᠲᠠᠯᠪᠢᠬᠤ ᠶᠢ | ᠬᠠᠷᠢᠭᠤᠴᠠᠭᠤᠯᠪᠠ︔ ᠡᠭᠦᠨ ᠠᠴᠠ ᠭᠠᠳᠠᠨ᠎ᠠ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢ ᠦᠯᠡᠳᠡᠭᠡᠵᠦ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠢᠯᠡᠷᠬᠡᠶᠢᠯᠡᠯ ᠢ ᠨᠡᠮᠡᠨ ᠡᠯᠭᠦᠪᠡ᠃ | ᠡᠭᠦᠨ ᠤ ᠳᠣᠲᠤᠷ᠎ᠠ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ | ᠂ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠵᠡᠷᠭᠡ 7 ᠰᠠᠯᠠᠭ᠎ᠠ ᠮᠦᠴᠢᠷ ᠪᠠ ᠨᠢᠭᠡᠴᠡ ᠳᠤ ᠶᠡᠷᠦᠩᠬᠡᠶᠢᠯᠡᠭᠰᠡᠨ ᠲᠣᠮᠢᠯᠠᠨ | ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠢ ᠠᠩᠬ᠎ᠠ ᠪᠠᠶᠢᠭᠤᠯᠵᠤ᠂ ᠡᠭᠦᠨ ᠤ ᠤᠯᠠᠮ ᠢᠶᠠᠷ | ᠦᠪᠡᠷᠲᠡᠭᠡᠨ ᠵᠠᠰᠠᠬᠤ ᠤᠷᠤᠨ ᠤ ᠱᠠᠲᠤᠨ ᠤ ᠨᠠᠮ ᠪᠠ ᠲᠥᠷᠦ ᠶᠢᠨ ᠪᠠᠶᠢᠭᠤᠯᠭ᠎ᠠ ᠳᠤ ᠬᠢᠨᠠᠯᠲᠠ ᠲᠠᠯᠪᠢᠬᠤ ᠶᠢ | ᠪᠦᠷᠬᠦᠭᠦᠯᠦᠨ᠂ ᠲᠤᠰ ᠱᠠᠲᠤᠨ ᠤ ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠪᠡ᠃ ᠪᠣᠢ ᠪᠦᠬᠦᠢ ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠭ᠎ᠠ ᠶᠢᠨ ᠨᠡᠷᠡᠶᠢᠳᠦᠯ ᠢ ︽ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ︾ ᠭᠡᠵᠦ ᠨᠢᠭᠡᠳᠦᠯᠲᠡᠢ ᠨᠡᠷᠡᠶᠢᠳᠴᠦ᠂ ᠲᠣᠮᠢᠯᠠᠨ | ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠤ ᠨᠡᠷᠡᠶᠢᠳᠦᠯ ᠢ ︽ | ᠳᠤᠭᠤᠶᠢᠯᠠᠩ ᠤᠨ ᠳᠠᠷᠤᠭ᠎ᠠ︾ ︽ᠳᠤᠭᠤᠶᠢᠯᠠᠩ ᠤᠨ ᠳᠡᠳ᠋ ᠳᠠᠷᠤᠭ᠎ᠠ︾ ᠨᠢᠭᠡᠳᠦᠯᠲᠡᠢ ᠨᠡᠷᠡᠶᠢᠳᠦᠪᠡ᠃ | ᠭᠤᠣᠯ ᠬᠠᠷᠢᠴᠠᠭᠤᠯᠭ᠎ᠠ ᠭᠤᠣᠯ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠦᠨ ᠲᠣᠮᠢᠯᠠᠨ ᠰᠠᠭᠤᠯᠭᠠᠵᠤ | ᠬᠢᠨᠠᠯᠲᠠ ᠲᠠᠯᠪᠢᠬᠤ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠪᠡ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ︽ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ 6 ᠵᠦᠢᠯ ᠤᠨ | ᠠᠵᠢᠯ ᠤᠨ ᠡᠭᠦᠷᠭᠡ ᠬᠠᠷᠢᠭᠤᠴᠠᠯᠭ᠎ᠠ ᠪᠠ 8 ᠵᠦᠢᠯ ᠤᠨ ᠬᠢᠨᠠᠯᠲᠠ ᠲᠠᠯᠪᠢᠬᠤ ᠡᠷᠬᠡ ᠮᠡᠳᠡᠯ ᠢ ᠨᠠᠷᠢᠨ ᠲᠣᠭᠲᠠᠭᠠᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ | ᠰᠢᠨ᠎ᠡ ᠪᠠᠶᠢᠭᠤᠯᠤᠭᠰᠠᠨ᠂ ᠲᠣᠬᠢᠷᠠᠭᠤᠯᠤᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ | ᠲᠣᠬᠢᠷᠠᠭᠤᠯᠬᠤ ᠶᠠᠪᠤᠳᠠᠯ ᠢ ᠲᠤᠰᠬᠠᠢ ᠰᠡᠳᠦᠪ ᠢᠶᠠᠷ ᠰᠣᠳᠤᠯᠵᠤ᠂ ᠨᠢᠭᠡ ᠪᠦᠯᠦᠭ ᠤᠯᠤᠰ ᠲᠥᠷᠦ ᠶᠢᠨ ᠲᠠᠯ᠎ᠠ ᠪᠠᠷ | ᠪᠣᠯᠪᠠᠰᠤᠷᠠᠩᠭᠤᠢ᠂ ᠣᠨᠤᠯ ᠤᠨ ᠬᠢᠷᠢ ᠬᠡᠮᠵᠢᠶ᠎ᠡ ᠦᠨᠳᠦᠷ᠂ ᠵᠡᠷᠴᠢᠮᠵᠢ ᠴᠢᠨᠠᠷ ᠢᠶᠠᠷ ᠴᠢᠩᠭ᠎ᠠ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠢ ᠰᠤᠩᠭᠤᠨ ᠲᠣᠮᠢᠯᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ ᠸᠠᠩ ᠵᠢᠶᠦ᠋ᠨ ᠰᠢᠨ᠎ᠡ ᠪᠠᠷ ᠲᠣᠮᠢᠯᠠᠭᠳᠠᠭᠰᠠᠨ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠨᠠᠷ ᠲᠠᠢ ᠲᠤᠰᠢᠶᠠᠯ ᠡᠭᠦᠷᠭᠡᠯᠡᠬᠦ ᠲᠤᠬᠠᠢ ᠶᠠᠷᠢᠯᠴᠠᠪᠠ᠃ | ᠰᠢᠨ᠎ᠡ ᠪᠠᠶᠢᠭᠤᠯᠤᠭᠰᠠᠨ ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠪᠠ | ᠠᠵᠢᠯᠲᠠᠨ ᠠᠵᠢᠯ ᠤᠨ ᠪᠠᠶᠢᠷᠢᠨ ᠳᠠᠭᠠᠨ ᠬᠦᠷᠦᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠲᠡᠷᠡ ᠳᠣᠣᠷ᠎ᠠ ᠨᠢ ᠦᠪᠡᠷᠲᠡᠭᠡᠨ ᠵᠠᠰᠠᠬᠤ | ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠦᠪᠡᠷᠲᠡᠭᠡᠨ ᠵᠠᠰᠠᠬᠤ | ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠮᠢᠯᠠᠨ ᠰᠠᠭᠤᠯᠭᠠᠬᠤ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ ᠤᠨ ᠪᠦᠬᠦ ᠠᠵᠢᠯᠲᠠᠨ ᠳᠤ ᠲᠤᠰᠬᠠᠢ ᠰᠡᠳᠥᠪ ᠢᠶᠠᠷ ᠪᠣᠯᠪᠠᠰᠤᠷᠠᠯ ᠬᠢᠪᠡ᠃ | | |