ᠥᠪᠥᠷ ᠵᠠᠰᠠᠭ ᠲᠠᠷᠬᠠᠭᠠᠭᠰᠠᠨ ﹇2015﹈ 77 ᠳ᠋ᠤᠭᠠᠷ ᠲᠤᠭᠠᠳᠤ | 7 ᠳ᠋ᠤᠭᠠᠷ ᠰᠠᠷ᠎ᠠ ᠶᠢᠨ 15 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠨ ᠳᠤ᠄ | ᠪᠦᠬᠦ ᠣᠷᠣᠨ ᠤ ᠰᠢᠶᠠᠨ ᠤ ᠬᠤᠲᠠ ︵ᠬᠤᠰᠢᠭᠤ᠂ ᠰᠢᠶᠠᠨ ᠪᠠ ᠰᠢᠶᠠᠨ ᠤ ᠱᠠᠲᠤᠨ ᠤ ᠬᠤᠲᠠ ᠶᠢᠨ | ᠲᠣᠭᠤᠷᠢᠭ ᠪᠠᠭᠳᠠᠨ᠎ᠠ᠂ ᠲᠣᠷᠣᠭᠰᠢ ᠠᠳᠠᠯᠢ︶ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ | ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠬᠥᠳᠡᠭᠡ ᠶᠢᠨ | ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠭᠡᠷᠡᠴᠢᠯᠡᠨ ᠰᠠᠶᠢᠵᠢᠷᠠᠭᠤᠯᠵᠣ᠂ ᠰᠢᠶᠠᠨ ᠤ | ᠬᠡᠪᠴᠢᠶᠡᠨ ᠤ ᠠᠵᠤ ᠠᠬᠤᠶ ᠶᠢ ᠲᠦᠷᠭᠡᠣᠡᠭᠡᠨ ᠬᠥᠭᠵᠢᠭᠦᠯᠣᠨ᠂ ᠰᠢᠶᠠᠨ ᠤ ᠬᠤᠲᠠ ᠶᠢᠨ ᠪᠦᠬᠦᠯᠢ ᠴᠣᠭᠴᠠ ᠶᠢᠨ | ᠪᠣᠳᠠᠲᠤ ᠬᠦᠴᠦᠨ ᠢ ᠳᠡᠭᠡᠭᠰᠢᠯᠡᠭᠦᠯᠣᠨ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠤᠲᠠ ᠬᠥᠳᠡᠭᠡ ᠶᠢᠨ | ᠨᠢᠭᠡ ᠴᠤᠭᠴᠠᠵᠢᠯᠳᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠰᠠᠳᠠ᠂ ᠡᠳᠣᠭᠡ ᠠᠮᠢ ᠠᠬᠤᠶ ᠶᠢᠨ | ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠣᠡᠭᠡᠨ | ᠠᠬᠢᠭᠤᠯᠬᠤ ᠪᠠᠷ ᠳᠣᠣᠷᠠᠬᠢ ᠮᠡᠲᠦ ᠰᠠᠨᠠᠯ ᠳᠤᠷᠠᠣᠡᠪᠠ᠃ | ᠨᠢᠭᠡ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠩᠳᠠᠢ | ᠰᠢᠶᠠᠨ ᠤ ᠬᠤᠲᠠ ᠪᠣᠯ ᠬᠤᠲᠠ ᠪᠠᠯᠭᠠᠰᠤᠨ ᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ | ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠦ ᠶᠢ ᠬᠡᠷᠡᠭᠵᠢᠭᠦᠯᠣᠨ᠂ ᠬᠥᠮᠦᠨ ᠢᠶᠠᠷ ᠦᠨᠳᠣᠰᠣ ᠪᠣᠯᠭᠠᠭᠰᠠᠨ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢ ᠳᠥᠯᠭᠢᠨ ᠠᠬᠢᠭᠤᠯᠬᠤ ᠶᠢᠨ ᠴᠢᠬᠤᠯᠠ ᠠᠴᠢᠶᠠᠯᠠᠪᠣᠷᠢ | ᠮᠥᠨ᠂ ᠣᠷᠣᠨ ᠪᠦᠰᠡ ᠶᠢᠨ ᠲᠥᠪ ᠬᠤᠲᠠ ᠶᠢᠨ ᠵᠠᠩᠭᠢᠶᠠᠰᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠲᠥᠪ | ᠂ ᠬᠤᠲᠠ ᠬᠥᠳᠡᠭᠡ ᠶᠢᠨ ᠨᠢᠭᠡ ᠴᠤᠭᠴᠠᠵᠢᠯᠳᠠ ᠶᠢᠨ ᠲᠤᠯᠣᠭᠴᠢ ᠴᠡᠭ ᠮᠥᠨ᠂ ᠰᠢᠶᠠᠨ ᠤ ᠬᠤᠲᠠ ᠶᠢᠨ ᠪᠦᠲᠦᠭᠡᠨ | ᠪᠠᠶᠢᠭᠤᠯᠣᠯᠳᠠ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠠᠭᠤᠷᠢ ᠮᠥᠨ᠃ | ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠣᠡᠭᠡᠨ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠪᠦᠬᠦ ᠣᠷᠣᠨ ᠤ ᠬᠤᠲᠠ ᠪᠠᠯᠭᠠᠰᠤᠵᠢᠯᠳᠠ ᠶᠢᠨ ᠠᠬᠢᠴᠠ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠴᠢᠬᠤᠯᠠ | ᠶᠡᠭᠡ ᠠᠷᠭ᠎ᠠ ᠬᠡᠮᠵᠢᠶ᠎ᠡ ᠪᠣᠯᠣᠨ᠎ᠠ︔ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠣᠡᠭᠡᠨ | ᠬᠤᠪᠢᠷᠠᠭᠤᠯᠬᠤ ᠪᠠ ᠪᠦᠲᠦᠴᠡ ᠶᠢ ᠲᠣᠬᠢᠷᠠᠭᠤᠯᠵᠣ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠳᠥᠯᠭᠢᠨ ᠠᠬᠢᠭᠤᠯᠬᠤ ᠬᠦᠴᠦᠲᠡᠶ ᠲᠦᠰᠢᠭ ᠲᠤᠯᠭᠠᠭᠤᠷᠢ ᠪᠣᠯᠣᠨ᠎ᠠ︔ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠵᠣ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠴᠢᠬᠤᠯᠠ ᠠᠷᠭ᠎ᠠ ᠵᠠᠮ | ᠪᠣᠯᠣᠨ᠎ᠠ︔ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠭᠦᠨᠵᠡᠭᠡᠶᠢᠷᠠᠭᠦᠯᠣᠨ ᠭᠦᠭᠵᠢᠭᠦᠯᠭᠦ ᠶᠢ ᠠᠬᠢᠭᠤᠯᠵᠣ᠂ | ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠳᠡ᠂ ᠬᠤᠲᠠ ᠪᠠᠯᠭᠠᠰᠣᠵᠢᠯᠳᠡ ᠪᠠ ᠲᠠᠷᠢᠶᠠᠯᠠᠩ | ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠡᠷᠭᠡᠪᠡᠷ ᠬᠥᠭᠵᠢᠭᠦ ᠶᠢ ᠠᠬᠢᠭᠤᠯᠬᠤ ᠶᠢᠨ ᠵᠠᠶᠢᠯᠠᠰᠢ ᠦᠭᠡᠶ | ᠱᠠᠭᠠᠷᠳᠠᠯᠭ᠎ᠠ ᠪᠣᠯᠣᠨ᠎ᠠ︔ ᠰᠢᠶᠠᠨ ᠤ ᠬᠤᠲᠠ ᠶᠢᠨ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ | ᠮᠠᠯᠵᠢᠬᠤ ᠳᠠᠷᠢᠶᠠᠯᠠᠬᠤ ᠣᠷᠣᠨ ᠤ ᠬᠥᠭᠵᠢᠯᠲᠡ ᠶᠢ ᠨᠦᠯᠣᠭᠡᠯᠡᠨ ᠳᠠᠶᠢᠴᠢᠯᠠᠵᠣ᠂ ᠠᠵᠤ ᠦᠢᠯᠡᠳᠪᠦᠷᠢ ᠪᠠᠷ | ᠲᠠᠷᠢᠶᠠᠯᠠᠩ ᠢ ᠠᠬᠢᠭᠤᠯᠬᠤ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ ᠬᠥᠳᠡᠭᠡ ᠶᠢ ᠨᠢᠭᠡ | ᠴᠣᠭᠴᠠᠵᠢᠭᠤᠯᠣᠨ ᠭᠦᠭᠵᠢᠭᠦᠯᠭᠦ ᠰᠢᠨ᠎ᠡ ᠮᠠᠶ᠋ᠢᠭ ᠤᠨ ᠬᠤᠲᠠ ᠬᠥᠳᠡᠭᠡ ᠶᠢᠨ ᠬᠠᠷᠢᠴᠠᠭ᠎ᠠ ᠶᠢ ᠪᠣᠢ ᠪᠣᠯᠭᠠᠬᠤ ᠶᠢᠨ | ᠲᠣᠯᠭᠠᠮ᠎ᠠ ᠱᠠᠭᠠᠷᠳᠠᠯᠭ᠎ᠠ ᠪᠣᠯᠣᠨ᠎ᠠ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠠᠵᠤ ᠠᠬᠤᠶ | ᠬᠠᠷᠠᠬᠠᠨ ᠬᠥᠭᠵᠢᠭᠡᠳᠦᠶ ᠬᠢᠯᠢ ᠬᠢᠵᠠᠭᠠᠷ ᠤᠨ ᠴᠥᠭᠡᠨ ᠲᠤᠭᠠᠳᠤ ᠦᠨᠳᠦᠰᠦᠲᠡᠨ ᠤ ᠭᠠᠵᠠᠷ ᠣᠷᠣᠨ ᠪᠣᠯᠬᠤᠷ᠂ | ᠣᠳᠣ ᠶᠠᠭ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ | ᠵᠠᠩᠬᠢᠯᠭ᠎ᠠ ᠶᠢᠨ ᠬᠤᠭᠤᠴᠠᠭᠠᠨ ᠳᠤ ᠪᠠᠶᠢᠨ᠎ᠠ᠃ ᠣᠳᠣᠬᠠᠨ ᠳᠤ᠂ ᠪᠦᠬᠦ ᠣᠷᠣᠨ ᠤ ᠣᠯᠠᠩᠬᠢ ᠰᠢᠶᠠᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠨᠢ ᠬᠡᠳᠦ᠋ᠢᠪᠡᠷ ᠡᠳᠦᠶ ᠲᠡᠳᠦᠶ ᠳᠡᠭᠡᠭᠰᠢᠯᠡᠭᠰᠠᠨ ᠪᠣᠯᠪᠠᠴᠣ᠂ ᠮᠦᠨᠴᠣ | ᠪᠦᠬᠦᠯᠢ ᠴᠣᠭᠴᠠ ᠶᠢᠨ ᠬᠢᠷᠢ ᠬᠡᠮᠵᠢᠶ᠎ᠡ ᠨᠢ ᠥᠨᠳᠥᠷ ᠪᠢᠰᠢ᠂ ᠬᠥᠭᠵᠢᠯᠲᠡ ᠨᠢ ᠲᠡᠩᠴᠡᠭᠦᠷᠢ ᠦᠭᠡᠶ᠂ ᠴᠢᠳᠠᠮᠵᠢ ᠨᠢ | ᠲᠡᠭᠦᠯᠳᠡᠷ ᠪᠢᠰᠢ᠂ ᠣᠨᠴᠠᠯᠢᠭ ᠪᠠ ᠳᠦᠷᠰᠦ ᠪᠠᠶᠢᠳᠠᠯ ᠨᠢ ᠲᠣᠳᠣᠷᠬᠠᠶ ᠦᠭᠡᠶ᠂ ᠬᠠᠮᠢᠶᠠᠷᠤᠯᠲᠠ ᠶᠢᠨ ᠠᠷᠭ᠎ᠠ | ᠮᠠᠶ᠋ᠢᠭ ᠨᠢ ᠪᠦᠳᠦᠭᠦᠯᠢᠭ᠂ ᠶᠡᠷᠦᠩᠬᠡᠶᠢᠯᠡᠭᠰᠡᠨ ᠳᠠᠭᠠᠭᠠᠴᠠ ᠭᠦᠴᠣᠨ ᠪᠣᠯᠤᠨ ᠰᠢᠶᠠᠨ ᠤ ᠪᠦᠰᠡ ᠶᠢᠨ ᠬᠥᠭᠵᠢᠯᠲᠡ ᠶᠢ | ᠳᠠᠶᠢᠴᠢᠯᠠᠬᠤ ᠴᠢᠳᠠᠪᠤᠷᠢ ᠴᠢᠩᠭ᠎ᠠ ᠪᠢᠰᠢ ᠵᠡᠷᠭᠡ ᠠᠰᠠᠭᠤᠳᠠᠯ ᠣᠷᠣᠰᠢᠵᠣ᠂ ᠨᠢᠭᠡᠨᠲᠡ ᠬᠤᠲᠠ ᠶᠢᠨ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠶᠢᠨ ᠭᠦᠷᠣᠯᠴᠡᠭᠦ ᠦᠭᠡᠢ ᠳᠠᠯ᠎ᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠮᠠᠰᠢ ᠵᠣᠬᠢᠴᠠᠯᠳᠣᠬᠤ ᠦᠭᠡᠶ ᠪᠠᠶᠢᠨ᠎ᠠ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠳ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠦᠨᠳᠣᠷᠴᠨ ᠠᠴᠠ ᠡᠭᠦᠰᠴᠦ᠂ | ᠰᠢᠨ᠎ᠡ ᠪᠠᠶᠢᠳᠠᠯ ᠲᠣᠣᠷᠠᠬᠢ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠣᠡᠭᠡᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ | ᠲᠥᠷᠥᠯ ᠬᠤᠪᠢᠶᠠᠨ ᠵᠢᠯᠣᠭᠤᠳᠴᠣ᠂ ᠣᠨᠴᠠᠯᠢᠭ ᠢᠶᠠᠨ ᠲᠣᠪᠤᠶᠢᠯᠭᠠᠨ᠂ ᠲᠣᠭᠲᠠᠴᠠ ᠳᠤ ᠰᠢᠨ᠎ᠡ ᠶᠢ ᠡᠭᠦᠳᠣᠨ᠂ | ᠰᠢᠶᠠᠨ ᠤ ᠬᠤᠲᠠ ᠶᠢᠨ ᠬᠥᠭᠵᠢᠯᠳᠠ ᠶᠢᠨ ᠠᠮᠢᠵᠢᠷᠠᠯ ᠤᠨ ᠬᠦᠴᠦᠨ ᠢ ᠦᠨᠡᠡᠭᠦ ᠨᠡᠮᠡᠭᠳᠡᠭᠦᠯᠵᠣ᠂ ᠰᠢᠶᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠱᠠᠳᠣᠨ ᠳᠤ ᠭᠠᠷᠭᠠᠬᠤ ᠪᠠᠷ ᠳᠥᠯᠭᠢᠨ ᠠᠬᠢᠭᠤᠯᠣᠨ᠎ᠠ᠃ | ᠬᠤᠶᠠᠷ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠢᠶᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶ᠎ᠠ ᠢᠯᠠᠩᠭᠤᠶ᠎ᠠ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ | ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ︽8337︾ ᠬᠥᠭᠵᠢᠯᠲᠡ ᠶᠢᠨ ᠰᠡᠳᠬᠢᠮᠵᠢ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠬᠤ᠂ ᠰᠠᠭᠤᠷᠢ ᠪᠡᠯᠡᠣᠡᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠣᠶ ᠶᠢ ᠤᠭᠲᠤᠬᠤ ᠵᠡᠷᠭᠡ ᠠᠵᠠ ᠲᠣᠬᠢᠶᠠᠯ ᠢ ᠴᠢᠩᠭ᠎ᠠ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠭᠴᠢ ᠬᠦᠴᠦᠨ ᠪᠣᠯᠭᠠᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠰᠢᠶᠠᠨ ᠤ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠭᠤᠣᠯᠳᠠᠯᠭ᠎ᠠ ᠲᠠᠢ ᠳᠡᠭᠡᠭᠰᠢᠯᠡᠭᠦᠯᠣᠨ᠂ ᠬᠤᠲᠠ ᠪᠠᠯᠭᠠᠰᠤᠨ ᠤ ᠴᠢᠳᠠᠮᠵᠢ ᠶᠢ | ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠂ ᠬᠤᠲᠠ ᠪᠠᠯᠭᠠᠰᠤᠨ ᠤ | ᠦᠪᠡᠷᠮᠢᠴᠨ ᠣᠨᠴᠠᠯᠢᠭ ᠲᠣᠪᠤᠶᠢᠮ᠎ᠠ᠂ ᠠᠵᠣ ᠦᠢᠯᠡᠰ ᠪᠠ ᠬᠤᠳᠠ ᠶᠢᠨ ᠭᠦᠨᠵᠡᠭᠡᠶ ᠠᠭᠤᠰᠣᠯᠴᠠᠭᠰᠠᠨ᠂ ᠣᠯᠠᠨ | ᠨᠡᠶᠢᠲᠡ ᠶᠢᠨ ᠦᠢᠯᠡᠴᠢᠯᠡᠭᠡ ᠲᠡᠭᠦᠯᠳᠡᠷ᠂ ᠨᠡᠶᠢᠭᠡᠮ ᠢ ᠦᠨᠳᠣᠷ ᠪᠦᠲᠦᠮᠵᠢ ᠲᠠᠢ ᠵᠠᠰᠠᠭᠰᠠᠨ᠂ ᠲᠠᠯ᠎ᠠ ᠨᠤᠲᠤᠭ ᠤᠨ | ᠰᠣᠶᠣᠯ ᠪᠣᠯᠤᠨ ᠴᠠᠭ ᠦᠶ᠎ᠡ ᠶᠢᠨ ᠵᠣᠷᠢᠭ ᠰᠠᠨᠠᠭ᠎ᠠ ᠶᠢᠨ ᠦᠢᠯᠡᠳᠣᠯ ᠢ ᠲᠣᠰᠬᠠᠭᠰᠠᠨ ᠠᠮᠢ ᠠᠬᠤᠶ ᠶᠢᠨ | ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢ ᠪᠦᠲᠦᠭᠡᠨ ᠪᠠᠶᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | — ᠬᠥᠮᠦᠨ ᠢᠶᠠᠷ ᠦᠨᠳᠦᠰᠦ ᠪᠣᠯᠭᠠᠨ᠎ᠠ᠃ ᠬᠥᠮᠦᠰ ᠤᠨ ᠣᠷᠣᠰᠢᠨ ᠠᠮᠢᠳᠤᠷᠠᠬᠤ ᠪᠠ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯ ᠪᠣᠯᠭᠠᠭᠰᠠᠨ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠠᠭᠤᠷᠢ ᠪᠡᠯᠡᠣᠡᠭᠡᠮᠵᠢ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠣᠨ᠂ ᠰᠢᠶᠠᠨ ᠤ | ᠬᠤᠲᠠ ᠶᠢᠨ ᠬᠥᠭᠵᠢᠯᠲᠡ ᠳᠤᠮᠳᠠᠬᠢ ᠲᠣᠪᠤᠶᠢᠮ᠎ᠠ ᠵᠥᠷᠢᠴᠡᠯ ᠪᠠ ᠠᠰᠠᠭᠤᠳᠠᠯ ᠢ ᠦᠨᠡᠡᠭᠦ ᠰᠢᠢᠣᠡᠪᠣᠷᠢᠯᠡᠭᠦ ᠬᠡᠷᠡᠭᠲᠡᠶ︔ | ᠠᠷᠠᠳ ᠤᠨ ᠠᠮᠢᠳᠤᠷᠠᠯ ᠢ ᠠᠩᠬᠠᠷᠴᠤ᠂ ᠰᠢᠶᠠᠨ ᠤ ᠬᠤᠲᠠ ᠶᠢᠨ ᠬᠤᠲᠠ ᠪᠠᠯᠭᠠᠰᠤᠨ ᠤ ᠴᠢᠳᠠᠮᠵᠢ ᠪᠠ ᠰᠠᠭᠤᠭᠠᠯᠢ | ᠠᠷᠠᠳ ᠤᠨ ᠠᠮᠢᠳᠤᠷᠠᠯ ᠤᠨ ᠬᠡᠪ ᠴᠢᠨᠠᠷ ᠢ ᠳᠡᠭᠡᠭᠰᠢᠯᠡᠭᠦᠯᠣᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ | ᠳᠡᠩᠴᠡᠭᠦᠷᠢᠵᠢᠯ ᠢ ᠠᠯᠬᠤᠮ ᠠᠯᠬᠤᠮ ᠢᠶᠠᠷ ᠪᠡᠶᠡᠯᠡᠭᠦᠯᠵᠣ ᠪᠠᠶᠢᠭᠠᠣᠨ ᠥᠭᠡᠷᠡᠴᠢᠯᠡᠯᠲᠡ ᠬᠥᠭᠵᠢᠯᠳᠠ ᠪᠠ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠰᠠᠭᠤᠭᠠᠯᠢ ᠠᠷᠠᠳ ᠲᠤ ᠬᠠᠮᠲᠤ ᠪᠠᠷ ᠭᠦᠷᠳᠡᠭᠡᠨ᠎ᠠ᠃ | — ᠠᠮᠢ ᠠᠬᠤᠶ ᠶᠢᠨ ᠪᠣᠯᠪᠠᠰᠤᠨ ᠲᠠᠢ᠃ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠰᠢᠶᠠᠨ ᠤ | ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠪᠦᠬᠦ ᠶᠠᠪᠤᠴᠠ ᠳᠤ | ᠠᠭᠤᠰᠣᠯᠴᠠᠭᠤᠯᠣᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠯ᠎ᠡ ᠭᠠᠵᠠᠷ ᠣᠷᠣᠨ ᠤ ᠪᠠᠶᠢᠭᠠᠯᠢ ᠶᠢᠨ | ᠡᠬᠢ ᠪᠠᠶᠠᠯᠢᠭ ᠲᠠᠬᠢ ᠲᠦᠷᠣᠯᠬᠢ ᠳᠠᠯ᠎ᠠ᠂ ᠦᠪᠡᠷᠮᠢᠴᠨ ᠣᠨᠴᠠᠯᠢᠭ ᠤᠨ ᠳᠠᠪᠠᠭᠤᠯᠢᠭ ᠲᠠᠯ᠎ᠠ᠂ ᠠᠮᠢ ᠠᠬᠤᠶ ᠶᠢᠨ | ᠣᠷᠴᠢᠨ ᠲᠣᠭᠤᠷᠢᠨ᠂ ᠲᠡᠦᠬᠡ ᠰᠣᠶᠣᠯ ᠪᠠ ᠠᠵᠤ ᠠᠬᠤᠶ ᠶᠢᠨ ᠬᠥᠭᠵᠢᠯᠲᠡ ᠶᠢᠨ ᠱᠠᠲᠤ ᠦᠶ᠎ᠡ ᠵᠡᠷᠭᠡ | ᠲᠠᠯ᠎ᠠ ᠪᠠᠷ ᠬᠢ ᠵᠥᠷᠢᠶ᠎ᠡ ᠶᠢ ᠭᠦᠢᠴᠡᠣᠨ ᠪᠣᠳᠣᠯᠬᠢᠯᠠᠵᠣ᠂ ᠦᠢᠯᠡᠳᠪᠦᠷᠢᠯᠡᠯ ᠤᠨ ᠣᠷᠣᠨ ᠵᠠᠶ ᠢᠶᠠᠷ ᠡᠷᠴᠢᠮᠯᠢᠭ | ᠪᠦᠭᠡᠣᠨ ᠥᠨᠳᠥᠷ ᠪᠦᠲᠦᠮᠵᠢᠲᠡᠶ᠂ ᠠᠮᠢᠳᠤᠷᠠᠯ ᠤᠨ ᠣᠷᠣᠨ ᠵᠠᠶ ᠨᠢ ᠰᠠᠭᠤᠷᠢᠰᠢᠬᠤ ᠳᠤ ᠲᠣᠬᠢᠳᠠᠢ᠂ ᠠᠮᠢ | ᠠᠬᠤᠶ ᠶᠢᠨ ᠣᠷᠣᠨ ᠵᠠᠶ ᠶᠢᠨ ᠠᠭᠤᠯᠠ ᠨᠢ ᠴᠡᠩᠭᠡᠷ ᠣᠰᠣ ᠨᠢ ᠲᠣᠩᠭᠠᠯᠠᠭ ᠢᠶᠠᠷ ᠬᠥᠭᠵᠢᠭᠦᠯᠬᠦ ᠬᠠᠷᠠᠯᠲᠠ ᠶᠢᠨ | ᠣᠷᠣᠨ ᠪᠠᠶᠢᠷᠢᠰᠢᠯ ᠢ ᠲᠣᠭᠲᠠᠭᠠᠵᠣ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢ | ᠴᠢᠷᠮᠠᠶᠢᠨ ᠪᠤᠶ ᠪᠣᠯᠭᠠᠨ᠎ᠠ᠃ | — ᠲᠥᠷᠥᠯ ᠬᠤᠪᠢᠶᠠᠨ ᠵᠢᠯᠣᠭᠤᠳᠣᠨ᠎ᠠ᠃ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠣᠰᠣᠭᠠᠷ | ᠂ ᠰᠢᠶᠠᠨ ᠤ ᠬᠤᠲᠠ ᠶᠢᠨ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠪᠦᠬᠦᠯᠢ ᠴᠣᠭᠴᠠ ᠪᠠᠷ | ᠳᠥᠯᠭᠢᠨ ᠠᠬᠢᠭᠤᠯᠬᠤ ᠬᠡᠷᠩᠳᠠᠢ᠃ ᠠᠵᠤ ᠠᠬᠤᠶ ᠶᠢᠨ ᠰᠠᠭᠤᠷᠢ᠂ ᠣᠷᠣᠨ ᠪᠠᠶᠢᠷᠢ ᠶᠢᠨ ᠨᠥᠬᠦᠴᠡᠯ ᠵᠡᠷᠭᠡ ᠭᠦᠴᠣᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠵᠢᠯᠣᠭᠤᠳᠴᠣ᠂ ᠬᠠᠶᠢᠨ ᠰᠦᠪᠡᠭᠴᠢᠯᠡᠵᠣ | ᠰᠢᠨ᠎ᠡ ᠶᠢ ᠡᠭᠦᠳᠬᠦ ᠪᠠ ᠲᠤᠷᠰᠢᠯᠲᠠ ᠶᠢᠨ ᠴᠢᠬ ᠤᠷᠢᠳᠠᠪᠠᠷ ᠬᠢᠭᠦ ᠶᠢ ᠵᠣᠷᠢᠬᠵᠢᠭᠤᠯᠤᠨ᠂ ᠭᠤᠣᠯᠳᠠᠯᠭ᠎ᠠ ᠲᠠᠢ | ᠰᠢᠪᠲᠤᠯᠬᠤ ᠶᠢ ᠪᠡᠶᠡᠯᠡᠭᠦᠯᠵᠣ᠂ ᠲᠤᠷᠰᠢᠯᠭ᠎ᠠ ᠶᠢ ᠳ᠋ᠦᠩᠨᠡᠵᠣ ᠳᠡᠯᠭᠡᠷᠡᠭᠦᠯᠣᠨ᠂ ᠦᠯᠢᠭᠡᠷ ᠵᠢᠱᠢᠶ᠎ᠡ ᠪᠠᠷ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠨᠢ ᠲᠤᠰ | ᠲᠤᠰ ᠤᠨ ᠣᠨᠴᠠᠯᠢᠭ ᠲᠠᠢ᠂ ᠬᠠᠷᠢᠯᠴᠠᠨ ᠦᠷᠢᠰᠣᠯᠳᠣᠨ ᠬᠥᠭᠵᠢᠭᠦ ᠶᠢ ᠬᠥᠲᠥᠯᠥᠨ ᠵᠢᠯᠣᠭᠤᠳᠣᠨ᠎ᠠ᠃ | — ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠣᠨ᠎ᠠ᠃ ᠪᠡᠶᠡᠴᠢ ᠴᠢᠳᠠᠮᠠᠭᠠᠶ ᠴᠢᠨᠠᠷ ᠢᠶᠠᠨ ᠭᠦᠢᠴᠡᠳ | ᠪᠠᠳᠠᠷᠠᠭᠤᠯᠵᠤ᠂ ᠪᠠᠶᠢᠭᠤᠯᠤᠯ ᠤᠨ ᠲᠣᠭᠲᠠᠴᠠ ᠪᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ | ᠢᠳᠡᠪᠬᠢᠲᠡᠶ ᠳᠥᠯᠭᠢᠨ ᠠᠬᠢᠭᠤᠯᠵᠤ᠂ ᠰᠢᠶᠠᠨ ᠤ ᠬᠤᠲᠠ ᠶᠢᠨ ᠬᠥᠭᠵᠢᠯᠳᠠ ᠶᠢ ᠬᠠᠷᠰᠢᠯᠠᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠬᠠᠷᠰᠢ ᠰᠠᠭᠠᠳ ᠢ ᠠᠷᠢᠯᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ | ᠳᠠᠶᠢᠴᠢᠯᠠᠵᠣ᠂ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠠᠮᠢᠵᠢᠷᠠᠯ ᠤᠨ ᠬᠦᠴᠦᠨ ᠣᠯᠭᠤᠨ᠎ᠠ᠃ | ︵ᠭᠤᠷᠪᠠ︶ ᠶᠡᠷᠦᠩᠬᠡᠶ ᠬᠠᠷᠠᠯᠲᠠ᠃ | ᠠᠮᠢ ᠠᠬᠤᠶ ᠶᠢᠨ ᠪᠣᠯᠪᠠᠰᠤᠨ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠣᠡᠭᠡᠨ ᠠᠬᠢᠭᠤᠯᠬᠤ ᠪᠠᠷ ᠬᠠᠷᠠᠯᠲᠠ ᠪᠣᠯᠭᠠᠵᠤ᠂ ᠥᠨᠳᠥᠷ ᠲᠦᠪᠰᠢᠨ ᠪᠦᠬᠦᠢ | ᠭᠠᠷᠤᠭ᠎ᠠ ᠲᠠᠢ ᠲᠥᠯᠥᠪᠵᠢᠭᠦᠯᠭᠡ᠂ ᠴᠢᠨᠠᠷ ᠰᠠᠶᠢᠲᠠᠶ ᠪᠦᠲᠦᠭᠡᠨ ᠪᠠᠶᠢᠭᠤᠯᠤᠯᠲᠠ᠂ ᠥᠨᠳᠥᠷ ᠦᠷ᠎ᠡ ᠪᠦᠳᠣᠮᠵᠢᠳᠠᠢ | ᠬᠠᠮᠢᠶᠠᠷᠣᠯᠳᠠ ᠶᠢ ᠪᠠᠷᠢᠮᠲᠠᠯᠠᠵᠤ᠂ ᠲᠥᠯᠥᠪᠵᠢᠭᠦᠯᠭᠡ ᠪᠠᠷ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ | ᠬᠥᠲᠥᠯᠥᠨ ᠳᠠᠭᠠᠭᠤᠯᠬᠤ᠂ ᠪᠦᠲᠦᠭᠡᠨ ᠪᠠᠶᠢᠭᠤᠯᠣᠯᠳᠠ ᠪᠠᠷ ᠬᠤᠲᠠ ᠪᠠᠯᠭᠠᠰᠤᠨ ᠤ ᠴᠢᠳᠠᠮᠵᠢ ᠶᠢ ᠨᠡᠮᠡᠭᠳᠡᠭᠦᠯᠭᠦ᠂ | ᠬᠠᠮᠢᠶᠠᠷᠤᠯᠲᠠ ᠪᠠᠷ ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠭᠦ ᠶᠢ ᠪᠡᠶᠡᠯᠡᠭᠦᠯᠵᠣ᠂ ᠬᠡᠪᠴᠢᠶ᠎ᠡ ᠨᠢ | ᠲᠣᠬᠢᠷᠠᠮᠵᠢᠲᠠᠶ᠂ ᠴᠢᠳᠠᠮᠵᠢ ᠨᠢ ᠲᠡᠭᠦᠯᠳᠡᠷ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠢᠯᠭᠤᠮ ᠲᠣᠳᠣ | ᠣᠨᠴᠠᠯᠢᠭ ᠲᠠᠢ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠰᠢᠶᠠᠨ ᠤ ᠬᠤᠲᠠ ᠶᠢ | ᠪᠦᠳᠣᠭᠡᠨ ᠪᠠᠶᠢᠭᠤᠯᠣᠨ᠎ᠠ᠃ 2017 ᠣᠨ ᠪᠣᠯᠬᠤ ᠳᠤ᠂ ᠪᠦᠬᠦ ᠣᠷᠣᠨ ᠤ ᠰᠢᠶᠠᠨ ᠤ ᠬᠤᠲᠠ ᠶᠢᠨ ᠬᠤᠳᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠣᠡᠭᠡᠮᠵᠢ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠣ | ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠣ᠂ ᠨᠢᠭᠡ ᠪᠦᠯᠦᠭ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠣᠡᠭᠡᠮᠵᠢ ᠶᠢᠨ ᠭᠦᠢᠴᠡᠳᠬᠡᠬᠦ ᠲᠤᠭ᠎ᠠ ᠨᠢ ᠪᠦᠬᠦ ᠤᠯᠤᠰ ᠤᠨ | ᠳᠤᠮᠳᠠᠴᠢ ᠬᠢᠷᠢ ᠬᠡᠮᠵᠢᠶ᠎ᠡ ᠠᠴᠠ ᠥᠨᠳᠥᠷ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠲᠠᠢ ᠰᠢᠶᠠᠨ ᠤ ᠬᠤᠲᠠ | ᠴᠣᠯᠭᠤᠷᠠᠨ ᠭᠠᠷᠬᠤ ᠶᠢ ᠴᠢᠷᠮᠠᠶᠢᠨ ᠪᠡᠶᠡᠯᠡᠭᠦᠯᠤᠨ᠎ᠠ᠃ | ᠭᠤᠷᠪᠠ᠂ ᠰᠢᠶᠠᠨ ᠤ ᠬᠤᠲᠠ ᠶᠢᠨ ᠲᠥᠯᠥᠪᠵᠢᠭᠦᠯᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ | ︵ᠨᠢᠭᠡ︶ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠲᠡᠭᠦᠯᠳᠡᠷᠵᠢᠭᠦᠯᠣᠨ᠎ᠠ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠨᠤᠭᠤᠳ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠶᠢᠨ ᠱᠠᠭᠠᠷᠳᠠᠯᠭ᠎ᠠ ᠶᠣᠰᠣᠭᠠᠷ᠂ ᠣᠷᠣᠨ ᠨᠤᠲᠤᠭ ᠤᠨ ᠪᠣᠳᠠᠲᠤ ᠲᠠᠢ ᠪᠠᠨ ᠤᠶᠠᠯᠳᠤᠭᠤᠯᠤᠨ | ᠂ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢᠶᠠᠨ ᠪᠦᠬᠦ ᠲᠠᠯ᠎ᠠ ᠪᠠᠷ | ᠳ᠋ᠦᠩᠨᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠨᠢᠭᠡᠨᠲᠡ ᠵᠣᠬᠢᠴᠠᠬᠤ ᠦᠭᠡᠶ ᠪᠣᠯᠣᠭᠰᠠᠨ ᠬᠤᠲᠠ | ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠴᠠᠭ ᠲᠤᠬᠠᠶ ᠳᠤᠨᠢ ᠵᠠᠰᠠᠨ ᠨᠠᠶᠢᠷᠠᠭᠤᠯᠬᠤ ᠬᠡᠷᠡᠭᠲᠡᠶ᠃ ᠬᠤᠲᠠ | ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ︵ᠵᠠᠰᠠᠨ ᠨᠠᠶᠢᠷᠠᠭᠤᠯᠬᠤ︶ ᠳᠠᠭᠠᠨ ︽ | ᠲᠠᠷᠢᠶᠠᠯᠠᠬᠤ ᠳᠤ ᠲᠣᠬᠢᠷᠠᠮᠵᠢᠲᠠᠶ ᠪᠣᠯ ᠲᠠᠷᠢᠶᠠᠯᠠᠩ ᠳᠤ ᠲᠣᠬᠢᠷᠠᠭᠤᠯᠵᠣ᠂ ᠮᠠᠯᠵᠢᠬᠤ ᠳᠤ ᠲᠣᠬᠢᠷᠠᠮᠵᠢᠲᠠᠶ ᠪᠣᠯ ᠮᠠᠯ | ᠠᠵᠤ ᠠᠬᠤᠶ ᠳᠤ ᠲᠣᠬᠢᠷᠠᠭᠤᠯᠵᠣ᠂ ᠠᠵᠤ ᠦᠢᠯᠡᠳᠪᠦᠷᠢ ᠳᠤ ᠲᠣᠬᠢᠷᠠᠮᠵᠢᠳᠠᠢ ᠪᠣᠯ ᠠᠵᠣ ᠦᠢᠯᠡᠣᠡᠪᠣᠷᠢ ᠳᠤ | ᠲᠣᠬᠢᠷᠠᠭᠤᠯᠵᠣ᠂ ᠠᠷᠠᠯᠵᠢᠶ᠎ᠠ ᠬᠤᠳᠠᠯᠳᠤᠭᠠᠨ ᠳᠤ ᠲᠣᠬᠢᠷᠠᠮᠵᠢᠳᠠᠢ ᠪᠣᠯ ᠠᠷᠠᠯᠵᠢᠶ᠎ᠠ ᠬᠤᠳᠠᠯᠳᠤᠭᠠᠨ ᠳᠤ | ᠲᠣᠬᠢᠷᠠᠭᠤᠯᠵᠣ᠂ ᠵᠢᠭᠤᠯᠴᠢᠯᠠᠯ ᠳᠤ ᠲᠣᠬᠢᠷᠠᠮᠵᠢᠳᠠᠢ ᠪᠣᠯ ᠵᠢᠭᠤᠯᠴᠢᠯᠠᠯ ᠳᠤ ᠲᠣᠬᠢᠷᠠᠭᠤᠯᠬᠤ︾ ᠵᠠᠷᠴᠢᠮ ᠢᠶᠠᠷ᠂ ︽ | ᠵᠠᠰᠠᠭ ᠤᠨ ᠣᠷᠳᠣᠨ ᠵᠣᠬᠢᠶᠠᠨ ᠪᠠᠶᠢᠭᠤᠯᠬᠤ᠂ ᠲᠤᠰᠬᠠᠶ ᠮᠡᠷᠭᠡᠵᠢᠯᠲᠡᠨ ᠲᠦᠷᠦᠭᠦᠯᠡᠭᠦ᠂ ᠰᠠᠯᠠᠭ᠎ᠠ ᠮᠥᠴᠢᠷ | ᠬᠠᠮᠲᠤᠷᠠᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠰᠢᠢᠣᠡᠪᠣᠷᠢᠳᠣ ᠪᠣᠳᠣᠯᠭ᠎ᠠ | ᠲᠣᠭᠲᠠᠭᠠᠬᠤ︾ ᠠᠷᠭ᠎ᠠ ᠮᠠᠶ᠋ᠢᠭ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠳᠠᠷᠢᠶᠠᠯᠠᠬᠤ ᠣᠷᠣᠨ ᠤ ︽ | ᠠᠷᠪᠠ ᠪᠠᠷ ᠪᠦᠬᠦᠨ ᠢ ᠬᠠᠮᠣᠷᠬᠤ︾ ᠢᠨᠵᠧᠨᠧᠷᠢᠩ ᠲᠠᠢ ᠤᠶᠠᠯᠳᠤᠭᠤᠯᠤᠨ᠂ ᠬᠤᠲᠠ ᠪᠠᠯᠭᠠᠰᠤᠨ ᠤ ᠬᠥᠭᠵᠢᠯᠲᠡ ᠶᠢᠨ | ᠬᠠᠷᠠᠯᠲᠠ᠂ ᠬᠥᠭᠵᠢᠯᠲᠡ ᠶᠢᠨ ᠬᠡᠪᠴᠢᠶ᠎ᠡ᠂ ᠬᠥᠭᠵᠢᠯᠲᠡ ᠶᠢᠨ ᠴᠢᠭᠯᠡᠯ᠂ ᠡᠭᠦᠷᠭᠡ ᠴᠢᠳᠠᠪᠤᠷᠢ ᠶᠢᠨ ᠪᠠᠶᠢᠷᠢ | ᠲᠣᠭᠳᠠᠭᠠᠯᠳᠠ᠂ ᠣᠷᠣᠨ ᠵᠠᠶ ᠶᠢᠨ ᠪᠠᠶᠢᠷᠢᠯᠠᠭᠤᠯᠤᠯᠲᠠ ᠪᠠ ᠬᠤᠲᠠ ᠪᠠᠯᠭᠠᠰᠤᠨ ᠤ ᠰᠢᠰᠲ᠋ᠧᠮᠵᠢ ᠶᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠰᠢᠶᠠᠨ ᠤ ᠪᠦᠰᠡ ᠶᠢᠨ ᠠᠵᠤ ᠠᠬᠤᠶ ᠠᠵᠤ ᠦᠢᠯᠡᠰ ᠤᠨ | ᠬᠥᠭᠵᠢᠯᠲᠡ ᠪᠠ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠶᠢᠨ ᠠᠵᠢᠯ ᠤᠯᠵᠣ ᠣᠷᠣᠰᠢᠨ ᠰᠠᠭᠤᠬᠤ ᠳᠠᠯ᠎ᠠ ᠪᠠᠷ ᠬᠢ | ᠰᠢᠶᠠᠨ ᠤ ᠬᠤᠲᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠣ᠂ ᠬᠤᠲᠠ ᠬᠥᠳᠡᠭᠡ ᠶᠢᠨ ᠲᠠᠯ᠎ᠠ ᠪᠠᠷ ᠬᠢ ᠬᠤᠲᠠ | ᠬᠥᠳᠡᠭᠡ ᠶᠢ ᠨᠢᠭᠡᠳᠦᠯᠲᠡᠶ ᠲᠥᠯᠥᠪᠯᠡᠬᠦ ᠪᠠ ᠰᠢᠶᠠᠨ ᠤ ᠬᠤᠲᠠ ᠶᠢᠨ ᠨᠦᠯᠣᠭᠡᠯᠡᠨ ᠳᠠᠶᠢᠴᠢᠯᠠᠬᠤ ᠦᠢᠯᠡᠳᠦᠯ ᠢ | ᠴᠢᠩᠭᠠᠣᠠᠬᠠᠨ᠎ᠠ᠃ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠵᠢᠯᠣᠭᠤᠳᠣᠯᠭ᠎ᠠ ᠳᠣᠣᠷ᠎ᠠ᠂ | ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ᠂ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠡᠷᠴᠢᠮ ᠢᠶᠠᠨ ᠴᠢᠩᠭᠠᠷᠠᠭᠤᠯᠵᠤ᠂ ᠬᠢᠵᠠᠭᠠᠷᠯᠠᠬᠤ ᠴᠢᠨᠠᠷᠳᠠᠢ ᠲᠦᠯᠣᠪᠵᠢᠭᠦᠯᠭᠡ ᠶᠢᠨ ᠬᠠᠮᠣᠷᠬᠤ ᠨᠣᠷᠮ᠎ᠠ ᠶᠢ | ᠳᠡᠭᠡᠭᠰᠢᠯᠡᠭᠦᠯᠵᠣ ᠪᠠᠶᠢᠭᠠᠣᠨ ᠲᠥᠯᠥᠪᠵᠢᠭᠦᠯᠭᠡ ᠶᠢ ᠬᠡᠷᠡᠭᠵᠢᠭᠦᠯᠭᠦ ᠨᠢ ᠵᠢᠷᠤᠮᠯᠠᠬᠤ ᠬᠠᠤᠯᠢ ᠲᠠᠢ ᠪᠠᠶᠢᠬᠤ ᠶᠢ ᠦᠨᠡᠡᠭᠦ | ᠪᠡᠶᠡᠯᠡᠭᠦᠯᠣᠨ᠎ᠠ᠃ | ︵ᠬᠤᠶᠠᠷ︶ ᠬᠤᠲᠠ ᠪᠠᠯᠭᠠᠰᠤᠨ ᠤ ᠣᠨᠴᠠᠯᠢᠭ ᠢ ᠲᠣᠪᠤᠶᠢᠯᠭᠠᠨ᠎ᠠ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠨᠤᠭᠤᠳ ᠰᠠᠭᠤᠭ᠎ᠠ ᠭᠠᠵᠠᠷ ᠤᠨ | ᠬᠤᠳᠠ ᠶᠢᠨ ᠪᠠᠯᠭᠠᠰᠤ ᠪᠠᠨ ᠡᠬᠢ ᠪᠠᠶᠠᠯᠢᠭ ᠢ ᠠᠷᠪᠢᠯᠠᠨ ᠭᠠᠮᠨᠠᠬᠤ᠂ ᠪᠣᠬᠢᠷᠳᠣᠯ ᠦᠭᠡᠢ ᠠᠮᠢ ᠠᠬᠤᠶ ᠲᠠᠢ ᠪᠣᠯᠭᠠᠵᠣ᠂ | ᠴᠢᠳᠠᠮᠵᠢ ᠪᠠᠷ ᠲᠡᠭᠦᠯᠳᠡᠷ ᠪᠠᠶᠢᠯᠭᠠᠬᠤ ᠵᠠᠷᠴᠢᠮ ᠶᠣᠰᠣᠭᠠᠷ᠂ ᠬᠤᠲᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ | ᠲᠥᠯᠥᠪᠵᠢᠭᠦᠯᠭᠦ ᠪᠠ ᠪᠦᠲᠦᠭᠡᠨ ᠪᠠᠶᠢᠭᠤᠯᠵᠣ᠂ ᠬᠤᠲᠠ ᠪᠠᠯᠭᠠᠰᠤᠨ ᠤ ᠣᠨᠴᠠᠯᠢᠭ ᠢ ᠪᠣᠢ ᠪᠣᠯᠭᠠᠬᠤ ᠪᠠᠨ | ᠴᠢᠩᠭᠠᠣᠠᠬᠠᠵᠣ᠂ ᠠᠭᠤᠯᠤᠭᠳᠠᠬᠤᠨ ᠢ ᠨᠢ ᠳᠡᠭᠦᠯᠳᠡᠷᠵᠢᠭᠦᠯᠭᠦ ᠶᠢ ᠠᠩᠬᠠᠷᠣᠨ᠂ ᠪᠦᠲᠦᠭᠡᠨ ᠪᠠᠶᠢᠭᠤᠯᠤᠯᠲᠠ ᠶᠢᠨ ᠴᠢᠨᠠᠷ | ᠳᠡᠰ ᠢ ᠳᠡᠭᠡᠭᠰᠢᠯᠡᠭᠦᠯᠵᠣ᠂ ᠦᠨᠳᠦᠰᠦᠲᠡᠨ ᠤ ᠪᠠ ᠣᠷᠣᠨ ᠨᠤᠲᠤᠭ ᠤᠨ ᠣᠨᠴᠠᠯᠢᠭ ᠢ ᠢᠯᠡᠷᠡᠭᠦᠯᠬᠦ ᠪᠠᠷ ᠪᠠᠷᠠᠬᠤ | ᠦᠭᠡᠶ᠂ ᠪᠠᠰᠠ ᠴᠠᠭ ᠦᠶ᠎ᠡ ᠶᠢᠨ ᠳᠦᠷᠰᠦ ᠪᠠᠶᠢᠳᠠᠯ ᠪᠠ ᠪᠠᠶᠢᠭᠠᠯᠢ ᠯᠤᠭ᠎ᠠ ᠣᠶᠠᠯᠳᠣᠭᠰᠠᠨ ᠣᠨᠴᠠᠯᠢᠭ ᠢ ᠨᠢ | ᠲᠣᠪᠤᠶᠢᠯᠭᠠᠬᠤ ᠬᠡᠷᠡᠭᠲᠡᠶ᠂ ᠠᠭᠤᠯᠨ ᠤᠰᠤ ᠶᠢ ᠨᠢ ᠴᠡᠪᠡᠷᠰᠢᠭᠦᠯᠣᠨ ᠲᠣᠳᠣᠷᠠᠭᠤᠯᠵᠣ᠂ ᠨᠣᠳᠤᠭ ᠣᠷᠣᠨ ᠢᠶᠠᠨ | ᠰᠠᠨᠠᠭᠠᠰᠢᠷᠠᠨ ᠰᠠᠨᠠᠭᠠᠯᠵᠢᠭᠤᠯᠬᠤ ᠬᠡᠷᠩᠳᠠᠢ᠃ ᠲᠡᠦᠬᠡ ᠦᠨᠳᠦᠰᠦᠲᠡᠨ ᠤ ᠰᠣᠶᠣᠯ ᠢ ᠣᠯᠠᠮᠵᠢᠯᠠᠨ | ᠵᠠᠯᠭᠠᠮᠵᠢᠯᠠᠭᠤᠯᠬᠤ ᠶᠢ ᠠᠩᠬᠠᠷᠣᠨ᠂ ᠪᠦᠬᠦᠯᠢ ᠴᠣᠭᠴᠠ ᠶᠢᠨ ᠥᠩᠭᠡ ᠦᠵᠡᠮᠵᠢ ᠳᠤ ᠳᠣᠲᠣᠨᠣᠰᠤᠭ ᠰᠡᠣᠡᠬᠢᠯᠭᠡ ᠪᠠ | ᠡᠶ᠎ᠡ ᠵᠣᠬᠢᠴᠠᠯᠳᠣ ᠰᠡᠣᠡᠭᠢᠯᠭᠡ ᠶᠢ ᠪᠤᠶ ᠪᠣᠯᠭᠠᠬᠤ ᠬᠡᠷᠩᠳᠠᠢ᠃ ᠬᠤᠲᠠ ᠪᠠᠯᠭᠠᠰᠤᠨ ᠤ ᠴᠢᠬᠤᠯᠠ ᠪᠣᠯᠬᠤ ᠣᠷᠣᠨ | ᠪᠦᠰᠨ ᠪᠠ ᠭᠤᠣᠯᠳᠠᠯᠭ᠎ᠠ ᠲᠠᠢ ᠬᠡᠰᠡᠭ ᠲᠠᠬᠢ ᠬᠤᠲᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠣ᠂ ᠬᠤᠲᠠ ᠶᠢᠨ | ᠵᠢᠷᠤᠭ ᠲᠥᠯᠥᠪᠯᠡᠭᠡ ᠶᠢᠨ ᠲᠥᠰᠦᠯ ᠲᠣᠭᠲᠠᠭᠠᠬᠤ ᠦᠶ᠎ᠡ ᠳᠤ ᠣᠯᠠᠨ ᠨᠡᠶᠢᠲᠡ ᠶᠢᠨ ᠪᠠ ᠲᠤᠰᠬᠠᠶ ᠮᠡᠷᠭᠡᠵᠢᠯᠲᠡᠨ ᠤ | ᠰᠠᠨᠠᠯ ᠢ ᠥᠷᠭᠡᠨ ᠢᠶᠠᠷ ᠬᠤᠷᠢᠶᠠᠨ ᠰᠣᠨᠣᠰᠴᠤ᠂ ᠲᠥᠰᠦᠯ ᠢᠶᠠᠨ ᠨᠡᠩ ᠰᠢᠨᠵᠢᠯᠡᠬᠦ ᠤᠬᠠᠭᠠᠨᠴᠢ ᠵᠦᠶ ᠵᠣᠬᠢᠰᠲᠠᠶ | ᠪᠣᠯᠭᠠᠬᠤ ᠬᠡᠷᠩᠳᠠᠢ᠃ ᠰᠢᠶᠠᠨ ᠤ ᠬᠤᠲᠠ ᠶᠢᠨ ᠱᠤᠭᠤᠮᠠᠯ ᠳᠤ ᠬᠠᠮᠢᠶᠠᠷᠣᠯᠳᠠ ᠪᠠᠨ ᠴᠢᠩᠭᠠᠳᠬᠠᠵᠤ᠂ ᠱᠤᠭᠤᠮᠠᠯ ᠤᠨ | ᠳᠦᠷᠰᠦ ᠪᠦᠲᠦᠭᠡᠯᠲᠡ ᠶᠢ ᠰᠢᠶᠠᠨ ᠤ ᠬᠤᠲᠠ ᠶᠢᠨ ᠲᠡᠦᠬᠡ᠂ ᠭᠠᠵᠠᠷ ᠣᠷᠣᠨ᠂ ᠦᠨᠳᠦᠰᠦᠲᠡᠨ᠂ ᠰᠣᠶᠣᠯ ᠲᠠᠢ | ᠤᠶᠠᠯᠳᠤᠵᠣ᠂ ᠪᠠᠶᠢᠷᠢᠯᠠᠭᠤᠯᠤᠯᠲᠠ ᠨᠢ ᠵᠦᠶ ᠵᠣᠬᠢᠰᠲᠠᠶ ᠪᠠᠶᠢᠬᠤ ᠬᠡᠷᠡᠭᠲᠡᠶ᠃ ᠡᠯ᠎ᠡ ᠵᠦᠢᠯ ᠤᠨ ᠶᠠᠷᠢᠶ᠎ᠠ | ᠬᠡᠯᠡᠯᠴᠡᠭᠡᠨ ᠤ ᠪᠠᠭᠠᠵᠢ ᠶᠢ ᠭᠦᠢᠴᠡᠣᠨ ᠠᠰᠢᠭᠯᠠᠵᠣ ᠬᠤᠳᠠ ᠭᠦᠳᠡᠭᠡ ᠶᠢᠨ ᠲᠦᠯᠣᠪᠵᠢᠭᠦᠯᠭᠡ ᠶᠢ ᠥᠷᠭᠡᠨ ᠢᠶᠠᠷ | ᠤᠬᠠᠭᠤᠯᠵᠣ᠂ ᠨᠥᠬᠦᠴᠡᠯ ᠲᠠᠢ ᠬᠤᠰᠢᠭᠤ ᠰᠢᠶᠠᠨ ︵ᠬᠤᠲᠠ︶ ᠨᠢ ᠬᠤᠲᠠ ᠪᠠᠯᠭᠠᠰᠤᠨ ᠤ ᠲᠥᠯᠥᠪᠵᠢᠭᠦᠯᠭᠡ ᠶᠢᠨ | ᠦᠵᠡᠰᠬᠦᠯᠡᠩ ᠤᠨ ᠣᠷᠳᠣᠨ ᠪᠠᠶᠢᠭᠤᠯᠬᠤ ᠶᠢ ᠵᠣᠷᠢᠬᠵᠢᠭᠤᠯᠵᠣ᠂ ᠬᠤᠲᠠ ᠬᠥᠳᠡᠭᠡ ᠶᠢᠨ ᠲᠥᠯᠥᠪᠵᠢᠭᠦᠯᠭᠡ ᠳᠤ | ᠣᠯᠠᠨ ᠨᠡᠶᠢᠲᠡ ᠶᠢᠨ ᠣᠷᠣᠯᠴᠠᠬᠤ ᠡᠷᠴᠢᠮ ᠢ ᠴᠢᠩᠭᠠᠷᠠᠭᠤᠯᠤᠨ᠎ᠠ᠃ | ︵ᠭᠤᠷᠪᠠ︶ ᠴᠢᠩᠭ᠎ᠠ ᠲᠥᠯᠥᠪᠵᠢᠭᠦᠯᠭᠦ ᠪᠦᠭᠡᠣᠨ ᠬᠢᠨᠠᠯᠲᠠ ᠳᠠᠯᠪᠢᠵᠣ ᠬᠠᠮᠢᠶᠠᠷᠬᠤ ᠶᠢ ᠬᠡᠷᠩᠵᠢᠭᠦᠯᠣᠨ᠎ᠠ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠤᠮᠵᠢ ᠶᠢᠨ | ᠲᠣᠬᠢᠷᠠᠭᠤᠯᠣᠯᠳᠠ ᠶᠢ ᠲᠡᠭᠦᠯᠳᠡᠷᠵᠢᠭᠦᠯᠦᠨ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠰᠢᠯᠤᠭᠤᠳᠬᠠᠬᠤ ᠬᠡᠷᠩᠳᠠᠢ᠃ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠬᠠᠤᠯᠢ ᠴᠠᠭᠠᠵᠠ ᠶᠢᠨ | ᠪᠠᠶᠢᠷᠢ ᠰᠠᠭᠤᠷᠢ ᠶᠢ ᠲᠣᠳᠣᠷᠬᠠᠶᠢᠯᠠᠵᠣ᠂ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠠᠯᠢᠪᠠ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠰᠢᠶᠠᠨ ᠤ ᠬᠤᠲᠠ ᠶᠢᠨ ᠲᠥᠯᠥᠪᠵᠢᠭᠦᠯᠭᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢᠭᠡᠳᠦᠯᠲᠡᠶ ᠬᠠᠮᠢᠶᠠᠷᠴᠤ᠂ ᠶᠠᠮᠠᠷᠪᠠ ᠨᠢᠭᠡᠴᠨ ᠪᠠ ᠬᠤᠪᠢ ᠬᠥᠮᠦᠨ ᠭᠡᠣᠨ ᠲᠥᠯᠥᠪᠵᠢᠭᠦᠯᠭᠡ ᠶᠢ | ᠳᠤᠷ᠎ᠠ ᠪᠠᠷ ᠢᠶᠠᠨ ᠲᠣᠬᠢᠷᠠᠭᠤᠯᠵᠤ᠂ ᠬᠤᠪᠢᠷᠠᠭᠤᠯᠵᠣ ᠪᠣᠯᠬᠤ ᠦᠭᠡᠶ᠂ ᠪᠠᠭᠲᠠᠭᠠᠮᠵᠢ ᠶᠢᠨ ᠨᠣᠷᠮ᠎ᠠ ᠶᠢ | ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ ᠦᠭᠡᠢ᠃ ᠬᠡᠷᠪᠠ ᠬᠤᠲᠠ ᠬᠥᠳᠡᠭᠡ ᠶᠢᠨ ᠲᠥᠯᠥᠪᠵᠢᠭᠦᠯᠭᠡ ᠳᠤ ᠦᠨᠡᠬᠡᠷ | ᠵᠠᠰᠠᠪᠤᠷᠢ ᠣᠷᠣᠭᠤᠯᠬᠤ ᠴᠢᠬᠤᠯᠠᠲᠠᠶ ᠪᠣᠯ᠂ ᠡᠷᠬᠡᠪᠰᠢ ᠬᠠᠤᠯᠢ ᠳᠤ ᠲᠣᠭᠲᠠᠭᠠᠭᠰᠠᠨ ᠠᠯᠬᠤᠮ ᠳᠠᠷᠠᠭᠠᠯᠠᠯ ᠢᠶᠠᠷ ᠬᠢᠬᠦ | ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠣ᠂ ︽ᠢᠯᠨ | ᠲᠣᠳᠣᠷᠬᠠᠢ ᠲᠥᠯᠥᠪᠵᠢᠭᠦᠯᠭᠡ︾ ᠶᠢ ᠪᠦᠬᠦ ᠲᠠᠯ᠎ᠠ ᠪᠠᠷ ᠬᠡᠷᠡᠭᠵᠢᠭᠦᠯᠣᠨ᠂ ᠲᠥᠯᠥᠪᠵᠢᠭᠦᠯᠭᠡ ᠶᠢ ᠢᠯᠨ ᠨᠠᠶᠢᠳᠡᠯᠡᠭᠦ | ᠪᠠ ᠬᠡᠷᠡᠴᠢᠯᠡᠭᠡ ᠰᠣᠨᠣᠰᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ | ᠪᠠᠶᠢᠳᠠᠯ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠡᠭᠦ ᠪᠠᠲᠤᠯᠠᠵᠣ᠂ | ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠪᠠᠳᠣᠯᠠᠨ᠂ | ᠬᠠᠤᠯᠢ ᠠᠴᠠ ᠵᠥᠷᠢᠴᠡᠵᠦ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠣᠡᠪᠣᠷᠢᠯᠡᠭᠦ | ᠬᠡᠷᠡᠭᠲᠡᠶ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ | ᠠᠵᠢᠯᠲᠠᠨ ᠠᠵᠢᠯᠴᠢᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠶ᠃ | ︵ᠳᠥᠷᠪᠡ︶ ᠠᠵᠤ ᠦᠢᠯᠡᠰ ᠪᠠ ᠬᠤᠲᠠ ᠶᠢᠨ ᠠᠭᠤᠰᠣᠯᠴᠠᠨ ᠬᠥᠭᠵᠢᠭᠦ ᠶᠢ ᠲᠦᠷᠭᠡᠳᠬᠡᠬᠦ ᠬᠡᠷᠡᠭᠲᠡᠶ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠣᠷᠣᠨ ᠪᠦᠰᠨ ᠶᠢᠨ ᠡᠬᠢ ᠪᠠᠶᠠᠯᠢᠭ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠵᠦ ᠳᠡᠭᠡᠭᠰᠢᠯᠡᠭᠦᠯᠦᠨ᠂ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠬᠤ ᠴᠢᠳᠠᠪᠤᠷᠢ ᠶᠢ | ᠨᠡᠮᠡᠭᠳᠡᠭᠦᠯᠵᠦ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠤ ᠨᠥᠬᠦᠴᠡᠯ ᠢ ᠰᠠᠶᠢᠵᠢᠷᠠᠭᠤᠯᠬᠤ ᠬᠡᠷᠩᠳᠠᠢ᠃ | ᠠᠵᠤ ᠦᠢᠯᠡᠰ ᠢ ᠪᠦᠭᠡᠭᠡᠨᠠᠷᠡᠭᠰᠠᠨ ᠣᠷᠣᠨ ᠵᠢᠴᠢ ᠬᠤᠲᠠ ᠪᠠᠯᠭᠠᠰᠤᠨ ᠤ ᠡᠷᠭᠢᠨ ᠲᠣᠭᠤᠷᠢᠨ ᠳᠤ ᠲᠥᠪᠯᠡᠷᠡᠭᠦᠯᠭᠦ᠂ | ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠠᠵᠤ ᠦᠢᠯᠡᠰ ᠤᠨ ᠪᠦᠭᠡᠭᠡᠨᠡᠷᠡᠭᠰᠠᠨ ᠣᠷᠣᠨ ᠳᠡᠰᠢ | ᠣᠷᠳᠣᠣᠠᠬᠠᠨ ᠪᠦᠷᠭᠦᠭᠦᠯᠭᠦ ᠶᠢ ᠲᠦᠷᠭᠡᠣᠡᠭᠡᠵᠣ᠂ ᠠᠵᠤ ᠦᠢᠯᠡᠰ ᠪᠠ ᠬᠤᠲᠠ ᠠᠭᠤᠰᠣᠯᠴᠠᠬᠤ᠂ ᠬᠠᠷᠢᠯᠴᠠᠨ | ᠦᠢᠯᠡᠳᠦᠯᠴᠡᠨ ᠬᠥᠭᠵᠢᠭᠦ ᠵᠠᠮ ᠢᠶᠠᠷ ᠵᠠᠮᠨᠠᠭᠤᠯᠵᠣ᠂ ᠰᠢᠶᠠᠨ ᠤ ᠬᠤᠲᠠ ᠶᠢᠨ ᠠᠵᠤ ᠠᠬᠤᠶ ᠶᠢᠨ ᠨᠦᠯᠣᠭᠡᠯᠡᠨ | ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠩᠳᠠᠢ᠃ ᠠᠵᠤ ᠦᠢᠯᠡᠰ ᠤᠨ ᠪᠦᠭᠡᠭᠡᠨᠡᠷᠡᠭᠦ ᠣᠷᠣᠨ ᠤ ᠬᠥᠭᠵᠢᠯᠳᠠ ᠶᠢ | ᠬᠤᠲᠠ ᠪᠠᠯᠭᠠᠰᠣ ᠪᠠᠷ ᠲᠦᠰᠢᠭ ᠪᠣᠯᠭᠠᠵᠣ᠂ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ | ᠬᠡᠷᠡᠭᠲᠡᠶ᠃ ᠬᠤᠲᠠ ᠪᠠᠯᠭᠠᠰᠣ ᠨᠢ ᠠᠵᠤ ᠦᠢᠯᠡᠰ ᠤᠨ ᠪᠦᠭᠡᠭᠡᠨᠡᠷᠡᠭᠦ ᠣᠷᠣᠨ ᠳᠤ ᠪᠦᠷᠢᠨ ᠪᠦᠲᠦᠨ ᠲᠥᠬᠦᠷᠵᠢᠭᠰᠡᠨ | ᠦᠢᠯᠡᠴᠢᠯᠡᠭᠡ ᠬᠠᠩᠭᠠᠬᠤ ᠬᠡᠷᠡᠭᠲᠡᠶ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠴᠢᠬᠤᠯᠠᠴᠢᠯᠠᠵᠤ᠂ ᠠᠵᠤ | ᠠᠬᠤᠶ ᠶᠢᠨ ᠶᠡᠷᠦᠩᠬᠡᠶ ᠬᠡᠮᠵᠢᠶᠡᠨ ᠳᠠᠬᠢ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠢ ᠠᠯᠬᠤᠮ | ᠠᠯᠬᠤᠮ ᠢᠶᠠᠷ ᠳᠡᠭᠡᠭᠰᠢᠯᠡᠭᠦᠯᠵᠦ᠂ ᠰᠣᠶᠣᠯ ᠤᠨ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ | ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠠᠵᠢᠯ ᠣᠯᠭᠤᠬᠤ ᠳᠤ ᠳᠠᠯᠳᠠ ᠬᠦᠴᠦᠨ ᠶᠡᠭᠡᠳᠠᠢ ᠦᠢᠯᠡᠴᠢᠯᠡᠭᠡᠨ ᠤ | ᠦᠢᠯᠡᠰ ᠢ ᠭᠤᠣᠯᠳᠠᠯᠭ᠎ᠠ ᠲᠠᠢ ᠪᠠᠷ ᠲᠡᠳᠬᠦᠨ ᠳᠡᠮᠵᠢᠬᠦ ᠬᠡᠷᠡᠭᠲᠡᠶ᠃ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ᠂ | ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠰᠢᠩᠭᠡᠭᠡᠨ ᠠᠪᠴᠤ ᠲᠦᠪᠬᠢᠨᠠᠭᠦᠯᠵᠣ ᠪᠠᠶᠢᠭᠠᠣᠨ | ᠮᠠᠯᠴᠢᠳ ᠲᠠᠷᠢᠶᠠᠴᠢᠣᠨ ᠢ ᠣᠷᠣᠵᠣ ᠢᠷᠡᠭᠦᠯᠣᠨ᠂ ᠦᠯᠡᠳᠡᠭᠡᠨ ᠠᠪᠴᠣ᠂ ᠰᠠᠶᠢᠬᠠᠨ ᠠᠮᠢᠳᠣᠷᠠᠯ ᠲᠠᠢ ᠪᠣᠯᠭᠠᠬᠤ | ᠬᠡᠷᠩᠳᠠᠢ᠃ | ᠳᠥᠷᠪᠡ᠂ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠣᠨ᠎ᠠ | ︵ᠨᠢᠭᠡ︶ ᠰᠠᠭᠤᠷᠢ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠣᠨ᠎ᠠ᠃ | ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠤ ︽ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢᠨ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠬᠤᠲᠠ ᠶᠢᠨ ᠰᠠᠭᠤᠷᠢ ᠪᠡᠯᠡᠣᠡᠭᠡᠮᠵᠢ ᠶᠢ ᠰᠢᠶᠠᠨ ᠤ ᠬᠤᠲᠠ ᠳᠡᠰᠢ ᠪᠠᠨ | ᠣᠷᠳᠣᠣᠠᠬᠠᠬᠤ ᠶᠢ ᠲᠦᠷᠭᠡᠳᠬᠡᠨ᠂ ︽ᠠᠮᠢᠨ ᠰᠤᠳᠠᠰᠤ᠂ ᠠᠷᠠᠳ ᠤᠨ ᠠᠮᠢᠳᠤᠷᠠᠯ᠂ ᠣᠷᠣᠰᠢᠨ ᠰᠠᠭᠤᠬᠤ ᠳᠤ | ᠲᠣᠬᠢᠷᠠᠮᠵᠢᠲᠠᠶ︾ ᠭᠤᠷᠪᠠᠨ ᠶᠡᠭᠡ ᠢᠨᠵᠧᠨᠧᠷᠢᠩ ᠢ ᠰᠠᠶᠢᠳᠣᠷ ᠬᠡᠷᠩᠵᠢᠭᠦᠯᠭᠦ ᠬᠡᠷᠩᠳᠠᠢ᠃ ᠡᠯ᠎ᠡ ᠭᠠᠵᠠᠷ | ᠣᠷᠣᠨ ᠨᠤᠭᠤᠳ ᠰᠢᠶᠠᠨ ᠤ ᠬᠤᠲᠠ ᠶᠢᠨ ᠭᠠᠵᠠᠷ ᠳᠣᠣᠷᠠᠬᠢ ᠬᠤᠭᠤᠯᠠᠶ ᠭᠤᠣᠷᠰᠣ ᠶᠢᠨ ᠱᠣᠭᠤᠮ ᠢ ᠨᠡᠶᠢᠳᠡᠮ | ᠪᠠᠶᠢᠴᠠᠭᠠᠬᠤ ᠠᠵᠢᠯ ᠢᠶᠠᠨ ᠲᠦᠷᠭᠡᠣᠡᠭᠡᠨ ᠥᠷᠨᠢᠭᠦᠯᠵᠦ᠂ ᠢᠯᠴᠢ ᠬᠠᠩᠭᠠᠬᠤ᠂ ᠬᠡᠢ ᠬᠠᠩᠭᠠᠬᠤ᠂ ᠤᠰᠤ | ᠭᠠᠳᠠᠭᠰᠢᠯᠠᠭᠤᠯᠬᠤ ᠪᠠ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠶ ᠭᠤᠣᠷᠰᠣ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠵᠢᠴᠢ ᠥᠭᠡᠷᠡᠴᠢᠯᠡᠬᠦ ᠠᠵᠢᠯ ᠢ ᠠᠬᠢᠭᠤᠯᠵᠣ᠂ ᠶᠡᠷᠦᠩᠬᠡᠶᠢᠯᠡᠭᠰᠡᠨ ᠬᠤᠭᠤᠯᠠᠶ ᠭᠤᠣᠷᠰᠣ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠲᠣᠷᠰᠢᠯᠳᠠ ᠬᠢᠵᠣ᠂ ᠰᠢᠶᠠᠨ ᠤ ᠬᠤᠲᠠ ᠶᠢᠨ ᠭᠠᠵᠠᠷ ᠳᠣᠣᠷᠠᠬᠢ | ᠣᠷᠣᠨ ᠵᠠᠶ ᠶᠢ ᠵᠦᠶ ᠵᠣᠬᠢᠰᠲᠠᠶ ᠨᠡᠭᠡᠭᠡᠵᠣ ᠠᠰᠢᠭᠯᠠᠨ᠂ ᠰᠢᠶᠠᠨ ᠤ ᠬᠤᠲᠠ ᠶᠢᠨ ᠭᠠᠵᠠᠷ ᠳᠣᠣᠷᠠᠬᠢ | ᠲᠤᠯᠭᠠᠭᠤᠷᠢᠯᠠᠬᠤ ᠰᠢᠰᠲ᠋ᠧᠮ ᠪᠠ ᠠᠮᠤᠷ ᠲᠦᠪᠰᠢᠨ ᠤ ᠪᠠᠲᠤᠯᠠᠬᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠭᠦ | ᠬᠡᠷᠩᠳᠠᠢ᠃ ᠪᠦᠷᠢᠨ ᠲᠡᠭᠦᠯᠳᠡᠷᠵᠢᠭᠰᠡᠨ ᠣᠯᠠᠨ ᠨᠡᠶᠢᠲᠡ ᠶᠢᠨ ᠤᠰᠤ ᠬᠠᠩᠭᠠᠬᠤ ᠰᠢᠰᠲ᠋ᠧᠮ ᠢ ᠪᠠᠶᠢᠭᠤᠯᠵᠣ᠂ ᠤᠰᠤ | ᠬᠠᠩᠭᠠᠬᠤ ᠪᠦᠬᠦ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠣᠠᠬᠠᠵᠣ᠂ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠨ ᠲᠣᠭᠳᠠᠭᠠᠬᠤ ᠠᠵᠢᠯ ᠢᠶᠠᠨ ᠲᠦᠷᠭᠡᠣᠡᠭᠡᠵᠣ᠂ ᠬᠤᠲᠠ ᠪᠠᠯᠭᠠᠰᠤᠨ ᠤ | ᠤᠰᠤ ᠬᠠᠩᠭᠠᠬᠤ ᠪᠡᠯᠡᠣᠡᠭᠡᠮᠵᠢ ᠶᠢᠨ ᠥᠭᠡᠷᠡᠴᠢᠯᠡᠯᠳᠠ ᠪᠠ ᠪᠦᠲᠦᠭᠡᠨ ᠪᠠᠶᠢᠭᠤᠯᠤᠯᠲᠠ᠂ ᠬᠠᠩᠭᠠᠬᠤ ᠤᠰᠣᠨ ᠤ ᠶᠠᠰᠤ | ᠴᠢᠨᠠᠷ ᠤᠨ ᠪᠠᠶᠢᠴᠠᠭᠠᠯᠲᠠ ᠰᠢᠨᠵᠢᠯᠳᠠ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ᠂ ᠤᠰᠤ | ᠬᠠᠩᠭᠠᠬᠤ ᠳᠠᠬᠢ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠬᠦ ᠬᠡᠷᠡᠭᠲᠡᠶ᠃ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠣᠯᠳᠠ ᠪᠠᠨ ᠴᠢᠩᠭᠠᠳᠬᠠᠵᠤ᠂ | ᠤᠰᠤ ᠠᠷᠪᠢᠯᠠᠬᠤ ᠮᠠᠶ᠋ᠢᠭ ᠤᠨ ᠰᠢᠶᠠᠨ ᠤ ᠬᠤᠲᠠ ᠶᠢ ᠪᠦᠲᠦᠭᠡᠨ ᠪᠠᠶᠢᠭᠤᠯᠬᠤ ᠬᠡᠷᠩᠳᠠᠢ᠃ | ︵ᠬᠤᠶᠠᠷ︶ ᠠᠮᠢ ᠠᠬᠤᠶ ᠶᠢᠨ ᠣᠷᠴᠢᠨ ᠲᠣᠭᠤᠷᠢᠨ ᠤ ᠶᠠᠰᠣ ᠴᠢᠨᠠᠷ ᠢ ᠰᠠᠶᠢᠵᠢᠷᠠᠭᠤᠯᠬᠤ ᠬᠡᠷᠡᠭᠲᠡᠶ᠃ | ᠡᠯ᠎ᠡ ᠭᠠᠵᠠᠷ ᠣᠷᠣᠨ ᠨᠤᠭᠤᠳ ᠮᠠᠨ ᠤ ᠣᠷᠣᠨ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠳᠠ ᠶᠣᠰᠣᠭᠠᠷ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠵᠠᠰᠠᠨ | ᠴᠡᠭᠴᠡᠯᠡᠬᠦ ᠪᠠᠨ ᠲᠦᠷᠭᠡᠳᠬᠡᠵᠦ᠂ ᠰᠢᠨ᠎ᠡ ᠪᠠᠷ ᠰᠦᠢᠣᠡᠭᠡᠵᠣ ᠥᠷᠢᠲᠦᠬᠦ ᠠᠵᠢᠯ ᠦᠭᠡᠶ᠂ ᠬᠠᠭᠤᠴᠢᠨ ᠰᠦᠢᠣᠡᠭᠡᠵᠣ | ᠦᠷᠢᠳᠣᠭ᠍ᠰᠡᠨ ᠢᠶᠠᠨ ᠢᠯᠡᠭᠦᠭᠡᠨ ᠲᠦᠯᠣᠵᠣ ᠨᠦᠭᠦᠪᠣᠷᠢᠯᠡᠭᠦ ᠬᠡᠷᠩᠳᠠᠢ᠃ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ | ᠡᠬᠢ ᠪᠠᠶᠠᠯᠢᠬᠵᠢᠭᠤᠯᠤᠨ ᠠᠰᠢᠭᠯᠠᠬᠤ ᠶᠢ ᠳᠥᠯᠭᠢᠨ ᠠᠬᠢᠭᠤᠯᠵᠤ᠂ ᠰᠢᠶᠠᠨ ᠤ ᠬᠤᠲᠠ ᠶᠢᠨ ᠠᠮᠢᠳᠤᠷᠠᠯ ᠤᠨ ᠬᠤᠭ | ᠨᠣᠪᠰᠢ ᠪᠤᠯᠠᠬᠤ ᠭᠠᠵᠠᠷ ᠢᠶᠠᠨ ᠬᠤᠣᠷ ᠦᠭᠡᠶ ᠪᠣᠯᠭᠠᠬᠤ ᠵᠡᠷᠭᠡ ᠳᠡᠰ ᠤᠨ ᠪᠠᠷᠢᠮᠵᠢᠶ᠎ᠠ ᠱᠠᠭᠠᠷᠳᠠᠯᠭ᠎ᠠ ᠳᠤ ᠬᠦᠷᠦᠭᠦᠯᠭᠦ | ᠬᠡᠷᠡᠭᠲᠡᠶ᠃ ᠰᠢᠶᠠᠨ ᠤ ᠬᠤᠲᠠ ᠶᠢᠨ ᠪᠣᠬᠢᠷ ᠤᠰᠤ ᠰᠢᠢᠣᠡᠪᠣᠷᠢᠯᠡᠭᠦ ᠪᠡᠯᠡᠣᠡᠭᠡᠮᠵᠢ ᠶᠢᠨ ᠢᠵᠢ ᠪᠦᠷᠢᠳᠦᠭᠦᠯᠬᠦ ᠬᠤᠭᠤᠯᠠᠶ | ᠭᠤᠣᠷᠰᠣ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠣᠡᠭᠡᠨ ᠠᠬᠢᠭᠤᠯᠵᠣ᠂ ᠪᠣᠬᠢᠷ ᠤᠰᠤ | ᠰᠢᠢᠣᠡᠪᠣᠷᠢᠯᠡᠭᠦ ᠪᠡᠯᠡᠣᠡᠭᠡᠮᠵᠢ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷ ᠤᠰᠤ ᠶᠢ ᠬᠤᠷᠢᠶᠠᠨ | ᠠᠪᠬᠤ ᠨᠣᠷᠮ᠎ᠠ ᠪᠣᠯᠤᠨ ᠰᠢᠢᠣᠡᠪᠣᠷᠢᠯᠡᠭᠦ ᠨᠣᠷᠮ᠎ᠠ ᠶᠢ ᠳᠡᠭᠡᠭᠰᠢᠯᠡᠭᠦᠯᠣᠨ᠂ ᠵᠠᠪᠰᠠᠷ ᠤᠰᠤ ᠶᠢ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠶ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠣ᠂ ᠣᠳᠣ | ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠤᠨ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠥᠭᠡᠷᠡᠴᠢᠯᠡᠯᠲᠡ ᠶᠢ | ᠲᠦᠷᠭᠡᠣᠡᠭᠡᠨ ᠠᠬᠢᠭᠤᠯᠬᠤ ᠬᠡᠷᠩᠳᠠᠢ᠃ ᠠᠷᠠᠳ ᠣᠯᠠᠨ ᠢ ᠦᠨᠡᠡᠭᠦ ᠰᠢᠨ᠎ᠠ ᠰᠣᠷᠭᠤᠭ ᠠᠭᠠᠷ ᠲᠠᠢ᠂ ᠴᠡᠪᠡᠷ | ᠤᠰᠤ ᠲᠠᠢ᠂ ᠰᠠᠶᠢᠨ ᠰᠠᠶᠢᠬᠠᠨ ᠣᠷᠴᠢᠨ ᠲᠣᠭᠤᠷᠢᠨ ᠳᠤ ᠦᠢᠯᠡᠳᠪᠦᠷᠢᠯᠡᠵᠣ ᠠᠮᠢᠳᠤᠷᠠᠭᠤᠯᠬᠤ ᠬᠡᠷᠩᠳᠠᠢ᠃ | ︵ᠭᠤᠷᠪᠠ︶ ᠴᠡᠴᠡᠷᠯᠢᠭ ᠤᠨ ᠨᠣᠭᠤᠭᠠᠷᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠡᠴᠡᠷᠯᠢᠭᠳᠦ ᠰᠢᠶᠠᠨ ᠤ | ᠬᠤᠲᠠ ᠶᠢ ᠴᠣᠭᠴᠠᠯᠠᠨ ᠪᠠᠶᠢᠭᠤᠯᠬᠤ ᠪᠠ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ︵ᠦᠯᠢᠭᠡᠷ | ᠵᠢᠱᠢᠶ᠎ᠡ︶ ᠤ ᠱᠠᠩᠨᠠᠯ ᠢᠶᠠᠷ ᠭᠠᠷᠳᠠᠴᠨ ᠪᠣᠯᠭᠠᠵᠤ᠂ ᠪᠣᠬᠢᠷᠳᠣᠯ ᠦᠭᠡᠢ ᠪᠠᠶᠢᠬᠤ ᠪᠠᠷ ᠤᠳᠤᠷᠢᠳᠤᠮᠵᠢ ᠪᠣᠯᠭᠠᠭᠰᠠᠨ | ᠬᠤᠲᠠ ᠪᠠᠯᠭᠠᠰᠤᠨ ᠤ ᠠᠭᠤᠵᠢᠮ ᠵᠠᠳᠠᠭᠠᠶ ᠣᠷᠣᠨ ᠵᠠᠶ ᠶᠢ ᠲᠦᠷᠭᠡᠣᠡᠭᠡᠨ ᠪᠠᠶᠢᠭᠤᠯᠵᠤ᠂ ᠪᠣᠬᠢᠷᠳᠣᠯ ᠦᠭᠡᠢ ᠠᠮᠢ | ᠠᠬᠤᠶ ᠶᠢᠨ ᠬᠤᠲᠠ ᠲᠣᠭᠤᠷᠢᠭ ᠢ ᠪᠦᠲᠦᠭᠡᠨ ᠪᠠᠶᠢᠭᠤᠯᠬᠤ ᠬᠡᠷᠩᠳᠠᠢ᠃ ᠰᠣᠶᠣᠯ ᠤᠨ ᠴᠡᠴᠡᠷᠯᠢᠭ ᠪᠠᠶᠢᠭᠤᠯᠬᠤ ᠶᠢ | ᠶᠡᠬᠡᠪᠡᠷ ᠰᠠᠨᠠᠭᠠᠴᠢᠯᠠᠵᠤ᠂ ᠣᠷᠣᠨ ᠪᠦᠰᠨ᠂ ᠲᠡᠦᠬᠡ᠂ ᠦᠨᠳᠦᠰᠦᠲᠡᠨ᠂ ᠴᠠᠭ ᠦᠶ᠎ᠡ ᠪᠠ ᠰᠣᠶᠣᠯ ᠤᠨ ᠭᠦᠴᠣᠨ | ᠵᠦᠢᠯ ᠢ ᠠᠭᠤᠳᠠᠯᠬᠤ ᠪᠠ ᠬᠡᠷᠡᠭᠯᠡᠬᠦ ᠪᠠᠨ ᠨᠡᠮᠡᠭᠳᠡᠭᠦᠯᠵᠣ᠂ ᠴᠡᠴᠡᠷᠯᠢᠭ ᠤᠨ ᠰᠣᠶᠣᠯ ᠤᠨ ᠴᠢᠨᠠᠷ ᠳᠡᠰ ᠪᠠ | ᠠᠭᠤᠯᠤᠭᠳᠠᠬᠤᠨ ᠢ ᠳᠡᠭᠡᠭᠰᠢᠯᠡᠭᠦᠯᠵᠣ᠂ ᠰᠣᠳᠣᠨ ᠴᠡᠴᠡᠷᠯᠢᠭ ᠢ ᠪᠤᠶ ᠪᠣᠯᠭᠠᠬᠤ ᠬᠡᠷᠩᠳᠠᠢ᠃ ᠵᠠᠮ ᠳᠠᠭᠠᠤ᠂ | ᠴᠡᠴᠡᠷᠯᠢᠭ᠂ ᠰᠡᠯᠡᠭᠦᠴᠡᠯ ᠤᠨ ᠠᠭᠤᠳᠠᠮ ᠲᠠᠯᠠᠪᠠᠶ᠂ ᠭᠤᠣᠯ ᠵᠠᠩᠭᠢᠶᠠᠰᠤ᠂ ᠭᠤᠣᠯ ᠮᠥᠷᠡᠨ ᠤ ᠤᠰᠤᠨ | ᠰᠢᠰᠲ᠋ᠧᠮ ᠤᠨ ᠴᠡᠴᠡᠷᠯᠢᠭᠳᠦ ᠨᠣᠭᠤᠭᠠᠷᠠᠭᠤᠯᠣᠭᠰᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠦᠵᠡᠮᠵᠢ ᠶᠢ ᠪᠤᠶ | ᠪᠣᠯᠭᠠᠬᠤ ᠪᠠᠨ ᠴᠢᠩᠭᠠᠣᠠᠬᠠᠵᠣ᠂ ᠭᠤᠣᠯ ᠤᠨ ᠵᠠᠮ ᠢ ᠴᠡᠭᠴᠡᠯᠡᠵᠣ ᠵᠠᠰᠠᠬᠤ ᠪᠠᠨ ᠭᠤᠣᠯ ᠤᠨ ᠦᠵᠡᠮᠵᠢ ᠶᠢᠨ ᠵᠢᠷᠤᠭ | ᠲᠥᠯᠥᠪᠯᠡᠭᠡ ᠲᠠᠢ ᠨᠡᠶᠢᠴᠡᠭᠦᠯᠣᠭ᠍ᠰᠡᠨ ᠪᠠᠶᠢᠬᠤ ᠬᠡᠷᠡᠭᠲᠡᠶ᠃ ᠵᠠᠮ ᠤᠨ ᠨᠣᠭᠤᠭᠠᠨ ᠲᠣᠣᠷ᠂ ᠣᠢ ᠶᠢᠨ ᠰᠡᠭᠦᠳᠡᠷ ᠲᠠᠢ | ᠵᠠᠮ ᠪᠠ ᠣᠢ ᠶᠢᠨ ᠰᠡᠭᠦᠳᠡᠷ ᠲᠠᠢ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠴᠡᠴᠡᠷᠯᠢᠭᠳᠦ ᠨᠣᠭᠤᠭᠠᠷᠠᠭᠤᠯᠣᠭᠰᠠᠨ ᠭᠠᠵᠠᠷ ᠤᠨ ᠪᠦᠷᠬᠦᠴᠨ ᠶᠢ ᠳᠡᠭᠡᠭᠰᠢᠯᠡᠭᠦᠯᠭᠦ ᠬᠡᠷᠩᠳᠠᠢ᠃ ᠨᠠᠭᠤᠷ ᠴᠥᠭᠦᠷᠥᠮ᠂ | ᠭᠤᠣᠯ ᠮᠥᠷᠡᠨ ᠵᠡᠷᠭᠡ ᠤᠰᠤᠨ ᠤ ᠠᠮᠢ ᠠᠬᠤᠶ ᠶᠢᠨ ᠣᠷᠣᠨ ᠵᠠᠶ ᠶᠢ ᠡᠷᠭᠡᠰᠢᠶᠡᠭᠦ ᠪᠠᠨ ᠠᠩᠬᠠᠷᠴᠣ᠂ ᠤᠰᠤᠨ ᠤ | ᠴᠠᠷᠠᠭ᠎ᠠ ᠶᠢᠨ ᠬᠠᠮᠠᠭᠠᠯᠠᠯᠲᠠ ᠪᠠ ᠣᠰᠣᠯᠢᠭ ᠨᠣᠭᠤ ᠭᠠᠵᠠᠷ ᠢ ᠬᠠᠮᠠᠭᠠᠯᠠᠬᠤ ᠪᠠᠨ ᠴᠢᠩᠭᠠᠣᠠᠬᠠᠨ᠂ ᠤᠰᠤᠨ ᠤ | ᠴᠠᠷᠠᠭ᠎ᠠ ᠶᠢᠨ ᠣᠷᠴᠢᠨ ᠲᠣᠭᠤᠷᠢᠨ ᠢ ᠭᠤᠶᠣᠯᠠᠬᠤ ᠬᠡᠷᠩᠳᠠᠢ᠃ ︽ᠰᠡᠶᠢᠮᠡᠬᠡᠶ ᠬᠤᠲᠠ︾ ᠪᠠ ︽ᠬᠤᠷ᠎ᠠ | ᠪᠣᠷᠣᠭᠠᠨ ᠳᠤ ᠲᠦᠰᠢᠭᠯᠡᠬᠦ ᠬᠡᠯᠪᠡᠷᠢ︾ ᠶᠢᠨ ᠨᠣᠭᠤᠭᠠᠷᠠᠭᠤᠯᠣᠭᠰᠠᠨ ᠭᠠᠵᠠᠷ ᠢ ᠪᠦᠲᠦᠭᠡᠨ ᠪᠠᠶᠢᠭᠤᠯᠬᠤ ᠰᠢᠨ᠎ᠡ | ᠣᠨᠣᠯᠵᠢᠬᠤᠨ ᠢ ᠳᠡᠯᠭᠡᠷᠡᠭᠦᠯᠵᠣ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ | ᠰᠠᠶᠢᠵᠢᠷᠠᠭᠤᠯᠬᠤ ᠬᠡᠷᠩᠳᠠᠢ᠃ ᠣᠯᠠᠨ ᠲᠦᠮᠡᠨ ᠳᠤ ᠳᠥᠭᠦᠮ ᠦᠵᠡᠭᠦᠯᠬᠦ ᠶᠢᠨ ᠰᠠᠭᠤᠷᠢᠰᠢᠬᠤ ᠳᠤ ᠲᠣᠬᠢᠷᠠᠮᠵᠢᠲᠠᠶ | ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ᠵᠢᠵᠢᠭ ᠵᠤᠭᠠᠴᠠᠬᠤ ᠴᠡᠴᠡᠷᠯᠢᠭ᠂ ᠵᠢᠵᠢᠭ ᠲᠠᠯᠠᠪᠠᠶ ᠵᠡᠷᠭᠡ | ᠠᠷᠠᠳ ᠤᠨ ᠠᠮᠢᠳᠤᠷᠠᠯ ᠳᠤ ᠳᠥᠭᠦᠮ ᠦᠵᠡᠭᠦᠯᠭᠦ ᠪᠡᠯᠡᠣᠡᠭᠡᠮᠵᠢ ᠶᠢ ᠪᠦᠳᠣᠭᠡᠨ ᠪᠠᠶᠢᠭᠤᠯᠵᠣ᠂ 300 ᠮᠧᠲᠷ ᠲᠤ | ᠨᠣᠭᠤᠭᠠᠨ ᠦᠩᠭᠡ ᠶᠢ ᠣᠯᠵᠣ ᠬᠠᠷᠠᠨ᠂ 500 ᠮᠧᠲᠷ ᠲᠤ ᠴᠡᠴᠡᠷᠯᠢᠭ ᠲᠠᠢ ᠪᠠᠶᠢᠬᠤ ᠱᠠᠭᠠᠷᠳᠠᠯᠭ᠎ᠠ ᠳᠤ ᠦᠨᠡᠡᠭᠦ | ᠭᠦᠷᠣᠭᠦᠯᠭᠦ ᠬᠡᠷᠩᠳᠠᠢ᠃ | ︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠭᠦ ᠬᠡᠷᠩᠳᠠᠢ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠨᠢ ᠬᠤᠲᠠ ᠪᠠᠯᠭᠠᠰᠤᠨ ᠤ | ᠰᠤᠷᠭᠠᠨ ᠬᠥᠮᠦᠵᠢᠯ᠂ ᠡᠮ ᠡᠮᠨᠡᠯᠬᠡ᠂ ᠰᠣᠶᠣᠯ᠂ ᠪᠡᠶ᠎ᠡ ᠶᠢᠨ ᠲᠠᠮᠢᠷ᠂ ᠬᠤᠯᠠ ᠵᠠᠮ ᠤᠨ ᠠᠶᠠᠨᠴᠢᠳ ᠢ | ᠵᠦᠭᠡᠭᠡᠪᠣᠷᠢᠯᠡᠭᠦ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠣᠡᠭᠡᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠣ᠂ ᠰᠢᠶᠠᠨ ᠤ | ᠬᠤᠲᠠ ᠶᠢᠨ ᠭᠠᠳᠠᠭᠰᠢ ᠭᠠᠷᠬᠤ ᠪᠠ ᠭᠠᠳᠠᠨ᠎ᠠ ᠠᠴᠠ ᠣᠷᠣᠬᠤ ᠵᠠᠮ ᠤᠨ ᠥᠭᠡᠷᠡᠴᠢᠯᠡᠵᠣ ᠪᠦᠳᠣᠭᠡᠨ ᠪᠠᠶᠢᠭᠤᠯᠬᠤ ᠶᠢ | ᠴᠢᠩᠭᠠᠣᠠᠬᠠᠨ᠂ ᠰᠢᠶᠠᠨ ᠤ ᠬᠤᠲᠠ ᠶᠢᠨ ᠰᠠᠭᠤᠷᠢ ᠪᠡᠯᠡᠣᠡᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠢᠵᠢ | ᠪᠦᠷᠢᠳᠦᠭᠰᠡᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠣ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ | ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠰᠢᠶᠠᠨ ᠤ ᠬᠤᠲᠠ ᠶᠢᠨ ᠵᠠᠮ | ᠬᠠᠷᠢᠯᠴᠠᠭᠠᠨ ᠤ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠵᠦ᠂ ᠮᠤᠬᠤᠷ ᠵᠠᠮ ᠢ ᠨᠡᠪᠲᠡᠷᠡᠭᠦᠯᠣᠨ᠂ ᠪᠢᠴᠢᠯ ᠡᠷᠭᠢᠯᠲᠡ ᠶᠢ ᠰᠠᠭᠠᠳ ᠦᠭᠡᠶ | ᠪᠣᠯᠭᠠᠨ᠎ᠠ︔ ᠵᠠᠮ ᠤᠨ ᠬᠠᠪᠲᠠᠭᠠᠶ ᠬᠡᠰᠡᠭ ᠢ ᠵᠦᠶ ᠵᠣᠬᠢᠰᠲᠠᠶ ᠵᠢᠷᠤᠵᠣ ᠲᠥᠯᠥᠪᠯᠡᠨ᠂ ᠰᠢᠨ᠎ᠡ ᠪᠠᠷ ᠪᠠᠶᠢᠭᠤᠯᠬᠤ | ᠵᠠᠮ ᠳᠤ ᠶᠠᠪᠠᠭᠠᠨ ᠭᠦᠮᠣᠨ ᠤ ᠪᠠ ᠳᠤᠭᠤᠶ ᠲᠡᠷᠭᠡᠨ ᠤ ᠵᠠᠮ ᠵᠡᠷᠭᠡ ᠤᠳᠠᠭᠠᠨ ᠶᠠᠪᠣᠬᠤ ᠰᠢᠰᠲ᠋ᠧᠮ ᠢ ᠵᠡᠷᠭᠡᠪᠡᠷ | ᠪᠠᠶᠢᠭᠤᠯᠵᠤ᠂ ᠵᠠᠮ ᠢ ᠥᠭᠡᠷᠡᠴᠢᠯᠡᠭᠦ ᠪᠠ ᠥᠷᠭᠡᠳᠬᠡᠨ ᠪᠠᠶᠢᠭᠤᠯᠬᠤ ᠳᠠᠭᠠᠨ ᠨᠥᠬᠦᠴᠡᠯ ᠪᠦᠷᠢᠯᠳᠦᠭᠦᠯᠵᠦ ᠶᠠᠪᠠᠭᠠᠨ | ᠭᠦᠮᠣᠨ ᠤ ᠪᠠ ᠳᠤᠭᠤᠶ ᠲᠡᠷᠭᠡᠨ ᠤ ᠵᠠᠮ ᠭᠠᠷᠭᠠᠵᠣ᠂ ᠣᠯᠠᠨ ᠲᠦᠮᠡᠨ ᠤ ᠶᠠᠪᠤᠵᠣ ᠣᠴᠢᠬᠤ ᠳᠤ ᠳᠥᠭᠦᠮ | ᠦᠵᠡᠭᠦᠯᠭᠦ ᠬᠡᠷᠩᠳᠠᠢ︔ ᠬᠠᠷᠰᠢ ᠰᠠᠭᠠᠳ ᠦᠭᠡᠶ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠴᠢᠬᠤᠯᠠᠴᠢᠯᠠᠨ᠂ ᠬᠠᠷᠰᠢ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠠᠭᠦᠯᠣᠨ ᠶᠠᠪᠣᠭᠳᠠᠭᠤᠯᠬᠤ ᠪᠠᠨ ᠠᠬᠢᠭᠤᠯᠬᠤ ᠬᠡᠷᠩᠳᠠᠢ︔ ᠲᠦᠪ ᠪᠣᠯᠬᠤ | ᠬᠤᠲᠠ ᠶᠢᠨ ᠲᠣᠭᠤᠷᠢᠭ ᠪᠠ ᠰᠤᠮᠤ ᠰᠢᠶᠠᠩ ᠪᠠᠯᠭᠠᠰᠤᠨ ᠤ ᠵᠣᠯᠭᠠᠯᠳᠣᠭᠤᠯᠵᠣ ᠬᠤᠯᠪᠣᠬᠤ ᠶᠢ ᠰᠠᠭᠠᠳ ᠦᠭᠡᠶ | ᠨᠡᠪᠳᠡᠷᠡᠭᠦᠯᠵᠣ᠂ ᠰᠢᠶᠠᠨ ᠤ ᠬᠤᠲᠠ ᠶᠢᠨ ᠬᠤᠭᠤᠷᠣᠨᠳᠣᠬᠢ ᠳᠡᠭᠡᠳᠦ ᠳᠡᠰ ᠤᠨ ᠵᠠᠰᠠᠮᠠᠯ ᠵᠠᠮ ᠤᠨ ᠵᠠᠯᠭᠠᠯᠳᠣᠬᠤ ᠶᠢ | ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ᠃ | ︵ᠲᠠᠪᠤ︶ ᠬᠠᠭᠤᠴᠢᠨ ᠲᠣᠭᠤᠷᠢᠭ ᠢ ᠥᠭᠡᠷᠡᠴᠢᠯᠡᠬᠦ ᠪᠠ ᠰᠢᠶᠠᠨ ᠤ ᠬᠤᠲᠠ ᠶᠢ ᠰᠢᠨᠡᠳᠬᠡᠬᠦ ᠢᠨᠵᠧᠨᠧᠷᠢᠩ ᠢ | ᠲᠦᠷᠭᠡᠳᠬᠡᠭᠦ ᠬᠡᠷᠩᠳᠠᠢ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠨᠢ ᠳᠥᠭᠦᠮ ᠪᠦᠳᠦᠭᠦᠯᠢᠭ | ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠ ᠰᠢᠶᠠᠨ ᠤ ᠬᠤᠳᠠ ᠶᠢᠨ ᠬᠠᠭᠤᠴᠢᠨ ᠣᠷᠣᠨ ᠰᠠᠭᠤᠴᠠᠳᠤ | ᠲᠣᠭᠤᠷᠢᠭ ᠢ ᠶᠡᠷᠦᠩᠬᠡᠶᠢᠯᠡᠨ ᠴᠡᠭᠴᠡᠯᠡᠵᠣ ᠵᠠᠰᠠᠬᠤ ᠠᠵᠢᠯ ᠢᠶᠠᠷ ᠭᠠᠷᠳᠠᠴᠨ ᠪᠣᠯᠭᠠᠵᠤ᠂ ᠳᠥᠭᠦᠮ ᠪᠦᠳᠦᠭᠦᠯᠢᠭ | ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢᠶᠠᠷ ᠭᠤᠣᠯ ᠪᠣᠯᠭᠠᠭᠰᠠᠨ ᠰᠢᠶᠠᠨ ᠤ ᠬᠤᠲᠠ ᠶᠢᠨ | ᠰᠢᠨᠡᠳᠬᠡᠬᠦ ᠢᠨᠵᠧᠨᠧᠷᠢᠩ ᠢ ᠬᠦᠴᠦᠯᠡᠨ ᠠᠬᠢᠭᠤᠯᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠣ ᠵᠠᠰᠠᠬᠤ | ᠪᠠ ᠭᠡᠷ ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠬᠤ ᠠᠵᠢᠯ ᠢᠶᠠᠨ ᠴᠢᠩᠭᠠᠳᠬᠠᠬᠤ᠂ ᠬᠡᠷᠡᠭᠯᠡᠬᠦ | ᠴᠢᠳᠠᠮᠵᠢ ᠪᠠ ᠢᠵᠢ ᠪᠦᠷᠢᠳᠦᠭᠰᠡᠨ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠭᠦ ᠬᠡᠷᠩᠳᠠᠢ᠃ | ᠰᠢᠶᠠᠨ ᠤ ᠬᠤᠲᠠ ᠶᠢ ᠰᠢᠨᠡᠳᠬᠡᠬᠦ ᠳᠡᠭᠡᠨ ᠪᠣᠬᠢᠷᠲᠤᠯ ᠦᠭᠡᠶ ᠬᠥᠭᠵᠢᠯᠲᠡ᠂ ᠡᠷᠬᠢᠯᠳᠡᠳᠣ ᠬᠥᠭᠵᠢᠯᠲᠡ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠠᠷ ᠦᠨᠳᠦᠰᠦᠨ ᠠᠷᠭ᠎ᠠ ᠵᠠᠮ ᠪᠣᠯᠭᠠᠬᠤ ᠶᠢ | ᠪᠠᠷᠢᠮᠲᠠᠯᠠᠵᠤ᠂ ᠪᠣᠬᠢᠷᠳᠣᠯ ᠦᠭᠡᠢ ᠬᠤᠲᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ | ᠶᠡᠭᠡᠪᠡᠷ ᠨᠣᠷᠠᠭᠠᠵᠣ ᠶᠡᠭᠡᠪᠠᠷ ᠪᠠᠶᠢᠭᠤᠯᠬᠤ ᠠᠴᠠ ᠵᠠᠶᠢᠯᠠᠰᠬᠢᠭᠦ ᠬᠡᠷᠩᠳᠠᠢ᠃ ᠡᠩ ᠤᠨ ᠰᠠᠭᠤᠭᠠᠯᠢ ᠠᠷᠠᠳ ᠤᠨ ᠭᠡᠷ | ᠪᠦᠯᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠮᠥᠷᠲᠡᠭᠡᠨ ᠪᠠᠰᠨ ᠣᠷᠣᠨ ᠨᠤᠲᠤᠭ ᠤᠨ ᠣᠨᠴᠠᠯᠢᠭ ᠢ | ᠲᠣᠳᠣᠷᠠᠭᠤᠯᠬᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ᠂ | ᠣᠰᠣᠨ ᠤ ᠢᠷᠡᠯᠳᠠ᠂ ᠣᠰᠣ ᠭᠠᠳᠠᠭᠰᠢᠯᠠᠭᠤᠯᠬᠤ᠂ ᠢᠯᠴᠢ᠂ ᠴᠠᠬᠢᠯᠭᠠᠨ᠂ ᠬᠡᠢ ᠵᠡᠷᠭᠡ ᠰᠠᠭᠤᠷᠢ ᠪᠡᠯᠡᠣᠡᠭᠡᠮᠵᠢ ᠪᠠᠷ | ᠪᠦᠷᠢᠨ ᠲᠥᠬᠦᠷ ᠡᠩ ᠤᠨ ᠣᠷᠣᠨ ᠰᠠᠭᠤᠴᠠ ᠶᠢ ᠶᠡᠭᠡᠪᠠᠷ ᠭᠦᠭᠵᠢᠭᠦᠯᠵᠣ᠂ ᠰᠢᠶᠠᠨ ᠤ ᠬᠤᠲᠠ ᠶᠢᠨ ᠣᠷᠣᠰᠢᠨ | ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠶ᠃ ᠠᠳᠠᠯ ᠠᠬᠤᠶ ᠶᠢᠨ | ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ ᠨᠢ ᠲᠡᠭᠦᠯᠳᠡᠷᠵᠢᠭᠦᠯᠵᠦ᠂ ᠵᠣᠯ ᠵᠢᠷᠭᠠᠯᠲᠤ | ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠤᠨ᠎ᠠ᠃ | ᠲᠠᠪᠤ᠂ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠠ | ︵ᠨᠢᠭᠡ︶ ᠬᠤᠲᠠ ᠪᠠᠯᠭᠠᠰᠤᠨ ᠤ ᠬᠠᠮᠢᠶᠠᠷᠤᠯᠲᠠ ᠶᠢᠨ ᠪᠠᠶᠢᠭᠤᠯᠤᠯ ᠢ ᠰᠢᠯᠣᠭᠤᠣᠠᠬᠠᠬᠤ ᠬᠡᠷᠩᠳᠠᠢ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ | ᠬᠠᠮᠢᠶᠠᠷᠤᠯᠲᠠ ᠶᠢᠨ ᠠᠵᠢᠯ ᠢ ᠵᠣᠬᠢᠴᠠᠭᠤᠯᠬᠤ ᠪᠠᠶᠢᠭᠤᠯᠤᠮᠵᠢ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠡᠷᠬᠡ | ᠠᠰᠢᠭ ᠤᠨ ᠬᠠᠷᠢᠯᠴᠠᠨ ᠨᠢᠭᠡᠳᠦᠭᠰᠡᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠪᠦᠷᠢᠨᠰᠢᠭᠦᠯᠵᠣ᠂ | ᠬᠠᠮᠢᠶᠠᠷᠣᠯᠳᠠ᠂ ᠬᠠᠤᠯᠢ ᠬᠡᠷᠡᠭᠵᠢᠭᠦᠯᠬᠦ᠂ ᠦᠢᠯᠡᠴᠢᠯᠡᠭᠡ ︽ᠭᠤᠷᠪᠠ ᠶᠢ ᠨᠢᠭᠡ ᠴᠤᠭᠴᠠᠵᠢᠭᠤᠯᠬᠤ︾ ︽ᠶᠡᠭᠡ | ᠬᠤᠲᠠ ᠶᠢᠨ ᠬᠠᠮᠢᠶᠠᠷᠤᠯᠲᠠ︾ ᠶᠢᠨ ᠲᠦᠯᠣᠪ ᠪᠠᠶᠢᠳᠠᠯ ᠢ ᠬᠠᠶᠢᠨ ᠰᠦᠪᠡᠭᠴᠢᠯᠡᠵᠣ ᠪᠠᠶᠢᠭᠤᠯᠬᠤ ᠬᠡᠷᠩᠳᠠᠢ᠃ | ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ | ᠬᠤᠲᠠ ᠶᠢᠨ ᠬᠠᠮᠢᠶᠠᠷᠣᠯᠳᠠ ᠶᠢᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠲᠡᠭᠦᠯᠳᠡᠷᠵᠢᠭᠦᠯᠵᠦ᠂ ᠲᠣᠣᠷᠵᠢᠭᠤᠯᠣᠭᠰᠠᠨ | ᠬᠠᠮᠢᠶᠠᠷᠤᠯᠲᠠ ᠶᠢᠨ ᠬᠡᠪ ᠵᠠᠭᠪᠣᠷ ᠢ ᠪᠦᠷᠢᠨᠰᠢᠭᠦᠯᠵᠣ᠂ ᠬᠠᠤᠯᠢ ᠶᠣᠰᠣᠭᠠᠷ ᠴᠢᠩᠭ᠎ᠠ ᠵᠠᠰᠠᠭ ᠶᠠᠪᠣᠭᠤᠯᠬᠤ ᠬᠡᠷᠩᠳᠠᠢ᠃ | ᠰᠢᠶᠠᠨ ᠤ ᠬᠤᠲᠠ ᠶᠢ ᠬᠠᠮᠢᠶᠠᠷᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠬᠦᠴᠦᠨ ᠢ ᠨᠡᠮᠡᠭᠳᠡᠭᠦᠯᠵᠣ᠂ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠣᠨ᠂ | ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠠᠵᠢᠯᠲᠠᠳ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠩᠳᠠᠢ᠃ | ᠬᠠᠮᠢᠶᠠᠷᠤᠯᠲᠠ ᠪᠠᠨ ᠨᠠᠷᠢᠯᠢᠬᠵᠢᠭᠤᠯᠬᠤ ᠪᠠᠷ ᠳᠠᠮᠵᠢᠭᠤᠯᠤᠨ᠂ ᠰᠢᠶᠠᠨ ᠤ ᠬᠤᠲᠠ ᠶᠢᠨ ᠬᠠᠮᠢᠶᠠᠷᠣᠯᠳᠠ ᠶᠢᠨ ᠬᠠᠯᠠᠮᠰᠢᠯ᠂ | ᠬᠦᠴᠢᠷᠳᠡᠯᠲᠡᠶ ᠠᠰᠠᠭᠤᠳᠠᠯ ᠤᠳ ᠢ ᠨᠠᠷᠢᠨ ᠬᠢᠨᠠᠮᠠᠭᠠᠶ ᠰᠢᠢᠣᠡᠪᠣᠷᠢᠯᠡᠵᠣ᠂ ᠠᠷᠠᠳ ᠣᠯᠠᠨ ᠤ ᠬᠠᠨᠤᠮᠵᠢᠲᠠᠶ ᠪᠠᠶᠢᠬᠤ | ᠰᠡᠳᠬᠢᠯ ᠢ ᠲᠠᠰᠤᠷᠠᠯᠲᠠ ᠦᠭᠡᠶ ᠳᠡᠭᠡᠭᠰᠢᠯᠡᠭᠦᠯᠭᠦ ᠬᠡᠷᠩᠳᠠᠢ᠃ | ︵ᠬᠤᠶᠠᠷ︶ ᠰᠢᠶᠠᠨ ᠤ ᠬᠤᠲᠠ ᠶᠢᠨ ᠣᠷᠴᠢᠨ ᠲᠣᠭᠤᠷᠢᠨ ᠤ ᠥᠩᠭᠡ ᠲᠦᠷᠰᠣ ᠶᠢᠨ ᠬᠠᠮᠢᠶᠠᠷᠣᠯᠳᠠ ᠶᠢ | ᠴᠢᠩᠭᠠᠳᠬᠠᠬᠤ ᠬᠡᠷᠩᠳᠠᠢ᠃ | ᠡᠯ᠎ᠡ ᠬᠤᠰᠢᠭᠤ ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ ᠬᠤᠲᠠ ᠶᠢᠨ | ᠣᠷᠴᠢᠨ ᠲᠣᠭᠤᠷᠢᠨ ᠤ ᠥᠩᠭᠡ ᠲᠦᠷᠰᠣ ᠶᠢ ᠶᠡᠷᠦᠩᠬᠡᠶᠢᠯᠡᠨ ᠴᠡᠭᠴᠡᠯᠡᠵᠣ ᠵᠠᠰᠠᠨ ᠳᠡᠭᠡᠭᠰᠢᠯᠡᠭᠦᠯᠭᠦ ᠠᠵᠢᠯᠯᠠᠭ᠎ᠠ ᠶᠢ | ᠦᠷᠨᠢᠭᠦᠯᠵᠣ᠂ ᠰᠢᠶᠠᠨ ᠤ ᠬᠤᠲᠠ ᠶᠢᠨ ᠭᠠᠳᠠᠭᠰᠢ ᠭᠠᠷᠬᠤ ᠪᠠ ᠭᠠᠳᠠᠨ᠎ᠠ ᠠᠴᠠ ᠣᠷᠣᠵᠣ ᠢᠷᠡᠭᠦ ᠵᠠᠮ᠂ ᠬᠤᠲᠠ ᠶᠢᠨ | ᠲᠡᠭᠦᠷᠭᠡ ᠶᠢᠨ ᠠᠭᠤᠯᠵᠠᠷ ᠭᠠᠵᠠᠷ᠂ ᠣᠯᠠᠨ ᠨᠡᠶᠢᠲᠡ ᠶᠢᠨ ᠲᠠᠯᠠᠪᠤᠷ᠂ ᠨᠠᠷᠢᠨ ᠵᠡᠭᠡᠯᠡᠢ ᠭᠤᠳᠤᠮᠵᠢ ᠵᠡᠷᠭᠡ ᠭᠠᠵᠡᠷ ᠢ | ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠪᠣᠯᠭᠠᠵᠣ᠂ ᠬᠤᠭ ᠨᠣᠪᠰᠢ ᠣᠪᠣᠭᠠᠯᠠᠬᠤ᠂ ᠵᠠᠮ ᠪᠠ ᠪᠠᠷᠢᠯᠭ᠎ᠠ ᠶᠢᠨ | ᠲᠣᠭᠤᠰᠣ ᠳᠡᠭᠳᠡᠬᠦ᠂ ᠦᠪᠡᠷᠳᠡᠭᠡᠨ ᠳᠤᠷ᠎ᠠ ᠪᠠᠷ ᠪᠠᠷᠢᠯᠭ᠎ᠠ ᠪᠠᠷᠢᠭᠰᠠᠨ᠂ ᠳᠡᠷᠭᠡ ᠭᠦᠰᠭᠡ ᠪᠠᠨ ᠳᠤᠷ᠎ᠠ ᠪᠠᠷ | ᠵᠣᠭᠰᠣᠭᠠᠵᠣ ᠳᠤᠷ᠎ᠠ ᠪᠠᠷ ᠲᠠᠯᠪᠢᠬᠤ᠂ ᠵᠠᠮ ᠤᠨ ᠵᠠᠬ᠎ᠠ ᠳᠡᠯᠭᠡᠭᠦᠷ ᠭᠠᠷᠭᠠᠬᠤ᠂ ᠳᠤᠷ᠎ᠠ ᠪᠠᠷ ᠢᠶᠠᠨ ᠡᠷᠦᠶ ᠬᠤᠷᠤᠶ | ᠦᠭᠡᠶ ᠵᠢᠷᠤᠵᠣ ᠨᠠᠭᠠᠬᠤ ᠪᠠ ᠵᠠᠷ ᠮᠡᠳᠡᠭᠡ ᠫᠠᠶᠢᠰᠠ ᠢᠯᠡᠷᠬᠡᠶᠢᠯᠡᠯ ᠢ ᠡᠮᠬᠢ ᠵᠠᠮᠪᠠᠷᠠᠭ᠎ᠠ ᠦᠭᠡᠶ ᠪᠠᠶᠢᠯᠭᠠᠬᠤ ᠵᠡᠷᠭᠡ | ᠲᠣᠪᠤᠶᠢᠮ᠎ᠠ ᠠᠰᠠᠭᠤᠳᠠᠯ ᠢ ᠦᠨᠡᠡᠭᠦ ᠰᠢᠢᠣᠡᠪᠣᠷᠢᠯᠡᠵᠣ᠂ ︽ᠪᠤᠵᠠᠷ ᠡᠷᠣᠢ ᠬᠤᠷᠣᠢ ᠪᠠᠷᠤᠬᠳᠠᠢ︾ ᠦᠵᠡᠭᠳᠡᠯ ᠢ | ᠲᠦᠢᠯᠪᠤᠷᠢᠲᠠᠶ ᠠᠷᠢᠯᠭᠠᠬᠤ ᠬᠡᠷᠩᠳᠠᠢ᠃ ︽ᠪᠤᠵᠠᠷ ᠢ ᠵᠠᠰᠠᠬᠤ︾᠂ ︽ᠡᠷᠣᠢ ᠬᠤᠷᠣᠢ ᠪᠠᠶᠢᠳᠠᠯ ᠢ ᠵᠠᠰᠠᠬᠤ︾᠂ ︽ | ᠬᠠᠣᠯᠢ ᠲᠦᠷᠢᠮ ᠵᠦᠷᠢᠴᠡᠭᠰᠠᠨ ᠪᠠᠶᠢᠳᠠᠯ ᠢ ᠵᠠᠰᠠᠬᠤ︾ ᠵᠡᠷᠭᠡ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠣ ᠰᠢᠪᠳᠣᠯᠬᠤ ᠠᠵᠢᠯ ᠢ ᠪᠦᠭᠦ ᠲᠠᠯ᠎ᠠ ᠪᠠᠷ ᠥᠷᠨᠢᠭᠦᠯᠭᠦ ᠬᠡᠷᠩᠳᠠᠢ᠃ | ᠬᠠᠭᠤᠷᠢ ᠵᠣᠷᠯᠣᠩ ᠢ ᠤᠰᠤ ᠪᠠᠷ ᠴᠡᠪᠡᠷᠯᠡᠭᠦ ᠵᠣᠷᠯᠣᠩ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡ ᠶᠢᠨ | ᠵᠣᠷᠯᠣᠩ ᠪᠦᠭᠦᠨ ᠢ ᠰᠦᠢᠳᠬᠡᠯ ᠬᠤᠷᠢᠶᠠᠬᠤ ᠦᠭᠡᠶ ᠪᠠᠷ ᠬᠡᠷᠩᠯᠡᠭᠦᠯᠣᠨᠠ᠃ ᠠᠮᠢᠳᠤᠷᠠᠯ ᠤᠨ ᠬᠤᠭ ᠨᠣᠪᠰᠢ ᠶᠢ | ᠪᠢᠳᠡᠭᠦᠮᠵᠢᠯᠡᠵᠣ ᠬᠤᠷᠢᠶᠠᠨ ᠵᠥᠭᠡᠭᠡᠪᠦᠷᠢᠯᠡᠬᠦ ᠶᠢ ᠠᠬᠢᠭᠤᠯᠵᠤ᠂ ᠵᠠᠮ ᠱᠦᠭᠦᠷᠳᠡᠵᠣ ᠴᠡᠪᠡᠷᠯᠡᠭᠦ ᠶᠢᠨ ᠮᠠᠰᠢᠨᠴᠢᠯᠠᠬᠤ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠢ ᠵᠢᠷᠣᠮᠵᠢᠭᠤᠯᠵᠣ᠂ ᠵᠠᠮ ᠤᠨ | ᠬᠠᠵᠠᠭᠤ ᠬᠠᠪᠢ ᠪᠠᠷ ᠮᠠᠰᠢᠨ ᠲᠡᠷᠭᠡ ᠵᠣᠭᠰᠣᠭᠠᠬᠤ ᠭᠠᠵᠡᠷ ᠪᠠ ᠵᠣᠭᠰᠣᠭᠠᠯ ᠤᠨ ᠲᠡᠮᠳᠡᠭ ᠵᠢᠷᠤᠭᠠᠰᠤ ᠶᠢ ᠵᠦᠢ | ᠵᠣᠬᠢᠰᠳᠠᠢ ᠵᠢᠷᠣᠵᠣ᠂ ᠲᠡᠷᠭᠡ ᠭᠦᠰᠭᠡ ᠶᠢ ᠳᠤᠷ᠎ᠠ ᠪᠠᠷ ᠢᠶᠠᠨ ᠵᠣᠭᠰᠣᠭᠠᠬᠤ ᠠᠰᠠᠭᠤᠳᠠᠯ ᠢ ᠦᠨᠡᠡᠭᠦ ᠰᠢᠢᠣᠡᠪᠣᠷᠢᠯᠡᠭᠦ | ᠬᠡᠷᠡᠭᠲᠡᠶ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠠᠭᠠᠷ | ᠮᠠᠨᠳᠠᠯ ᠤᠨ ᠪᠣᠬᠢᠷᠲᠤᠯ ᠢ ᠬᠠᠮᠲᠤᠪᠠᠷ ᠰᠡᠷᠭᠡᠶᠢᠯᠡᠵᠦ ᠡᠵᠡᠮᠳᠡᠬᠦ ᠪᠠᠨ ᠴᠢᠩᠭᠠᠳᠬᠠᠵᠤ᠂ ᠠᠭᠠᠷ ᠠᠮᠢᠰᠬᠤᠯ ᠤᠨ ᠶᠠᠰᠤ | ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠭᠤᠶᠣ ᠰᠠᠶᠢᠬᠠᠨ ᠬᠤᠲᠠ ᠶᠢᠨ ᠦᠵᠡᠮᠵᠢ᠂ ᠵᠡᠭᠡᠯᠢ ᠶᠢᠨ ᠦᠵᠡᠮᠵᠢ᠂ | ᠤᠰᠤᠨ ᠦᠵᠡᠮᠵᠢ᠂ ᠠᠭᠤᠯᠠ ᠬᠠᠶᠢᠷᠬᠠᠨ ᠤ ᠦᠵᠡᠮᠵᠢ᠂ ᠰᠤᠶᠤᠯ ᠢᠷᠬᠡᠨᠰᠢᠯ ᠤᠨ ᠦᠵᠡᠮᠵᠢ ᠶᠢ ᠪᠤᠶ ᠪᠣᠯᠭᠠᠬᠤ ᠪᠠᠷ | ᠳᠠᠮᠵᠢᠭᠤᠯᠵᠣ᠂ ᠰᠢᠶᠠᠨ ᠤ ᠬᠤᠲᠠ ᠶᠢᠨ ᠮᠡᠳᠡᠭᠳᠡᠨ ᠳᠠᠨᠢᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠩᠳᠠᠢ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ ᠪᠠᠨ ᠴᠢᠩᠭᠠᠳᠬᠠᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠠᠴᠠ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠳᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠣ᠂ ᠪᠦᠬᠦ ᠣᠷᠣᠨ ᠤ ᠠᠮᠢ | ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠣᠬᠢᠶᠠᠨ ᠪᠠᠶᠢᠭᠤᠯᠵᠤ ᠤᠳᠤᠷᠢᠳᠣᠨ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ | ᠦᠨᠡᠯᠡᠬᠦ ᠰᠢᠰᠲ᠋ᠧᠮ ᠢ ᠲᠣᠭᠲᠠᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠪᠠᠶᠢᠭᠤᠯᠤᠨ᠎ᠠ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠠᠮᠢ ᠠᠬᠤᠶ ᠶᠢᠨ | ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠬᠤ ᠭᠤᠣᠯ | ᠴᠣᠭᠴᠠ ᠮᠥᠨ᠂ ᠤᠳᠤᠷᠢᠳᠤᠯᠭ᠎ᠠ ᠪᠠᠨ ᠦᠨᠡᠡᠭᠦ ᠴᠢᠩᠭᠠᠳᠬᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠲᠣᠪᠤᠶᠢᠮ᠎ᠠ | ᠠᠰᠠᠭᠤᠳᠠᠯ ᠢ ᠵᠣᠬᠢᠴᠠᠭᠤᠯᠣᠨ ᠰᠢᠢᠣᠡᠪᠣᠷᠢᠯᠡᠵᠣ᠂ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ | ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠬᠤ ᠶᠢ ᠳᠥᠯᠭᠢᠨ ᠠᠬᠢᠭᠤᠯᠬᠤ ᠬᠡᠷᠩᠳᠠᠢ᠃ ᠡᠯ᠎ᠡ ᠬᠤᠰᠢᠭᠤ ᠰᠢᠶᠠᠨ | ︵ᠬᠤᠲᠠ︶ ᠤ ᠠᠷᠠᠳ ᠤᠨ ᠵᠠᠰᠠᠭ ᠤᠨ ᠣᠷᠳᠣᠨ ᠪᠣᠯ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ | ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠭᠤᠣᠯ ᠴᠣᠭᠴᠠ ᠮᠥᠨ᠂ ᠬᠠᠷᠠᠯᠲᠠ ᠶᠢᠨ | ᠡᠭᠦᠷᠭᠡ ᠪᠠᠨ ᠲᠣᠳᠣᠷᠬᠠᠶᠢᠯᠠᠵᠤ᠂ ᠰᠡᠳᠬᠢᠮᠵᠢ ᠶᠢᠨ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠣ᠂ ᠡᠯ᠎ᠡ ᠵᠦᠢᠯ ᠤᠨ | ᠠᠵᠢᠯ ᠢᠶᠠᠨ ᠦᠨᠡᠡᠭᠦ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠴᠢᠬᠤᠯᠠ ᠡᠭᠦᠷᠭᠡ | ᠬᠠᠷᠢᠭᠤᠴᠠᠯᠭ᠎ᠠ ᠪᠠᠨ ᠪᠣᠯᠭᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠰᠢᠶᠠᠨ ᠤ | ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠪᠠ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠣᠨ᠂ ᠬᠠᠷᠢᠭᠤᠴᠠᠯᠭ᠎ᠠ ᠶᠢ ᠦᠨᠡᠡᠭᠦ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ᠂ ᠨᠡᠶᠢᠯᠡᠮᠡᠯ | ᠬᠦᠴᠦᠨ ᠢ ᠪᠦᠷᠢᠯᠳᠦᠭᠦᠯᠵᠣ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠬᠡᠪᠡᠷ ᠠᠬᠢᠭᠤᠯᠬᠤ ᠬᠡᠷᠩᠳᠠᠢ᠃ | ︵ᠬᠤᠶᠠᠷ︶ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠳᠤ ᠰᠢᠨ᠎ᠡ ᠶᠢ ᠡᠭᠦᠳᠬᠦ | ᠬᠡᠷᠡᠭᠲᠡᠶ᠃ | ᠮᠥᠩᠭᠦᠨ ᠭᠦᠢᠯᠭᠡᠭᠡᠨ ᠢᠶᠠᠷ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠭᠦ ᠶᠢᠨ | ᠵᠣᠬᠢᠴᠠᠭᠤᠯᠬᠤ ᠲᠣᠭᠲᠠᠴᠠ ᠳᠤ ᠰᠢᠨ᠎ᠡ ᠶᠢ ᠡᠭᠦᠳᠴᠣ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠨᠡᠶᠢᠭᠡᠮ ᠤᠨ | ᠪᠡᠯᠡ ᠮᠥᠩᠭᠦ ᠶᠢᠨ ᠣᠷᠣᠭᠤᠯᠤᠯᠲᠠ ᠶᠢ ᠬᠥᠲᠥᠯᠥᠨ ᠵᠢᠯᠣᠭᠤᠳᠴᠤ᠂ ᠵᠠᠰᠠᠭ ᠤᠨ ᠣᠷᠳᠣᠨ ᠢᠶᠠᠷ ᠭᠤᠣᠯᠯᠠᠬᠤ᠂ | ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠲᠡᠯᠭᠡᠭᠦᠷᠴᠢᠯᠡᠨ ᠠᠵᠢᠯᠯᠠᠬᠤ ᠰᠢᠶᠠᠨ ᠤ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠭᠦ ᠬᠡᠷᠩᠳᠠᠢ᠃ | ᠡᠳ᠋ ᠤᠨ ᠵᠠᠰᠠᠭ ᠤᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠡᠳ᠋ ᠤᠨ ᠵᠠᠰᠠᠭ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠵᠠᠰᠠᠭ ᠤᠨ | ᠣᠷᠳᠣᠨ ᠤ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠨ ᠠᠵᠢᠯᠯᠠᠬᠤ ᠬᠡᠪ ᠵᠠᠭᠪᠤᠷ ︵PPP︶ ᠢ ᠳᠡᠯᠭᠡᠷᠡᠭᠦᠯᠣᠨ | ᠬᠡᠷᠩᠯᠡᠵᠣ᠂ ᠬᠤᠲᠠ ᠶᠢᠨ ᠰᠠᠭᠤᠷᠢ ᠪᠡᠯᠡᠣᠡᠭᠡᠮᠵᠢ ᠶᠢᠨ ᠪᠡᠯᠡ ᠣᠷᠣᠭᠤᠯᠤᠯᠲᠠ ᠪᠠ ᠡᠵᠡᠩᠨᠡᠯᠲᠡ ᠳᠤ ᠨᠡᠶᠢᠭᠡᠮ ᠤᠨ | ᠬᠥᠷᠥᠩᠭᠡ ᠶᠢᠨ ᠣᠷᠣᠯᠴᠠᠬᠤ ᠶᠢ ᠵᠣᠷᠢᠬᠵᠢᠭᠤᠯᠵᠤ᠂ ᠣᠨᠴᠠ ᠵᠥᠪᠰᠢᠶᠡᠷᠡᠯ ᠢᠶᠠᠷ ᠡᠵᠡᠩᠨᠡᠬᠦ᠂ ᠪᠡᠯᠡ | ᠣᠷᠣᠭᠤᠯᠤᠯᠲᠠ ᠪᠠᠷ ᠨᠥᠬᠦᠪᠥᠷᠢ ᠣᠯᠭᠤᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ | ᠠᠷᠭ᠎ᠠ ᠮᠠᠶ᠋ᠢᠭ ᠢ ᠠᠰᠢᠭᠯᠠᠵᠤ᠂ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠬᠦᠷᠢᠶᠡᠨ ᠳᠠᠬᠢ ᠪᠦᠲᠦᠭᠡᠨ ᠪᠠᠶᠢᠭᠤᠯᠤᠯᠲᠠ ᠪᠣᠯᠣᠨ | ᠡᠵᠡᠩᠨᠡᠯᠲᠡ ᠳᠤ ᠠᠷᠠᠣᠨ ᠤᠨ ᠲᠣᠮᠳᠠᠬᠢ ᠭᠦᠷᠣᠩᠭᠡ ᠶᠢ ᠣᠷᠣᠯᠴᠠᠭᠤᠯᠬᠤ ᠪᠠᠷ ᠲᠡᠳᠡᠨ ᠠᠪᠴᠢᠷᠠᠬᠤ ᠬᠡᠷᠩᠳᠠᠢ᠃ | ᠡᠯ᠎ᠡ ᠭᠠᠵᠠᠷ ᠣᠷᠣᠨ ᠨᠤᠭᠤᠳ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ | ᠵᠦᠢᠯ ᠤᠨ ᠪᠡᠯᠡ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ | ᠬᠡᠷᠡᠭᠲᠡᠶ᠃ | ︵ᠭᠤᠷᠪᠠ︶ ᠨᠡᠶᠢᠲᠡᠯᠢᠭ ᠵᠢᠱᠢᠶ᠎ᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠯᠭᠡᠷᠡᠭᠦᠯᠣᠭ᠍ᠰᠡᠨ ᠰᠠᠭᠤᠷᠢᠨ ᠳᠡᠭᠡᠷ᠎ᠡ᠂ ᠰᠠᠭᠤᠷᠢ | ᠨᠥᠬᠦᠴᠡᠯ ᠢᠶᠠᠷ ᠰᠠᠶᠢᠨ᠂ ᠢᠯᠭᠤᠮ ᠲᠣᠳᠣ ᠣᠨᠴᠠᠯᠢᠭ ᠲᠠᠢ᠂ ᠪᠦᠬᠦ ᠣᠷᠣᠨ ᠤ ᠬᠤᠰᠢᠭᠤ ᠰᠢᠶᠠᠨ ︵ᠬᠤᠲᠠ︶ ᠤ | ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠥᠯᠥᠭᠡᠯᠡᠵᠦ ᠴᠢᠳᠠᠬᠤ ᠰᠢᠶᠠᠨ ᠤ ᠬᠤᠲᠠ ᠶᠢ ᠰᠣᠩᠭᠤᠵᠣ᠂ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠥᠷᠨᠢᠭᠦᠯᠣᠭ᠍ᠰᠡᠨ ᠨᠡᠶᠢᠲᠡᠯᠢᠭ ᠵᠢᠱᠢᠶ᠎ᠡ ᠦᠵᠡᠭᠦᠯᠬᠦ ᠬᠤᠰᠢᠭᠤ ᠰᠢᠶᠠᠨ ᠪᠣᠯᠭᠠᠵᠣ᠂ | ᠪᠤᠰᠤᠳ ᠰᠢᠶᠠᠨ ᠤ ᠬᠤᠲᠠ ᠶᠢᠨ ᠬᠠᠷᠢᠯᠴᠠᠨ ᠦᠷᠢᠰᠣᠯᠳᠣᠨ ᠬᠥᠭᠵᠢᠭᠦ ᠶᠢ ᠳᠠᠶᠢᠴᠢᠯᠠᠬᠤ ᠬᠡᠷᠩᠳᠠᠢ᠃ ᠡᠯ᠎ᠡ ᠠᠶᠢᠮᠠᠭ | ᠬᠤᠲᠠ ᠨᠢ ᠵᠢᠱᠢᠶ᠎ᠡ ᠦᠵᠡᠭᠦᠯᠬᠦ ᠪᠠᠷ ᠴᠣᠭᠴᠠᠯᠠᠨ ᠪᠠᠶᠢᠭᠤᠯᠬᠤ ᠬᠤᠰᠢᠭᠤ ᠰᠢᠶᠠᠨ ᠢ ᠲᠡᠳᠬᠦᠨ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠲᠣᠬᠢᠷᠠᠭᠤᠯᠬᠤ᠂ ᠡᠳ᠋ ᠤᠨ ᠵᠠᠰᠠᠭ ᠠᠴᠠ ᠨᠥᠬᠦᠪᠥᠷᠢ ᠥᠭᠬᠦ᠂ ᠬᠡᠷᠡᠭᠯᠡᠬᠦ | ᠭᠠᠵᠠᠷ ᠢ ᠪᠠᠲᠤᠯᠠᠬᠤ᠂ ᠬᠠᠮᠢᠶᠠᠷᠤᠯᠲᠠ ᠦᠢᠯᠡᠴᠢᠯᠡᠭᠡ ᠵᠡᠷᠭᠡ ᠲᠠᠯ᠎ᠠ ᠳᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ | ᠬᠡᠯᠪᠠᠶᠢᠯᠭᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ | ᠰᠢᠶᠠᠨ ᠤ ᠬᠤᠲᠠ ᠶᠢ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠴᠢᠬᠤᠯᠠ ᠠᠵᠢᠯ ᠪᠣᠯᠭᠠᠨ᠂ ᠰᠢᠶᠠᠨ ᠤ | ᠬᠤᠲᠠ ᠶᠢᠨ ᠬᠥᠭᠵᠢᠯᠳᠠ ᠳᠤ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ | ᠪᠦᠷᠢᠯᠳᠣᠭᠦᠯᠵᠣ ᠦᠭᠭᠦ ᠬᠡᠷᠩᠳᠠᠢ᠃ ᠡᠯ᠎ᠡ ᠬᠤᠰᠢᠭᠤ ᠰᠢᠶᠠᠨ ︵ᠬᠤᠲᠠ︶ ᠨᠢ ᠲᠥᠯᠥᠪᠵᠢᠭᠦᠯᠭᠡ ᠪᠠ ᠲᠦᠷᠣᠯ | ᠵᠦᠢᠯ ᠤᠨ ᠲᠣᠬᠢᠷᠠᠭᠤᠯᠣᠯᠳᠠ ᠪᠠᠨ ᠰᠠᠶᠢᠲᠤᠷ ᠬᠢᠵᠦ᠂ ᠬᠡᠰᠡᠭᠷᠡᠭᠰᠡᠨ ᠶᠡᠷᠦᠩᠬᠡᠶ ᠴᠢᠨᠠᠷᠲᠠᠶ ᠲᠦᠷᠣᠯ ᠵᠦᠢᠯ ᠢ ᠠᠷᠭ᠎ᠠ | ᠰᠦᠪᠡᠭᠴᠢᠯᠡᠨ ᠬᠡᠷᠡᠭᠵᠢᠭᠦᠯᠵᠣ᠂ ᠬᠡᠪᠴᠢᠶᠡᠵᠢᠭᠰᠡᠨ ᠦᠷ᠎ᠡ ᠠᠰᠢᠭ ᠢ ᠪᠦᠷᠢᠯᠳᠣᠭᠦᠯᠵᠣ᠂ ᠨᠢᠭᠡ ᠬᠡᠰᠡᠭ ᠢ | ᠥᠭᠡᠷᠡᠴᠢᠯᠡᠪᠡᠯ᠂ ᠨᠢᠭᠡ ᠳᠠᠯ᠎ᠠ ᠶᠢ ᠳᠠᠶᠢᠴᠢᠯᠠᠨ᠂ ᠨᠢᠭᠡ ᠳᠡᠰ ᠳᠡᠪᠰᠢᠭᠦ ᠶᠢ ᠪᠡᠶᠡᠯᠡᠭᠦᠯᠵᠣ᠂ ᠰᠢᠶᠠᠨ ᠤ ᠬᠤᠲᠠ ᠶᠢᠨ | ᠶᠡᠷᠣᠩᠬᠡᠢ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠣ᠂ ᠪᠠᠶᠢᠷᠢᠰᠢᠯ ᠨᠢ ᠵᠦᠶ ᠵᠣᠬᠢᠰᠲᠠᠶ᠂ | ᠪᠡᠯᠡᠣᠡᠭᠡᠮᠵᠢ ᠨᠢ ᠪᠦᠷᠢᠨ ᠲᠡᠭᠦᠯᠳᠡᠷ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠪᠣᠬᠢᠷᠳᠣᠯ ᠦᠭᠡᠢ ᠠᠮᠢ | ᠠᠬᠤᠶ ᠲᠠᠢ᠂ ᠰᠠᠭᠤᠷᠢᠰᠢᠵᠣ ᠠᠵᠢᠯᠯᠠᠬᠤ ᠳᠤ ᠲᠣᠬᠢᠷᠠᠮᠵᠢᠲᠠᠶ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ | ᠰᠢᠶᠠᠨ ᠤ ᠬᠤᠲᠠ ᠶᠢ ᠡᠷᠲᠡᠬᠡᠨ ᠪᠠᠶᠢᠭᠤᠯᠵᠤ ᠪᠦᠳᠦᠬᠡᠬᠦ ᠪᠠᠷ ᠴᠢᠷᠮᠠᠶᠢᠬᠤ | ᠬᠡᠷᠡᠭᠲᠡᠶ᠃ | ︵ᠳᠥᠷᠪᠡ︶ ᠵᠢᠯᠣᠭᠤᠣᠡᠴᠣ ᠰᠢᠯᠭᠠᠨ ᠬᠢᠨᠠᠬᠤ ᠪᠠᠨ ᠴᠢᠩᠭᠠᠳᠬᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠨᠢ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠬᠤ ᠪᠠ ᠪᠡᠶᠡᠴᠢ ᠪᠤᠰᠤᠳᠴᠢ | ᠦᠵᠡᠯᠳᠠ ᠶᠢ ᠤᠶᠠᠯᠳᠤᠭᠤᠯᠬᠤ ᠵᠠᠷᠴᠢᠮ ᠶᠣᠰᠣᠭᠠᠷ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ | ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠰᠢᠯᠭᠠᠨ ᠬᠢᠨᠠᠵᠣ ᠦᠨᠡᠯᠡᠭᠦ ᠠᠷᠭ᠎ᠠ ᠶᠢ | ᠲᠦᠷᠭᠡᠨ ᠰᠤᠳᠤᠯᠵᠣ ᠲᠣᠭᠲᠠᠭᠠᠬᠤ ᠬᠡᠷᠩᠳᠠᠢ᠃ ᠡᠯ᠎ᠡ ᠠᠶᠢᠮᠠᠭ ᠬᠤᠲᠠ ᠨᠤᠭᠤᠳ ᠪᠣᠳᠠᠳᠠᠢ ᠲᠠᠢ ᠪᠠᠨ | ᠤᠶᠠᠯᠳᠤᠭᠤᠯᠤᠨ᠂ ᠬᠤᠰᠢᠭᠤ ᠰᠢᠶᠠᠨ ︵ᠬᠤᠲᠠ︶ ᠤ ᠡᠯ᠎ᠡ ᠵᠦᠢᠯ ᠤᠨ ᠠᠵᠢᠯ ᠢᠶᠠᠨ ᠰᠠᠶᠢᠳᠣᠷ ᠠᠣᠠᠬᠤᠵᠣ | ᠨᠠᠶᠢᠳᠠᠪᠤᠷᠢᠵᠢᠭᠤᠯᠬᠤ ᠶᠢ ᠵᠢᠯᠣᠭᠤᠳᠴᠣ᠂ ᠡᠯ᠎ᠡ ᠵᠦᠢᠯ ᠤᠨ ᠠᠵᠢᠯ ᠤᠨ ᠠᠬᠢᠴᠠ ᠶᠢ ᠮᠥᠷᠳᠡᠨ ᠪᠠᠶᠢᠴᠠᠭᠠᠬᠤ ᠪᠠᠨ | ᠴᠢᠩᠭᠠᠣᠠᠬᠠᠵᠣ᠂ ᠰᠢᠮᠳᠠᠭᠤᠯᠣᠨ ᠪᠠᠶᠢᠴᠠᠭᠠᠵᠣ ᠰᠢᠯᠭᠠᠨ ᠬᠢᠨᠠᠬᠤ ᠶᠢ ᠴᠢᠩᠭᠠᠣᠠᠬᠠᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠥᠷᠨᠢᠭᠦᠯᠵᠦ ᠪᠠᠶᠢᠭ᠎ᠠ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠣᠨ ᠪᠠᠶᠢᠴᠠᠭᠠᠵᠣ ᠰᠢᠯᠭᠠᠨ ᠬᠢᠨᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠡᠯᠡᠭᠦ | ᠬᠡᠷᠡᠭᠲᠡᠶ᠃ | ︵ᠲᠠᠪᠤ︶ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠬᠤ ᠬᠡᠷᠩᠳᠠᠢ᠃ | ᠡᠯ᠎ᠡ ᠭᠠᠵᠠᠷ ᠣᠷᠣᠨ ᠨᠤᠭᠤᠳ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠰᠦᠯᠵᠢᠶ᠎ᠡ ᠵᠡᠷᠭᠡ | ᠣᠯᠠᠨ ᠵᠦᠢᠯ ᠤᠨ ᠵᠠᠭᠤᠴᠢᠯᠠᠭᠤᠷ ᠢ ᠭᠦᠢᠴᠡᠳ ᠬᠡᠷᠡᠭᠯᠡᠨ᠂ ᠣᠯᠠᠨ ᠵᠦᠢᠯ ᠤᠨ ᠬᠡᠯᠪᠡᠷᠢ ᠪᠦᠭᠦᠢ ᠤᠬᠠᠭᠤᠯᠬᠤ | ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠬᠤ | ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠶᠢᠮᠠᠭ ᠬᠤᠲᠠ ᠵᠢᠴᠢ | ᠬᠤᠰᠢᠭᠤ ᠰᠢᠶᠠᠨ ︵ᠬᠤᠲᠠ︶ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠳᠤ ᠴᠢᠭᠯᠡᠭᠦᠯᠣᠭ᠍ᠰᠡᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠣᠯ ᠢ ᠢᠳᠡᠪᠬᠢᠲᠡᠶ ᠥᠷᠨᠢᠭᠦᠯᠵᠦ᠂ ᠣᠯᠠᠨ ᠵᠦᠢᠯ ᠤᠨ ᠬᠡᠯᠪᠡᠷᠢ ᠪᠦᠭᠦᠢ | ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠭᠦᠯᠣᠨ᠂ ᠲᠡᠷᠢᠭᠦᠨ ᠤ ᠮᠤᠵᠢ ︵ᠣᠷᠣᠨ᠂ ᠬᠤᠲᠠ︶ | ᠶᠢᠨ ᠲᠤᠷᠰᠢᠯᠭ᠎ᠠ ᠶᠢ ᠯᠠᠪᠯᠠᠯᠲᠠ ᠪᠣᠯᠭᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠮᠵᠢᠯᠲᠠ ᠣᠯᠣᠭᠰᠠᠨ | ᠨᠡᠶᠢᠲᠡᠯᠢᠭ ᠵᠢᠱᠢᠶ᠎ᠡ ᠶᠢ ᠳᠡᠯᠭᠡᠷᠡᠭᠦᠯᠵᠣ᠂ ᠰᠢᠶᠠᠨ ᠤ ᠬᠤᠲᠠ ᠶᠢ ᠲᠥᠯᠥᠪᠵᠢᠭᠦᠯᠣᠨ ᠪᠦᠲᠦᠭᠡᠨ ᠪᠠᠶᠢᠭᠤᠯᠬᠤ ᠵᠢᠴᠢ | ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠶ ᠳᠡᠭᠡᠭᠰᠢᠯᠡᠭᠦᠯᠵᠣ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ | ᠱᠠᠳᠣᠨ ᠳᠤ ᠭᠠᠷᠭᠠᠬᠤ ᠪᠠᠷ ᠲᠠᠰᠤᠷᠠᠯᠲᠠ ᠦᠭᠡᠶ ᠠᠬᠢᠭᠤᠯᠬᠤ ᠬᠡᠷᠩᠳᠠᠢ᠃ |